ᠲᠠᠶᠢᠹᠤᠰᠧ ᠬᠤᠰᠢᠭᠤ ᠠᠬᠠᠮᠠᠳ ᠺᠠᠳ᠋ᠷ ᠠᠵᠢᠯᠲᠠᠨ ᠤ ᠫᠢᠩᠫᠠᠩ ᠪᠥᠮᠪᠦᠭᠡ ᠶᠢᠨ ᠤᠷᠤᠯᠳᠤᠭᠠᠨ ᠶᠠᠪᠤᠭᠤᠯᠪᠠ
ᠨᠡᠶᠢᠲᠡᠯᠡᠭᠰᠡᠨ ᠴᠠᠭ᠄
2024/9/24
   ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠵᠦ᠂ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠤᠨ᠂ ᠥᠷᠭᠡᠨ ᠣᠯᠠᠨ ᠠᠬᠠᠮᠠᠳ ᠺᠠᠳ᠋ᠷ ᠠᠵᠢᠯᠲᠠᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ 9 ᠰᠠᠷ᠎ᠠ ᠶᠢᠨ 22᠎ ᠤᠨ ᠡᠳᠦᠷ ᠲᠠᠶᠢᠹᠤᠰᠧ ᠬᠤᠰᠢᠭᠤ ᠨᠢ ︽ᠤᠯᠤᠰ ᠤᠨ ᠪᠠᠶᠠᠷ ᠢᠶᠠᠨ ᠤᠭᠲᠤᠬᠤ︾  ᠠᠬᠠᠮᠠᠳ ᠺᠠᠳ᠋ᠷ ᠠᠵᠢᠯᠲᠠᠨ ᠤ ᠫᠢᠩᠫᠠᠩ ᠪᠥᠮᠪᠦᠭᠡ ᠶᠢᠨ ᠤᠷᠤᠯᠳᠤᠭᠠᠨ ᠶᠠᠪᠤᠭᠤᠯᠵᠠᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢ ᠱᠣᠤ ᠯᠢᠨ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠢ ᠵᠢᠦ ᠴᠧᠩ ᠱᠠᠩᠨᠠᠯ ᠣᠯᠭᠤᠬᠤ ᠶᠣᠰᠣᠯᠠᠯ ᠳᠤ ᠣᠷᠣᠯᠴᠠᠪᠠ᠃  ᠡᠨᠡ ᠤᠳᠠᠭᠠᠨ ᠤ ᠠᠵᠢᠯᠯᠠᠭ᠎ᠠ ᠳᠤ ᠪᠥᠬᠦ ᠬᠤᠰᠢᠭᠤᠨ ᠤ ᠡᠯ᠎ᠡ ᠠᠵᠤ ᠠᠬᠤᠶᠢᠯᠠᠯ᠂  ᠪᠠᠶᠢᠭᠤᠯᠭ᠎ᠠ ᠨᠢᠭᠡᠴᠡ ᠠᠴᠠ ᠢᠷᠡᠭᠰᠡᠨ 16 ᠲᠥᠯᠥᠭᠡᠯᠡᠭᠴᠢᠳ ᠤᠨ ᠠᠩᠭᠢ ᠶᠢᠨ 60 ᠭᠠᠷᠤᠶ ᠲᠠᠮᠢᠷᠴᠢᠨ ᠨᠡᠷ᠎ᠡ ᠮᠡᠳᠡᠬᠦᠯᠵᠦ ᠤᠷᠤᠯᠴᠠᠭᠰᠠᠨ ᠪᠠᠶᠢᠨ᠎ᠠ᠃     ᠤᠷᠤᠯᠴᠠᠭᠴᠢ ᠬᠠᠨ ᠴᠢᠤᠸᠠᠨ ᠪᠦᠦ᠄ ︽ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠠᠴᠠ ᠪᠢᠳᠡᠨ ᠲᠠᠮᠢᠷ ᠤᠨ ᠤᠷᠤᠯᠳᠤᠭᠠᠨ ᠳᠤ ᠤᠷᠤᠯᠴᠠᠵᠤ ᠮᠡᠷᠭᠡᠵᠢᠯ ᠲᠤᠷᠰᠢᠯᠭ᠎ᠠ ᠪᠠᠨ ᠰᠣᠯᠢᠯᠴᠠᠬᠤ ᠰᠠᠶᠢᠬᠠᠨ ᠲᠣᠬᠢᠶᠠᠯ  ᠎ ᠢ  ᠬᠠᠩᠭᠠᠯ᠎ᠠ᠂ ᠬᠤᠶᠢᠰᠢᠳᠠ ᠡᠶᠢᠮᠦᠷᠬᠦ ᠰᠣᠯᠢᠯᠴᠠᠭᠠᠨ ᠤ ᠠᠵᠢᠯᠯᠠᠭ᠎ᠠ ᠶᠢ ᠢᠯᠡᠭᠦᠬᠡᠨ ᠥᠷᠨᠢᠭᠦᠯᠬᠦ ᠶᠢ ᠬᠦᠰᠡᠵᠦ ᠪᠠᠶᠢᠨ᠎ᠠ︾  ᠃     ᠣᠷᠤᠯᠴᠠᠭᠴᠢ ᠭᠤᠤ ᠵᠢᠶᠠᠨ ᠫᠢᠩ᠄ ︽ᠡᠨᠡ ᠤᠳᠠᠭᠠᠨ ᠤ ᠠᠵᠢᠯᠯᠠᠭ᠎ᠠ ᠳᠤ ᠤᠷᠤᠯᠴᠠᠵᠤ ᠪᠦᠮᠪᠦᠭᠡ ᠶᠢᠨ ᠮᠡᠷᠭᠡᠵᠢᠯ ᠢᠶᠠᠨ ᠬᠠᠷᠢᠯᠴᠠᠨ ᠰᠤᠷᠤᠯᠴᠠᠵᠤ ᠬᠠᠷᠢᠯᠴᠠᠨ ᠰᠤᠯᠢᠯᠴᠠᠭᠠᠳ᠂ ᠭᠠᠷᠠᠭ ᠤᠨ ᠰᠡᠭᠦᠯᠴᠢ ᠪᠠᠨ ᠪᠠᠶᠠᠷ ᠪᠠᠶᠠᠰᠤᠯ ᠲᠠᠢ ᠪᠠᠷ  ᠦᠩᠬᠡᠷᠡᠬᠦᠯᠦᠭᠰᠡᠨ᠃ ᠡᠨᠡ ᠨᠢ ᠪᠢᠳᠡᠨ ᠤ ᠪᠡᠶ᠎ᠡ ᠮᠠᠬᠠᠪᠤᠳ ᠢ ᠪᠣᠯᠪᠠᠰᠤᠷᠠᠭᠤᠯᠤᠭᠰᠠᠨ ᠢᠶᠠᠷ ᠪᠠᠷᠠᠬᠤ ᠦᠭᠡᠢ ᠠᠵᠢᠯ ᠤᠨ ᠴᠢᠯᠦᠭᠡᠨ ᠤ ᠠᠮᠢᠳᠤᠷᠠᠯ ᠢ ᠪᠠᠶᠠᠯᠢᠭᠵᠢᠭᠤᠯᠵᠠᠢ︾  ᠃     ᠡᠨᠡ ᠤᠳᠠᠭᠠᠨ ᠤ ᠤᠷᠤᠯᠳᠤᠭᠠᠨ ᠢ ᠲᠠᠶᠢᠹᠤᠰᠧ ᠬᠤᠰᠢᠭᠤᠨ ᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ᠂ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠠᠵᠢᠯᠴᠢᠨ ᠤ ᠶᠡᠷᠦᠩᠬᠡᠶ ᠡᠪᠯᠡᠯ  ᠎ ᠠᠴᠠ ᠬᠠᠮᠲᠤᠷᠠᠨ ᠡᠷᠭᠢᠯᠡᠵᠦ᠂ ᠫᠢᠩᠫᠠᠩ ᠪᠥᠮᠪᠦᠭᠡ ᠶᠢᠨ ᠪᠠᠭ᠋ᠠᠳᠠᠳ ᠲᠤ ᠤᠷ᠎ᠠ ᠮᠡᠷᠭᠡᠵᠢᠯ ᠢᠶᠠᠨ ᠬᠠᠷᠠᠭᠤᠯᠬᠤ᠂ ᠬᠠᠶᠢᠷ᠎ᠠ ᠰᠡᠳᠬᠢᠯᠭᠡ ᠪᠠᠨ ᠨᠡᠮᠡᠭᠳᠡᠭᠦᠯᠬᠦ᠂ ᠬᠠᠷᠢᠯᠴᠠᠨ ᠰᠣᠯᠢᠯᠴᠠᠬᠤ ᠲᠠᠪᠴᠠᠩ ᠢ ᠬᠠᠩᠭᠠᠪᠠ᠃ ᠲᠠᠷᠠᠭᠠᠴᠢ ᠪᠠᠷ᠂ ᠲᠠᠶᠢᠹᠤᠰᠧ ᠬᠤᠰᠢᠭᠤᠨ ᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠨᠢ ᠦᠳᠡᠯᠦᠭᠰᠡᠨ ᠴᠤ ᠰᠤᠷᠬᠤ ᠶᠠᠭᠤᠮ᠎ᠠ ᠲᠠᠢ᠂ ᠦᠳᠡᠯᠦᠭᠰᠡᠨ ᠴᠤ ᠬᠢᠬᠦ ᠠᠵᠢᠯ ᠲᠠᠢ᠂ ᠦᠳᠡᠯᠦᠭᠰᠡᠨ ᠴᠤ ᠪᠠᠶᠠᠷ ᠴᠡᠩᠭᠡᠯ ᠲᠠᠢ ᠪᠠᠶᠢᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠰᠤᠲᠠᠶᠢᠴᠤᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠳᠤ ᠠᠰᠢᠭᠲᠠᠢ ᠡᠯ᠎ᠡ ᠲᠥᠷᠥᠯ ᠤᠨ ᠰᠣᠶᠣᠯ ᠲᠠᠮᠢᠷ ᠤᠨ ᠠᠵᠢᠯᠯᠠᠭ᠎ᠠ ᠶᠢ ᠢᠳᠡᠪᠬᠢᠲᠡᠢ ᠦᠷᠨᠢᠬᠦᠯᠦᠨ᠂ ᠥᠷᠭᠡᠨ ᠣᠯᠠᠨ ᠨᠠᠰᠤᠲᠠᠶᠢᠴᠤᠳ ᠎ ᠲᠤ ᠥᠪᠡᠷ ᠢ ᠪᠠᠨ ᠢᠯᠡᠷᠡᠭᠦᠯᠬᠦ  ᠪᠠ ᠮᠡᠷᠭᠡᠵᠢᠯ ᠢᠶᠠᠨ ᠰᠣᠯᠢᠯᠴᠠᠬᠤ ᠲᠠᠪᠴᠠᠩ ᠬᠠᠩᠭᠠᠵᠤ᠂  ᠢᠳᠡᠷᠴᠤᠳ ᠨᠠᠰᠤᠳᠠᠶᠢᠴᠤᠳ ᠤᠨ ᠪᠡᠶ᠎ᠡ ᠶᠢᠨ ᠲᠠᠮᠢᠷ ᠤᠨ ᠦᠢᠯᠡᠰ ᠤᠨ ᠲᠠᠰᠤᠷᠠᠯᠲᠠ ᠦᠭᠡᠢ ᠬᠥᠭᠵᠢᠬᠦ ᠶᠢ ᠠᠬᠢᠭᠤᠯᠬᠤ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号