ᠨᠠᠮᠤᠷ ᠤᠨ ᠤᠯᠠᠷᠢᠯ ᠪᠣᠯ ᠡᠪᠦᠯ ᠤᠨ ᠳᠤᠯᠠᠭᠠᠯᠠᠭ᠎ᠠ ᠶᠢᠨ ᠪᠡᠯᠡᠳᠬᠡᠯ ᠢ ᠬᠢᠬᠦ ᠴᠢᠬᠤᠯᠠ ᠴᠠᠭ ᠮᠥᠴᠡ ᠪᠣᠯᠤᠨ᠎ᠠ᠃ | ᠲᠠᠶᠢᠹᠤᠰᠧ ᠬᠤᠰᠢᠭᠤᠨ ᠤ ᠲᠤᠯᠠᠭᠠᠯᠠᠭ᠎ᠠ ᠶᠢᠨ ᠪᠡᠯᠡᠳᠬᠡᠯ ᠠᠵᠢᠯ 9 ᠰᠠᠷ᠎ᠠ ᠠᠴᠠ ᠡᠬᠢᠯᠡᠭᠡᠳ᠂ ᠡᠯ᠎ᠡ ᠢᠯᠴᠢ | ᠬᠠᠩᠭᠠᠬᠤ ᠠᠵᠤ ᠠᠬᠤᠶᠢᠯᠠᠯ ᠨᠢ ᠲᠥᠬᠦᠭᠡᠷᠦᠮᠵᠢ ᠪᠠᠨ ᠪᠠᠶᠢᠴᠠᠭᠠᠨ ᠵᠠᠰᠠᠬᠤ᠂ ᠨᠡᠬᠦᠷᠡᠰᠦ ᠲᠦᠯᠡᠰᠢ ᠨᠥᠭᠡᠴᠡᠯᠡᠬᠦ | ᠵᠡᠷᠭᠡ ᠡᠯ᠎ᠡ ᠵᠦᠢᠯ ᠤᠨ ᠠᠵᠢᠯ ᠢᠶᠠᠨ ᠪᠠᠴᠢᠮ ᠶᠠᠭᠠᠷᠠᠯᠳᠠᠢ ᠦᠷᠨᠢᠬᠦᠯᠵᠦ᠂ ᠢᠷᠡᠬᠦ ᠡᠪᠦᠯ ᠤᠨ ᠲᠤᠯᠠᠭᠠᠯᠠᠭ᠎ᠠ ᠶᠢᠨ | ᠠᠮᠤᠷ ᠲᠦᠪᠰᠢᠨ ᠪᠠ ᠥᠨᠳᠥᠷ ᠪᠦᠲᠦᠮᠵᠢᠲᠡᠶ ᠪᠠᠶᠢᠬᠤ ᠶᠢ ᠪᠠᠲᠤᠯᠠᠵᠤ᠂ ᠠᠷᠠᠳ ᠢᠷᠭᠡᠳ ᠲᠤ ᠬᠠᠯᠠᠭᠤᠨ | ᠳᠤᠯᠠᠭᠠᠨ ᠤ ᠪᠠᠲᠤᠯᠠᠭ᠎ᠠ ᠬᠠᠩᠭᠠᠬᠤ ᠪᠠᠷ ᠴᠢᠷᠮᠠᠶᠢᠵᠠᠭᠠᠨ᠎ᠠ᠃ ᠣᠶᠢᠷ᠎ᠠ ᠳᠤ᠂ ᠰᠤᠷᠪᠤᠯᠵᠢᠯᠠᠭᠴᠢ ᠱᠧᠨ ᠨᠧᠩ ᠢᠯᠴᠢ | ᠴᠠᠬᠢᠯᠭᠠᠨ ᠤ ᠦᠢᠯᠡᠳᠪᠦᠷᠢ ᠳᠤ ᠬᠦᠷᠬᠦ ᠳᠤ ᠠᠵᠢᠯᠳᠠᠳ ᠶᠠᠭ ᠲᠣᠨᠤᠭ ᠲᠥᠬᠦᠭᠡᠷᠦᠮᠵᠢ ᠪᠠᠨ ᠶᠠᠭᠠᠷᠠᠯᠳᠠᠢ ᠰᠡᠯᠪᠢᠨ | ᠵᠠᠰᠠᠵᠤ ᠪᠠᠶᠢᠭ᠎ᠠ ᠶᠢ ᠣᠯᠵᠤ ᠬᠠᠷᠠᠪᠠ᠃ ᠬᠠᠮᠢᠶ᠎ᠠ ᠪᠥᠬᠦᠶ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ 2023 - | 2024 ᠣᠨ ᠤ ᠳᠤᠯᠠᠭᠠᠯᠠᠭ᠎ᠠ ᠶᠢᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠠᠵᠤ ᠠᠬᠤᠶᠢᠯᠠᠯ ᠨᠢ ᠢᠯᠴᠢ | ᠬᠠᠩᠭᠠᠬᠤ ᠲᠦᠬᠦᠭᠡᠷᠦᠮᠵᠢ ᠶᠢᠨ ᠬᠠᠮᠠᠭᠠᠯᠠᠯᠲᠠ ᠶᠢᠨ ᠠᠵᠢᠯ ᠢ ᠢᠳᠡᠪᠬᠢᠲᠡᠶ ᠠᠬᠢᠭᠤᠯᠤᠨ᠂ ᠳᠤᠯᠠᠭᠠᠯᠠᠭ᠎ᠠ ᠶᠢᠨ | ᠬᠤᠭᠤᠴᠠᠭᠠᠨ ᠤ ᠲᠦᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠢ ᠨᠠᠷᠢᠨ ᠵᠠᠳᠠᠯᠵᠤ᠂ ᠠᠰᠠᠭᠤᠳᠠᠯ ᠤᠨ ᠦᠨᠳᠦᠰᠦ | ᠰᠤᠷᠪᠤᠯᠵᠢ ᠶᠢ ᠡᠷᠢᠵᠦ᠂ ᠢᠯᠴᠢ ᠬᠠᠩᠭᠠᠬᠤ ᠲᠤᠤᠷ ᠬᠤᠭᠤᠯᠠᠶ ᠂ ᠢᠯᠴᠢ ᠬᠠᠩᠭᠠᠬᠤ ᠵᠤᠤᠬ᠎ᠠ ᠵᠢᠴᠢ ᠳᠠᠭᠠᠯᠲᠠ | ᠲᠥᠬᠦᠭᠡᠷᠦᠮᠵᠢ ᠶᠢ ᠪᠥᠬᠦ ᠲᠠᠯ᠎ᠠ ᠪᠠᠷ ᠪᠠᠶᠢᠴᠠᠭᠠᠨ ᠵᠠᠰᠠᠭᠠᠳ᠂ ᠬᠠᠮᠤᠭ ᠤᠨ ᠰᠠᠶᠢᠨ ᠪᠠᠶᠢᠳᠠᠯ ᠢᠶᠠᠷ 2024 - | 2025 ᠣᠨ ᠤ ᠳᠤᠯᠠᠭᠠᠯᠠᠭ᠎ᠠ ᠶᠢᠨ ᠬᠤᠭᠤᠴᠠᠭ᠎ᠠ ᠶᠢ ᠤᠭᠲᠤᠬᠤ ᠪᠠᠷ ᠪᠠᠶᠢᠨ᠎ᠠ ᠬᠡᠯᠡ᠃ ᠣᠶᠢᠯᠠᠭᠠᠭᠰᠠᠨ ᠢᠶᠠᠷ᠂ | ᠱᠧᠨ ᠨᠧᠩ ᠢᠯᠴᠢ ᠴᠠᠬᠢᠯᠭᠠᠨ ᠤ ᠦᠢᠯᠡᠳᠪᠦᠷᠢ ᠶᠢᠨ 1 × 25MW ᠬᠤᠶᠠᠳᠤᠭᠠᠷ ᠬᠤᠭᠤᠴᠠᠭᠠᠨ ᠤ | ᠢᠨᠵᠧᠨᠧᠷᠢᠩ ᠶᠠᠭ ᠲᠣᠭᠲᠠᠭᠤᠨ ᠢᠶᠠᠷ ᠠᠬᠢᠵᠤ᠂ ᠡᠭᠦᠨ ᠳᠤ ᠵᠤᠤᠬ᠎ᠠ ᠶᠢᠨ ᠰᠢᠰᠲ᠋ᠧᠮ ᠨᠢ 2024 ᠣᠨ ᠤ 1 | ᠰᠠᠷ᠎ᠠ ᠶᠢᠨ 15 ᠤ ᠡᠳᠦᠷ ᠲᠤᠷᠰᠢᠨ ᠬᠡᠷᠡᠭᠯᠡᠬᠡᠳ ᠠᠮᠵᠢᠯᠲᠠ ᠤᠯᠵᠠᠢ ᠃ ᠤᠳᠤ ᠲᠤᠰ ᠠᠵᠤ ᠠᠬᠤᠶᠢᠯᠠᠯ ᠤᠨ | ᠬᠢᠨ 150 ᠲᠣᠨ ᠤ ᠵᠤᠤᠬ᠎ᠠ 3 ᠶᠢ ᠤᠭᠰᠠᠷᠠᠵᠤ᠂ 2.5 ᠲᠦᠮᠡᠨ ᠲᠣᠨ ᠨᠡᠭᠦᠷᠡᠰᠦ ᠪᠡᠯᠡᠳᠭᠡᠭᠡᠳ᠂ 10 | ᠰᠠᠷ᠎ᠠ ᠶᠢᠨ 1 ᠤ ᠡᠳᠦᠷ ᠠᠴᠠ ᠲᠤᠭᠳᠠᠭᠰᠠᠨ ᠴᠠᠭ ᠲᠠᠭᠠᠨ ᠢᠯᠴᠢ ᠬᠠᠩᠭᠠᠬᠤ ᠪᠠᠷ ᠲᠥᠯᠥᠪᠯᠡᠵᠦ ᠪᠣᠶ᠃ ᠲᠠᠶᠢᠹᠤᠰᠧ | ᠬᠤᠰᠢᠭᠤᠨ ᠤ ᠬᠢᠨ ᠡᠶᠢᠨ ᠬᠦ᠋ ᠡᠷᠲᠡ ᠪᠠᠢᠷᠢᠯᠠᠭᠤᠯᠵᠤ᠂ ᠡᠷᠲᠡ ᠬᠥᠳᠡᠯᠦᠯᠴᠡᠵᠦ᠂ ᠡᠷᠲᠡ ᠨᠠᠶᠢᠳᠠᠪᠤᠷᠢᠵᠢᠭᠤᠯᠵᠤ᠂ | ᠢᠯᠴᠢ ᠬᠠᠩᠭᠠᠬᠤ ᠲᠥᠬᠦᠭᠡᠷᠦᠮᠵᠢ ᠶᠢᠨ ᠥᠭᠡᠷᠡᠴᠢᠯᠡᠯᠲᠡ ᠶᠢ ᠲᠦᠷᠭᠡᠳᠭᠡᠨ᠂ ᠪᠠᠶᠢᠴᠠᠭᠠᠯᠳᠠ ᠵᠠᠰᠠᠯᠳᠠ᠂ | ᠮᠡᠷᠭᠡᠵᠢᠯ ᠤᠨ ᠵᠢᠯᠣᠭᠤᠳᠤᠯᠭ᠎ᠠ᠂ ᠠᠶᠤᠯᠬᠦᠢ ᠶᠢᠨ ᠬᠢᠨᠠᠯᠲᠠ ᠵᠡᠷᠭᠡ ᠡᠯ᠎ᠡ ᠲᠦᠷᠦᠯ ᠤᠨ ᠪᠠᠳᠤᠯᠠᠭᠠᠨ ᠤ ᠠᠵᠢᠯ ᠢ | ᠢᠳᠡᠪᠬᠢᠲᠡᠢ ᠰᠠᠶᠢᠨ ᠬᠢᠵᠦ᠂ ᠠᠷᠠᠳ ᠤᠯᠠᠨ ᠢ ᠬᠠᠯᠠᠭᠤᠨ ᠳᠤᠯᠠᠭᠠᠨ ᠡᠪᠦᠯᠵᠢᠬᠦᠯᠬᠦ ᠬᠡᠮᠡᠨ ᠪᠦᠬᠦ ᠬᠦᠴᠦᠨ ᠢᠶᠠᠷ | ᠴᠢᠷᠮᠠᠶᠢᠵᠤ ᠪᠤᠢ᠃ |