ᠳᠤᠯᠠᠭᠠᠯᠠᠭ᠎ᠠ ᠶᠢᠨ ᠠᠵᠢᠯ ᠳᠤ ᠬᠢᠨᠠᠯᠲᠠ ᠲᠠᠯᠪᠢᠬᠤ ᠤᠲᠠᠰᠤ ᠪᠠ ᠢᠯᠴᠢ ᠬᠠᠩᠭᠠᠬᠤ ᠠᠵᠤ ᠠᠬᠤᠶᠢᠯᠠᠯ ᠤᠨ ᠦᠢᠯᠡᠴᠢᠯᠡᠭᠡᠨ ᠤ ᠤᠲᠠᠰᠤ ᠶᠢ ᠨᠡᠶᠢᠳᠡᠯᠡᠭᠰᠡᠨ ᠵᠠᠷᠯᠠᠯ
ᠨᠡᠶᠢᠲᠡᠯᠡᠭᠰᠡᠨ ᠴᠠᠭ᠄
2024/9/23
   ᠲᠤᠯᠠᠭᠠᠯᠠᠭ᠎ᠠ ᠶᠢᠨ ᠠᠰᠠᠭᠤᠳᠠᠯ ᠤᠨ ᠲᠤᠬᠠᠢ ᠠᠰᠠᠭᠤᠨ ᠯᠠᠪᠯᠠᠬᠤ ᠪᠠ ᠲᠤᠰᠬᠠᠨ ᠮᠡᠳᠡᠬᠦᠯᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠲᠤᠯᠠᠭᠠᠯᠠᠭ᠎ᠠ ᠶᠢᠨ ᠠᠰᠠᠭᠤᠳᠠᠯ ᠢ ᠴᠠᠭ ᠲᠤᠬᠠᠶ ᠳᠤᠨᠢ ᠪᠦᠲᠦᠮᠵᠢᠲᠡᠶ ᠰᠢᠢᠳᠪᠦᠷᠢᠯᠡᠨ᠂ ᠣᠯᠠᠨ ᠲᠦᠮᠡᠨ ᠢ ᠬᠠᠯᠠᠭᠤᠨ ᠳᠤᠯᠠᠭᠠᠨ ᠡᠪᠦᠯᠵᠢᠬᠦᠯᠬᠦ ᠶᠢᠨ ᠬᠠᠮᠲᠤ᠂ ᠢᠯᠴᠢ ᠬᠠᠩᠭᠠᠬᠤ ᠨᠢᠭᠡᠴᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠤᠲᠠ ᠪᠠᠯᠭᠠᠰᠤᠨ ᠤ ᠢᠯᠴᠢ ᠬᠠᠩᠭᠠᠬᠤ ᠠᠵᠢᠯ ᠤᠨ ᠠᠮᠤᠷ ᠲᠣᠭᠲᠠᠭᠤᠨ ᠢᠶᠠᠷ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠮᠠᠨ ᠤ ᠬᠤᠰᠢᠭᠤ ᠨᠢ 24 ᠴᠠᠭ ᠤᠨ ᠬᠢᠨᠠᠯᠲᠠ ᠲᠠᠯᠪᠢᠵᠤ ᠲᠤᠰᠬᠠᠨ ᠮᠡᠳᠡᠬᠦᠯᠬᠦ ᠤᠲᠠᠰᠤ ᠪᠠ ᠦᠢᠯᠡᠴᠢᠯᠡᠭᠡᠨ ᠤ ᠤᠲᠠᠰᠤ ᠶᠢ ᠲᠤᠬᠢᠷᠠᠭᠤᠯᠵᠠᠢ᠃ ᠥᠷᠭᠡᠨ ᠣᠯᠠᠨ ᠰᠠᠭᠤᠭᠠᠯᠢ ᠠᠷᠠᠳ ᠲᠤᠯᠠᠭᠠᠯᠠᠭ᠎ᠠ ᠶᠢᠨ ᠠᠰᠠᠭᠤᠳᠠᠯ ᠲᠤᠯᠭᠠᠷᠠᠪᠠᠯ ᠴᠠᠭ ᠲᠤᠬᠠᠶ ᠳᠤᠨᠢ ᠤᠳᠠᠰᠤᠳᠠᠭᠠᠷᠠᠢ᠂ ᠠᠵᠢᠯᠲᠠᠳ 24 ᠴᠠᠭ ᠤᠨ ᠳᠣᠲᠣᠷ᠎ᠠ ᠬᠠᠷᠢᠭᠤᠯᠳᠠ ᠦᠭᠬᠦ ᠪᠤᠶᠤ ᠬᠡᠷ ᠲᠤᠨᠢ ᠬᠦᠷᠴᠦ ᠰᠡᠯᠪᠢᠨ ᠵᠠᠰᠠᠬᠤ ᠦᠢᠯᠡᠴᠢᠯᠡᠭᠡ ᠬᠠᠩᠭᠠᠵᠤ᠂  ᠠᠰᠠᠭᠤᠳᠠᠯ ᠢ ᠰᠢᠢᠳᠪᠦᠷᠢᠯᠡᠬᠦ  ᠪᠤᠯᠤᠨ᠎ᠠ᠃     ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠢᠯᠴᠢ ᠬᠠᠩᠭᠠᠬᠤ ᠠᠯᠪᠠᠨ ᠭᠡᠷ᠄ 0479 - 2265511     ᠵᠦᠩ ᠰᠦ ᠢᠯᠴᠢ ᠬᠠᠩᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ 13847905107 ︵ᠠᠵᠢᠯᠳᠠᠨ ᠭᠦᠸᠧ ᠱᠦᠨ 19204791170︶     ᠰᠢᠨ ᠭᠠᠩ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ 15048973667 ︵ᠠᠵᠢᠯᠳᠠᠨ ᠸᠧᠨ ᠵᠢᠶᠠᠨ ᠫᠢᠩ15047986010︶     ᠱᠧᠨ ᠨᠧᠩ ᠤᠮᠠᠷᠠᠲᠤ ᠶᠢᠨ ᠡᠨᠧᠷᠭᠢ ᠶᠢᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ 18047991313 ︵ᠠᠵᠢᠯᠳᠠᠨ ᠾᠧ ᠢᠦᠶ ᠴᠢᠩ 13514790976︶     ᠢᠯᠴᠢ ᠬᠠᠩᠭᠠᠬᠤ ᠠᠴᠠ ᠡᠮᠦᠨ᠎ᠡ ᠠᠩᠬᠠᠷᠬᠤ ᠵᠦᠢᠯ᠄     1. ᠬᠡᠷᠡᠭᠯᠡᠭᠴᠢᠳ ᠬᠢᠨᠠᠯᠲᠠ ᠲᠠᠯᠪᠢᠬᠤ ᠤᠲᠠᠰᠤ ᠪᠠ ᠦᠢᠯᠡᠴᠢᠯᠡᠭᠡᠨ ᠤ ᠤᠲᠠᠰᠤ ᠶᠢ ᠮᠡᠳᠡᠵᠦ᠂ ᠠᠰᠠᠭᠤᠳᠠᠯ ᠲᠤᠯᠭᠠᠷᠠᠪᠠᠯ  ᠰᠢᠭᠤᠳ ᠤᠲᠠᠰᠤᠳᠠᠨ᠎ᠠ᠃     2 .ᠢᠯᠴᠢ ᠬᠠᠩᠭᠠᠬᠤ ᠠᠴᠠ ᠡᠮᠦᠨ᠎ᠡ᠂ ᠬᠡᠷᠡᠭᠯᠡᠭᠴᠢᠳ ᠥᠪᠡᠷ ᠤᠨ ᠳᠤᠯᠠᠭᠠᠯᠠᠭ᠎ᠠ ᠶᠢᠨ ᠲᠥᠬᠦᠭᠡᠷᠦᠮᠵᠢ ᠪᠠᠨ ᠪᠥᠬᠦ ᠲᠠᠯ᠎ᠠ ᠪᠠᠷ ᠪᠠᠶᠢᠴᠠᠭᠠᠨ ᠦᠵᠡᠵᠦ᠂ ᠤᠰᠤ ᠭᠤᠭᠤᠵᠢᠬᠤ ᠦᠵᠡᠭᠳᠡᠯ ᠭᠠᠷᠪᠠᠯ ᠴᠠᠭ ᠲᠤᠬᠠᠶ ᠳᠤᠨᠢ ᠨᠡᠭᠡᠯᠡᠬᠡᠢ ᠶᠢ ᠬᠠᠭᠠᠬᠤ ᠶᠢᠨ ᠬᠠᠮᠲᠤ ᠲᠤᠰᠬᠠᠶ ᠠᠵᠢᠯᠲᠠᠨ ᠢ ᠡᠷᠢᠵᠦ ᠰᠡᠯᠪᠢᠨ ᠵᠠᠰᠠᠭᠤᠯᠬᠤ ᠭᠡᠷᠡᠭᠳᠡᠢ᠃  ᠬᠠᠮᠳᠤ ᠶᠢᠨ ᠲᠦᠬᠦᠭᠡᠷᠦᠮᠵᠢ ᠳᠤ ᠠᠰᠠᠭᠤᠳᠠᠯ ᠭᠠᠷᠤᠭᠰᠠᠨ ᠪᠤᠯ ᠴᠠᠭ ᠲᠤᠬᠠᠶ ᠳᠤᠨᠢ ᠰᠠᠭᠤᠭᠠᠯᠢ ᠲᠤᠭᠤᠷᠢᠭ ᠤᠨ ᠢᠶᠠᠨ ᠠᠳᠠᠯ ᠠᠬᠤᠶ ᠶᠢᠨ ᠦᠢᠯᠡᠴᠢᠯᠡᠭᠡᠨ ᠤ ᠭᠠᠵᠠᠷ ᠪᠤᠶᠤ ᠢᠯᠴᠢ ᠬᠠᠩᠭᠠᠬᠤ ᠺᠣᠮᠫᠠᠨᠢ ᠳᠤ ᠮᠡᠳᠡᠭᠳᠡᠵᠦ ᠰᠡᠯᠪᠢᠨ ᠵᠠᠰᠠᠭᠤᠯᠬᠤ ᠬᠡᠷᠡᠭᠲᠡᠶ᠃     3. ᠬᠡᠷ ᠤᠨ ᠳᠤᠯᠠᠭᠠᠨ ᠤ ᠬᠡᠮᠵᠢᠶ᠎ᠡ ᠪᠠᠷᠢᠮᠵᠢᠶ᠎ᠠ ᠳᠤ ᠬᠦᠷᠬᠦ ᠦᠭᠡᠢ ᠪᠣᠯ ᠢᠯᠴᠢ ᠬᠠᠩᠭᠠᠬᠤ ᠺᠣᠮᠫᠠᠨᠢ ᠳᠤ ᠴᠠᠭ ᠲᠤᠬᠠᠢ ᠳᠤ ᠨᠢ ᠮᠡᠳᠡᠭᠳᠡᠵᠦ ᠳᠤᠯᠠᠭᠠᠨ ᠢ ᠬᠡᠮᠵᠢᠬᠦᠯᠦᠨ ᠰᠢᠯᠲᠠᠭᠠᠨ ᠢ ᠨᠢ ᠡᠷᠢᠬᠦ ᠶᠢᠨ ᠬᠠᠮᠲᠤ ᠰᠡᠯᠪᠢᠨ ᠵᠠᠰᠠᠭᠤᠯᠤᠨ᠎ᠠ     4. ᠬᠡᠷ ᠲᠡᠭᠡᠨ ᠬᠥᠮᠦᠨ ᠥᠬᠡᠶ ᠦᠶ᠎ᠡ ᠳᠤ ᠬᠠᠷᠢᠯᠴᠠᠬᠤ ᠠᠷᠭ᠎ᠠ ᠪᠠᠨ ᠬᠥᠷᠰᠢ ᠵᠡᠷᠭᠡᠯᠡᠳᠡᠭᠡ ᠪᠤᠶᠤ ᠢᠯᠴᠢ ᠬᠠᠩᠭᠠᠬᠤ ᠺᠣᠮᠫᠠᠨᠢ ᠳᠤ ᠮᠡᠳᠡᠭᠳᠡᠵᠦ᠂ ᠪᠠᠴᠢᠮ ᠪᠠᠶᠢᠳᠠᠯ ᠭᠠᠷᠪᠠᠯ ᠲᠠᠷᠤᠢ ᠲᠦᠷᠭᠡᠨ ᠬᠠᠷᠢᠯᠴᠠᠵᠤ ᠰᠢᠢᠳᠪᠦᠷᠢᠯᠡᠬᠦ ᠳᠤ ᠲᠥᠬᠦᠮ ᠦᠵᠡᠬᠦᠯᠬᠦ ᠭᠡᠷᠡᠭᠳᠡᠢ᠃     5. ᠠᠵᠤ ᠠᠬᠤᠶᠢᠯᠠᠯ ᠤᠨ ᠤᠰᠤ ᠣᠷᠣᠭᠤᠯᠬᠤ ᠮᠡᠳᠡᠭᠳᠡᠯ ᠢ ᠠᠩᠬᠠᠷᠤᠨ ᠦᠵᠡᠵᠦ᠂ ᠤᠰᠤ ᠤᠷᠤᠭᠤᠯᠬᠤ ᠬᠤᠭᠤᠴᠠᠭᠠᠨ ᠳᠤ ᠭᠡᠷ ᠲᠡᠭᠡᠨ ᠬᠥᠮᠦᠨ ᠲᠠᠢ ᠪᠠᠶᠢᠬᠤ ᠶᠢ ᠪᠠᠳᠤᠯᠠᠨ᠂ ᠬᠡᠷᠪᠡ ᠤᠰᠤ ᠭᠤᠭᠤᠵᠢᠬᠤ ᠦᠵᠡᠭᠳᠡᠯ ᠭᠠᠷᠪᠠᠯ  ᠨᠡᠭᠡᠯᠡᠬᠡᠶ ᠶᠢ ᠲᠠᠷᠤᠶᠢᠬᠠᠨ ᠬᠠᠭᠠᠵᠤ᠂ ᠪᠠᠴᠢᠮ ᠪᠠᠶᠢᠳᠠᠯ ᠲᠠᠢ ᠪᠤᠯ  ᠢᠯᠴᠢ ᠬᠠᠩᠭᠠᠬᠤ ᠠᠵᠤ ᠠᠬᠤᠶᠢᠯᠠᠯ ᠲᠠᠢ ᠬᠠᠷᠢᠯᠴᠠᠵᠤ ᠪᠣᠯᠤᠨ᠎ᠠ᠃                                    ᠲᠠᠶᠢᠹᠤᠰᠧ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ                      ᠪᠦᠲᠦᠭᠡᠨ ᠪᠠᠶᠢᠭᠤᠯᠤᠯᠳᠠ ᠶᠢᠨ ᠲᠣᠪᠴᠢᠶ᠎ᠠ                          2024 ᠤᠨ ᠤ 9 ᠰᠠᠷ᠎ᠠ ᠶᠢᠨ 20 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号