ᠬᠤᠰᠢᠭᠤᠨ ᠤ ᠲᠤᠰᠬᠠᠢ ᠰᠤᠷᠭᠠᠨ ᠬᠥᠮᠦᠵᠢᠯ ᠤᠨ ᠵᠢᠯᠤᠭᠤᠳᠬᠤ ᠵᠥᠪᠯᠡᠯ ᠢ  ᠪᠠᠶᠢᠭᠤᠯᠤᠭᠰᠠᠨ ᠲᠤᠬᠠᠢ  ᠮᠡᠳᠡᠭᠳᠡᠯ
ᠨᠡᠶᠢᠲᠡᠯᠡᠭᠰᠡᠨ ᠴᠠᠭ᠄
2024/9/21
      ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠬᠤᠰᠢᠭᠤᠨ ᠤ ᠲᠤᠰᠬᠠᠢ ᠰᠤᠷᠭᠠᠨ ᠬᠥᠮᠦᠵᠢᠯ ᠤᠨ ᠵᠢᠯᠤᠭᠤᠳᠬᠤ ᠵᠥᠪᠯᠡᠯ ᠢ  ᠪᠠᠶᠢᠭᠤᠯᠤᠭᠰᠠᠨ ᠲᠤᠬᠠᠢ ᠮᠡᠳᠡᠭᠳᠡᠯ                              ᠲᠠᠶᠢᠹᠤᠰᠧ ᠵᠠᠰᠠᠭ ᠠᠯᠪᠠᠨ ᠲᠠᠷᠬᠠᠭᠠᠭᠰᠠᠨ ﹇2020﹈ 50 ᠲᠣᠭᠠᠲᠤᠡᠯ᠎ᠡ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂  ᠡᠯ᠎ᠡ ᠪᠠᠶᠢᠭᠤᠯᠭ᠎ᠠ ᠨᠢᠭᠡᠴᠡ᠂ ᠬᠠᠮᠢᠶ᠎ᠠ ᠪᠥᠬᠦᠶ ᠠᠵᠤ ᠠᠬᠤᠶᠢᠯᠠᠯ ᠳᠤ᠄    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ︽ᠲᠤᠰᠬᠠᠢ ᠰᠤᠷᠭᠠᠨ ᠬᠥᠮᠦᠵᠢᠯ ᠤᠨ ᠵᠢᠯᠤᠭᠤᠳᠬᠤ ᠵᠥᠪᠯᠡᠯ ᠢ ᠪᠠᠶᠢᠭᠤᠯᠬᠤ ᠲᠤᠬᠠᠢ ᠮᠡᠳᠡᠭᠳᠡᠯ︾᠎ ᠤᠨ ᠱᠠᠭᠠᠷᠳᠠᠯᠭ᠎ᠠ ᠶᠢ ᠦᠨᠳᠦᠰᠦᠯᠡᠨ᠂ ᠲᠤᠰᠬᠠᠢ ᠰᠤᠷᠭᠠᠨ ᠬᠥᠮᠦᠵᠢᠯ ᠤᠨ ᠠᠵᠢᠯ ᠢ ᠨᠢᠭᠡᠳᠦᠯᠲᠡᠢ ᠲᠥᠯᠥᠪᠯᠡᠨ ᠵᠢᠯᠣᠭᠤᠳᠬᠤ ᠶᠢ ᠤᠯᠠᠮ ᠴᠢᠩᠭᠠᠳᠬᠠᠬᠤ ᠶᠢᠨ ᠲᠥᠯᠥᠭᠡ᠂ ᠬᠤᠰᠢᠭᠤ ᠵᠠᠰᠠᠭ ᠤᠨ ᠣᠷᠳᠣᠨ ᠨᠢ ᠲᠤᠰᠬᠠᠢ ᠰᠤᠷᠭᠠᠨ ᠬᠥᠮᠦᠵᠢᠯ ᠤᠨ ᠵᠢᠯᠤᠭᠤᠳᠬᠤ ᠵᠥᠪᠯᠡᠯ ︵ᠳᠣᠷᠣᠭᠰᠢ ᠵᠥᠪᠯᠡᠯ ᠭᠡᠵᠦ ᠲᠣᠪᠴᠢᠯᠠᠨ᠎ᠠ︶᠎ ᠢ ᠪᠠᠶᠢᠭᠤᠯᠬᠤ ᠪᠠᠷ ᠲᠤᠭᠳᠠᠪᠠ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄    ᠨᠢᠭᠡ᠂ ᠵᠦᠪᠯᠡᠯ ᠤᠨ ᠪᠦᠷᠢᠯᠳᠦᠴᠡ    ᠡᠷᠬᠢᠯᠡᠭᠴᠢ᠄ ᠡᠷᠳᠡᠨᠢᠪᠠᠭᠠᠳᠤᠷ    ᠲᠡᠳ᠋ ᠬᠤᠰᠢᠭᠤ ᠲᠠᠷᠤᠭ᠎ᠠ    ᠳᠡᠳ᠋ ᠡᠷᠬᠢᠯᠡᠭᠴᠢ᠄ ᠶᠠᠩ ᠫᠸᠢ ᠴᠦᠨ   ᠬᠤᠰᠢᠭᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠤᠨ ᠳᠡᠳ᠋ ᠱᠦᠵᠢ                    ᠲᠦᠩ ᠰᠢᠶᠤᠤ ᠵᠢᠶᠦ᠋ᠨ   ᠰᠤᠷᠭᠠᠨ ᠬᠥᠮᠦᠵᠢᠯ ᠤᠨ ᠲᠣᠪᠴᠢᠶᠠᠨ ᠤ ᠳᠠᠷᠤᠭ᠎ᠠ    ᠭᠡᠰᠢᠬᠦᠨ᠄  ᠵᠦ ᠵᠠᠨ ᠵᠢᠶᠦ᠋ᠨ   ᠰᠤᠷᠭᠠᠨ ᠬᠥᠮᠦᠵᠢᠯ ᠤᠨ ᠲᠣᠪᠴᠢᠶᠠᠨ ᠤ  ᠰᠤᠷᠭᠠᠨ ᠬᠦᠮᠦᠵᠢᠯ ᠤᠨ ᠶᠡᠷᠦᠩᠬᠡᠢ ᠬᠢᠨᠠᠨ ᠪᠠᠶᠢᠴᠠᠭᠠᠭᠴᠢ              ᠵᠠᠩ ᠬᠠᠢ    ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ              ᠸᠠᠩ ᠰᠢᠤᠸᠠᠢ ᠶᠠᠨ    ᠠᠷᠠᠳ ᠤᠨ ᠶᠠᠪᠤᠳᠠᠯ ᠤᠨ ᠲᠤᠪᠴᠢᠶᠠᠨ ᠤ ᠲᠡᠳ᠋ ᠲᠠᠷᠤᠭ᠎ᠠ              ᠡᠷᠳᠡᠨᠢᠪᠤᠯᠠᠭ     ᠬᠠᠤᠯᠢ ᠴᠠᠭᠠᠵᠠ ᠶᠢᠨ ᠲᠤᠪᠴᠢᠶᠠᠨ ᠤ ᠲᠡᠳ᠋ ᠲᠠᠷᠤᠭ᠎ᠠ              ᠯᠢᠦᠶ ᠸᠧᠨ ᠰᠢᠨ    ᠡᠳ᠋ ᠤᠨ ᠵᠠᠰᠠᠭ ᠤᠨ ᠲᠤᠪᠴᠢᠶᠠᠨ ᠤ ᠲᠡᠳ᠋ ᠲᠠᠷᠤᠭ᠎ᠠ              ᠸᠠᠩ ᠲᠧᠩ      ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠤᠪᠴᠢᠶᠠᠨ ᠤ ᠲᠡᠳ᠋ ᠲᠠᠷᠤᠭ᠎ᠠ              ᠸᠧᠨ ᠱᠤ᠋ ᠾᠧ    ᠠᠷᠠᠳ ᠤᠨ ᠰᠢᠭᠦᠬᠦ ᠬᠤᠷᠢᠶᠠᠨ ᠤ ᠬᠤᠷᠢᠶᠠᠨ ᠳᠠᠷᠤᠭ᠎ᠠ ᠶᠢᠨ ᠲᠤᠰᠠᠯᠠᠭᠴᠢ              ᠵᠢᠶᠠ ᠢᠦᠢ ᠬᠤᠩ  ᠠᠷᠠᠳ ᠤᠨ ᠪᠠᠶᠢᠴᠠᠭᠠᠬᠤ ᠬᠤᠷᠢᠶᠠᠨ ᠤ ᠲᠡᠳ᠋ ᠪᠠᠶᠢᠴᠠᠭᠠᠭᠴᠢ ᠲᠠᠷᠤᠭ᠎ᠠ              ᠴᠡᠪᠡᠷ        ᠡᠪᠯᠡᠯ ᠤᠨ ᠬᠤᠷᠢᠶᠠᠨ ᠤ ᠳᠡᠳ᠋ ᠱᠦᠵᠢ              ᠭᠦᠸᠧ ᠯᠢ ᠫᠢᠩ    ᠡᠮᠡᠭᠲᠡᠶᠢᠴᠦᠳ ᠤᠨ ᠬᠤᠯᠪᠤᠭᠠᠨ ᠤ ᠳᠡᠳ᠋ ᠲᠡᠷᠢᠭᠦᠯᠡᠭᠴᠢ              ᠪᠠᠢ ᠶᠦᠨ ᠱᠧᠩ    ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ︽ᠲᠠᠪᠤᠨ ᠠᠬᠠᠮᠠᠳ︾ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠳᠠᠷᠤᠭ᠎ᠠ              ᠸᠠᠩ ᠸᠧᠨ ᠵᠢᠶᠧ    ᠵᠢᠭᠠᠨ ᠰᠤᠷᠭᠠᠯᠲᠠ ᠶᠢᠨ ᠰᠤᠳᠤᠯᠭᠠᠨ ᠤ ᠲᠠᠰᠤᠭ ᠤᠨ ᠲᠤᠰᠢᠶᠠᠯ ᠬᠠᠪᠰᠤᠷᠭᠠᠭᠰᠠᠨ ᠡᠷᠡᠭᠦᠯ ᠮᠡᠨᠳᠦ ᠶᠢᠨ ᠵᠢᠭᠠᠨ ᠰᠤᠳᠤᠯᠤᠭᠴᠢ              ᠳ᠋ᠦᠩ ᠶᠢᠩ ᠲᠤᠤ   ᠥᠪᠥᠷ ᠮᠣᠩᠭᠤᠯ ᠤᠨ ᠴᠠᠩ ᠶᠤᠸᠠᠢ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠬᠠᠤᠯᠢᠴᠢ     ᠬᠤᠶᠠᠷ᠂ ᠡᠭᠦᠷᠭᠡ ᠬᠠᠷᠢᠭᠤᠴᠠᠯᠭ᠎ᠠ    ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠲᠤᠰᠬᠠᠶ ᠰᠤᠷᠭᠠᠨ ᠬᠥᠮᠦᠵᠢᠯ ᠤᠨ ᠠᠵᠢᠯ ᠤᠨ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠣᠷᠣᠨ᠂ ᠠᠶᠢᠮᠠᠭ᠂ ᠬᠤᠰᠢᠭᠤᠨ ᠤ ᠬᠠᠮᠢᠶ᠎ᠠ ᠪᠥᠬᠦᠶ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠠᠵᠢᠯ ᠤᠨ ᠭᠤᠤᠯ ᠰᠢᠵᠢᠮ ᠪᠣᠯᠭᠠᠬᠤ ᠶᠢ ᠪᠠᠷᠢᠮᠲᠠᠯᠠᠨ᠂ ᠪᠥᠬᠦ ᠬᠤᠰᠢᠭᠤᠨ ᠤ ᠲᠤᠰᠬᠠᠶ ᠰᠤᠷᠭᠠᠨ ᠬᠥᠮᠦᠵᠢᠯ ᠤᠨ ᠠᠵᠢᠯ ᠪᠠ ᠲᠤᠰᠬᠠᠶ ᠰᠤᠷᠭᠠᠭᠤᠯᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠭᠤᠤᠯᠳᠠᠯᠭ᠎ᠠ ᠲᠠᠢ ᠨᠠᠰᠤᠨ ᠳᠤ ᠥᠯᠥ ᠭᠦᠷᠦᠭᠰᠡᠳ ᠤᠨ ᠲᠤᠰᠬᠠᠶ ᠰᠤᠷᠭᠠᠨ ᠬᠥᠮᠦᠵᠢᠯ ᠤᠨ ᠰᠢᠰᠲ᠋ᠧᠮ ᠢ ᠲᠡᠬᠦᠯᠳᠡᠷᠵᠢᠬᠦᠯᠦᠨ᠂ ᠲᠤᠰᠬᠠᠶ ᠰᠤᠷᠭᠠᠨ ᠬᠥᠮᠦᠵᠢᠯ ᠤᠨ ᠵᠢᠯᠣᠭᠤᠳᠬᠤ ᠠᠵᠢᠯ ᠢ ᠥᠷᠨᠢᠭᠦᠯᠦᠨ᠎ᠡ᠃    ᠭᠤᠷᠪᠠ᠂ ᠠᠵᠢᠯ ᠤᠨ ᠲᠣᠭᠲᠠᠴᠠ    ᠵᠥᠪᠯᠡᠯ ᠤᠨ ᠠᠯᠪᠠᠨ ᠬᠡᠷ ᠢ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠳᠤ ᠲᠤᠬᠢᠷᠠᠭᠤᠯᠪᠠ᠂ ᠠᠯᠪᠠᠨ ᠭᠡᠷ ᠨᠢ ᠵᠥᠪᠯᠡᠯ ᠤᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ  ᠰᠤᠷᠭᠠᠨ ᠬᠥᠮᠦᠵᠢᠯ ᠤᠨ ᠲᠤᠪᠴᠢᠶᠠᠨ ᠤ ᠭᠤᠤᠯ ᠬᠠᠷᠢᠭᠤᠴᠠᠯᠭᠠᠲᠠᠨ ᠬᠠᠪᠰᠤᠷᠭᠠᠨ ᠬᠠᠷᠢᠭᠤᠴᠠᠵᠤ᠂ ᠠᠵᠢᠯᠳᠠᠳ ᠨᠢ ᠬᠠᠮᠢᠶ᠎ᠠ ᠪᠥᠬᠦᠶ ᠨᠢᠭᠡᠴᠡ ᠶᠢᠨ ᠠᠵᠢᠯᠲᠠᠨ ᠢᠶᠠᠷ ᠪᠦᠷᠢᠯᠳᠦᠨ᠎ᠡ᠃ ᠬᠤᠶᠢᠰᠢᠳᠠ ᠬᠤᠰᠢᠭᠤᠨ ᠤ ᠤᠳᠤᠷᠢᠳᠤᠯᠭ᠎ᠠ ᠠᠴᠠ  ᠭᠠᠳᠠᠨᠠᠬᠢ ᠪᠤᠰᠤᠳ ᠭᠡᠰᠢᠬᠦᠳ ᠲᠤ ᠬᠤᠪᠢᠷᠠᠯᠲᠠ ᠭᠠᠷᠪᠠᠯ᠂ ᠵᠥᠪᠯᠡᠯ ᠠᠴᠠ ᠥᠪᠡᠰᠦᠪᠡᠨ ᠲᠤᠬᠢᠷᠠᠭᠤᠯᠤᠨ᠎ᠠ᠂  ᠬᠤᠰᠢᠭᠤ ᠵᠠᠰᠠᠭ ᠤᠨ ᠣᠷᠳᠣᠨ ᠤ ᠠᠯᠪᠠᠨ ᠬᠡᠷ ᠠᠴᠠ ᠠᠰ ᠲᠤᠨᠢ ᠪᠢᠴᠢᠭ ᠮᠠᠲ᠋ᠧᠷᠢᠶᠠᠯ ᠪᠠᠭᠤᠯᠭᠠᠬᠤ ᠥᠬᠡᠶ᠃                                                     ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ                              2024 ᠣᠨ ᠤ 9 ᠰᠠᠷ᠎ᠠ ᠶᠢᠨ 14᠎ ᠤ ᠡᠳᠦᠷ
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号