ᠲᠠᠶᠢᠹᠤᠰᠧ ᠬᠤᠰᠢᠭᠤ ᠬᠦᠯᠦᠰᠦᠨ ᠠᠵᠢᠯᠴᠢᠨ ᠢ ᠬᠠᠯᠠᠮᠵᠢᠯᠠᠨ ᠲᠤᠬᠤᠨᠢᠭᠤᠯᠪᠠ
ᠨᠡᠶᠢᠲᠡᠯᠡᠭᠰᠡᠨ ᠴᠠᠭ᠄
2024/9/23
  9 ᠰᠠᠷ᠎ᠠ ᠶᠢᠨ 22 ᠤᠨ ᠡᠳᠦᠷ ᠪᠣᠯ ︽ᠳᠤᠮᠳᠠᠳᠤ ᠤᠯᠤᠰ ᠤᠨ ᠲᠠᠷᠢᠶᠠᠴᠢᠨ ᠤ ᠡᠯᠪᠡᠭ ᠬᠤᠷᠢᠶᠠᠯᠲᠠ ᠶᠢᠨ ᠪᠠᠶᠠᠷ ︾ ᠪᠤᠯᠤᠨ᠎ᠠ᠂ ᠬᠦᠯᠦᠰᠦᠨ ᠠᠵᠢᠯᠴᠢᠳ ᠤᠨ ᠦᠩᠭᠡ ᠭᠡᠷᠡᠯᠳᠦ ᠰᠡᠳᠬᠢᠯᠭᠡ᠂ ᠠᠵᠠ ᠵᠢᠷᠭᠠᠯᠲᠤ ᠰᠡᠳᠬᠢᠯᠭᠡ ᠪᠠ   ᠬᠠᠨᠤᠮᠵᠢ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠬᠦ ᠶᠢᠨ ᠲᠥᠯᠥᠭᠡ᠂ ᠲᠠᠶᠢᠹᠤᠰᠧ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠨᠢ ︽ᠤᠯᠤᠰ ᠤᠨ ᠪᠠᠶᠠᠷ ᠢ ᠤᠭᠲᠤᠵᠤ᠂ ᠡᠯᠪᠡᠭ ᠬᠤᠷᠢᠶᠠᠯᠲᠠ ᠪᠠᠨ ᠪᠡᠯᠭᠡᠯᠡᠬᠦ︾  ᠬᠦᠯᠦᠰᠦᠨ ᠠᠵᠢᠯᠴᠢᠳ ᠢ ᠬᠠᠯᠠᠮᠵᠢᠯᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠤᠯᠠᠨ ᠤ ᠰᠡᠳᠬᠢᠯ ᠳᠤ ᠬᠦᠷᠭᠡᠪᠡ᠃ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ ᠬᠢᠨ ᠤᠷᠢᠳ ᠬᠤᠵᠢᠳ ᠥᠪᠥᠷ ᠮᠣᠩᠭᠤᠯ ᠤᠨ ᠰᠧ ᠬᠠᠶ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠲᠠᠶᠢᠹᠤᠰᠧ ᠬᠤᠰᠢᠭᠤᠨ ᠤ ᠨᠠᠰᠤᠳᠠᠶᠢᠴᠤᠳ ᠤᠨ ᠠᠰᠠᠷᠠᠮᠵᠢ ᠶᠢᠨ ᠬᠦᠷᠢᠶᠡᠯᠡᠩ᠂ ᠡᠤ ᠹᠧᠩ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ ᠵᠡᠷᠭᠡ ᠳᠤ ᠬᠦᠷᠴᠦ᠂  ᠠᠵᠢᠯᠴᠢᠳ ᠲᠤ 25000 ᠲᠥᠭᠦᠷᠢᠭ ᠤᠨ ᠲᠣᠬᠤᠨᠢᠭᠤᠯᠬᠤ ᠪᠣᠳᠠᠰ ᠬᠦᠷᠭᠡᠭᠰᠡᠨ ᠪᠥᠭᠡᠳ ᠪᠠᠶᠠᠷ ᠤᠨ ᠡᠳᠦᠷ ᠤᠨ ᠮᠡᠨᠳᠦᠴᠢᠯᠡᠯ ᠲᠡᠪᠰᠢᠬᠦᠯᠵᠡᠢ᠃ ᠡᠭᠦᠨ ᠤ ᠬᠠᠮᠲᠤ᠂ ᠠᠵᠢᠯᠴᠢᠳ ᠢ ᠵᠣᠪᠠᠭᠤᠷᠢ ᠵᠦᠳᠡᠭᠦᠷᠢ ᠶᠢ ᠲᠡᠰᠪᠦᠷᠢᠯᠡᠬᠦ᠂ ᠵᠣᠷᠢᠭᠲᠠᠢ ᠪᠠᠷ ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠪᠠᠨ ᠦᠷᠭᠦᠯᠵᠢᠯᠡᠨ ᠪᠠᠳᠠᠷᠠᠭᠤᠯᠵᠤ᠂ ᠲᠠᠶᠢᠹᠤᠰᠧ ᠬᠤᠰᠢᠭᠤᠨ ᠤ ᠡᠯ᠎ᠡ ᠲᠦᠷᠦᠯ ᠤᠨ ᠠᠵᠢᠯ ᠦᠢᠯᠡᠰ ᠤᠨ  ᠴᠤᠭᠴᠠᠯᠠᠯᠳᠠ ᠬᠦᠭᠵᠢᠯᠳᠡ ᠳᠤ ᠢᠳᠡᠪᠬᠢᠲᠡᠢ ᠤᠷᠤᠯᠴᠠᠨ᠂ ᠬᠦᠳᠡᠭᠡ ᠠᠵᠤ ᠠᠬᠤᠢ ᠬᠦᠴᠦᠷᠬᠡᠭ᠂ ᠬᠥᠳᠡᠭᠡ ᠲᠣᠰᠬᠤᠨ ᠰᠠᠶᠢᠬᠠᠨ᠂ ᠮᠠᠯᠴᠢᠨ ᠲᠠᠷᠢᠶᠠᠴᠢᠨ ᠪᠠᠶᠠᠨ ᠴᠢᠨᠡᠭᠡᠯᠢᠭ ᠰᠢᠨ᠎ᠡ ᠬᠠᠷᠢᠭᠤᠯᠲᠠ ᠶᠢᠨ ᠬᠠᠭᠤᠳᠠᠰᠤ ᠶᠢ ᠬᠠᠮᠳᠤ ᠪᠠᠷ ᠪᠢᠴᠢᠭᠯᠡᠳᠦᠬᠡᠢ ᠬᠡᠵᠦ ᠵᠤᠷᠢᠬᠵᠢᠭᠤᠯᠪᠠ᠃ ᠠᠵᠢᠯᠯᠠᠭᠠᠨ ᠤ ᠶᠠᠪᠤᠴᠠ  ᠳᠤ ᠪᠠᠰᠠ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠬᠦᠯᠦᠰᠦᠨ ᠠᠵᠢᠯᠴᠢᠨ ᠤ ᠡᠷᠬᠡ ᠠᠰᠢᠭ ᠢ ᠪᠠᠲᠤᠯᠠᠬᠤ ᠵᠡᠷᠭᠡ ᠬᠠᠮᠢᠶ᠎ᠠ ᠪᠥᠬᠦᠶ ᠬᠠᠤᠯᠢ ᠲᠦᠷᠢᠮ ᠢ  ᠤᠬᠠᠭᠤᠯᠤᠭᠰᠠᠨ ᠪᠠᠶᠢᠯ᠎ᠠ᠃   ᠥᠪᠥᠷ ᠮᠣᠩᠭᠤᠯ ᠤᠨ ᠰᠧ ᠬᠠᠶ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠠᠵᠢᠯᠴᠢᠨ ᠯᠢᠦ ᠶᠦᠩ ᠵᠢᠶᠦ᠋ᠨ᠄ ︽ ᠡᠯᠪᠡᠭ ᠬᠤᠷᠢᠶᠠᠯᠲᠠ ᠶᠢᠨ ᠪᠠᠶᠠᠷ ᠢ ᠲᠤᠬᠢᠶᠠᠯᠳᠤᠭᠤᠯᠵᠤ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠠᠴᠠ ᠮᠠᠨ ᠤ ᠬᠦᠯᠦᠰᠦᠨ ᠠᠵᠢᠯᠴᠢᠳ ᠢ ᠲᠣᠬᠤᠨᠢᠭᠤᠯᠬᠤ ᠪᠠᠷ ᠢᠷᠡᠵᠡᠶ᠂  ᠡᠨᠡ ᠨᠢ ᠪᠢᠳᠡᠨ ᠤ ᠰᠡᠳᠬᠢᠯ ᠳᠤ ᠮᠠᠰᠢ ᠬᠠᠯᠠᠭᠤᠬᠠᠨ ᠰᠠᠨᠠᠭᠳᠠᠨ᠎ᠠ᠂ ᠬᠤᠶᠢᠰᠢᠳᠠ ᠥᠪᠡᠷ ᠤᠨ ᠲᠤᠬᠠᠶᠢᠯᠠᠭᠰᠠᠨ ᠠᠵᠢᠯ ᠢᠶᠠᠨ ᠤᠯᠠᠮ ᠰᠠᠶᠢᠨ ᠬᠢᠵᠦ᠂ ᠨᠤᠲᠤᠭ ᠤᠰᠤᠨ ᠤ ᠪᠠᠨ ᠴᠤᠭᠴᠠᠯᠠᠯᠳᠠ ᠬᠦᠭᠵᠢᠯᠳᠡ ᠶᠢᠨ ᠦᠢᠯᠡᠰ ᠲᠤ ᠢᠳᠡᠪᠬᠢᠳᠡᠢ ᠤᠷᠤᠯᠴᠠᠨ᠎ᠠ︾  ᠃    ᠡᠨᠡ ᠤᠳᠠᠭᠠᠨ ᠤ ᠲᠤᠬᠤᠨᠢᠭᠤᠯᠭ᠎ᠠ ᠪᠠᠷ ᠲᠠᠮᠵᠢᠭᠠᠳ᠂ ᠠᠵᠢᠯᠴᠢᠨ ᠤ ᠡᠪᠯᠡᠯ ᠤᠨ ᠠᠵᠢᠯᠴᠢᠳ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠶᠢᠨ ᠦᠢᠯᠡᠳᠦᠯ ᠢ ᠤᠯᠠᠮ ᠰᠠᠶᠢᠨ ᠪᠠᠳᠠᠷᠠᠭᠤᠯᠵᠤ᠂ ᠥᠷᠭᠡᠨ ᠣᠯᠠᠨ ᠬᠦᠯᠦᠰᠦᠨ ᠠᠵᠢᠯᠴᠢᠳ ᠢ ᠵᠢᠯᠤᠭᠤᠳᠤᠨ ︽ᠨᠠᠮ ᠤᠨ ᠢᠶᠠᠨ ᠠᠴᠢ ᠳᠤ ᠲᠠᠯᠠᠷᠬᠠᠵᠤ᠂ ᠨᠠᠮ ᠤᠨ ᠢᠶᠠᠨ ᠦᠬᠡ ᠶᠢ ᠰᠤᠨᠤᠰᠤᠨ᠂ ᠨᠠᠮ ᠢᠶᠠᠨ ᠲᠠᠭᠠᠵᠤ ᠤᠷᠤᠭᠰᠢᠯᠠᠬᠤ︾ ᠢᠳᠡᠭᠡᠯ ᠵᠤᠷᠢᠭ ᠢ ᠨᠢ ᠬᠦᠪᠴᠢᠯᠡᠵᠦ᠂  ᠬᠦᠳᠡᠯᠮᠦᠷᠢᠴᠢᠨ ᠲᠦᠮᠡᠨ ᠤ ᠰᠢᠨ᠎ᠡ ᠴᠠᠭ ᠦᠶ᠎ᠡ ᠳᠤ ᠵᠢᠳᠬᠦᠯ ᠴᠢᠷᠮᠠᠶᠢᠯᠭ᠎ᠠ ᠭᠠᠷᠭᠠᠬᠤ  ᠬᠠᠯᠠᠭᠤᠨ ᠰᠡᠳᠬᠢᠯᠭᠡ ᠶᠢ ᠨᠡᠮᠡᠭᠳᠡᠬᠦᠯᠦᠭᠰᠡᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号