ᠠᠯᠪᠠᠳᠠᠯᠭ᠎ᠠ ᠪᠠᠷ ᠬᠡᠷᠡᠭᠵᠢᠭᠦᠯᠦᠨ᠎ᠡ︕ ᠠᠮᠤᠷ ᠲᠦᠪᠰᠢᠨ ᠲᠠᠢ ᠴᠢᠨᠢ ᠬᠤᠯᠪᠣᠭᠳᠠᠨ᠎ᠠ︕
ᠨᠡᠶᠢᠲᠡᠯᠡᠭᠰᠡᠨ ᠴᠠᠭ᠄
2024/9/24
  ᠣᠶᠢᠷ᠎ᠠ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠲᠦᠭᠰᠢᠭᠦᠷᠢ ᠪᠠᠷ ᠨᠡᠯᠢᠶᠡᠳ ᠥᠨᠳᠥᠷ᠂ ᠬᠡᠷᠡᠭᠯᠡᠭᠴᠢᠳ ᠤᠨ ᠠᠩᠬᠠᠷᠴᠤ ᠪᠠᠶᠢᠭ᠎ᠠ ᠰᠢᠲᠠᠮᠠᠬᠠᠢ ᠬᠡᠢ ᠶᠢᠨ ᠬᠡᠷᠡᠭᠰᠡᠯ ᠢ ᠵᠠᠯᠭᠠᠬᠤ ᠵᠥᠭᠡᠯᠡᠨ ᠬᠤᠭᠤᠯᠠᠢ᠂ ᠰᠢᠲᠠᠮᠠᠬᠠᠢ ᠬᠡᠢ ᠶᠢᠨ ᠪᠠᠴᠢᠮ ᠲᠠᠰᠤᠯᠬᠤ ᠨᠡᠭᠡᠯᠡᠭᠡᠢ ᠳᠤ ᠠᠯᠪᠠᠳᠠᠯᠭ᠎ᠠ ᠶᠢᠨ ᠴᠢᠨᠠᠷᠲᠠᠢ ᠦᠢᠯᠡᠳᠬᠦᠨ ᠤ ᠭᠡᠷᠡᠴᠢᠯᠡᠯ ︵CCC ᠭᠡᠷᠡᠴᠢᠯᠡᠯ︶᠎ ᠤᠨ ᠬᠠᠮᠢᠶᠠᠷᠤᠯᠲᠠ ᠶᠢ ᠬᠡᠷᠡᠭᠵᠢᠭᠦᠯᠬᠦ ᠪᠠᠷ ᠪᠣᠯᠪᠠ᠂ 2024 ᠣᠨ ᠤ 10 ᠰᠠᠷ᠎ᠠ ᠶᠢᠨ 1᠎ ᠤ ᠡᠳᠦᠷ ᠠᠴᠠ ᠡᠬᠢᠯᠡᠨ ᠭᠡᠷᠡᠴᠢᠯᠡᠯ ᠤᠨ ᠨᠠᠶᠢᠳᠠᠯᠭ᠎ᠠ ᠶᠢ ᠭᠥᠯᠢᠶᠡᠨ ᠠᠪᠴᠤ᠂ 2025 ᠣᠨ ᠤ 10 ᠰᠠᠷ᠎ᠠ ᠶᠢᠨ 1᠎ ᠤ ᠡᠳᠦᠷ ᠠᠴᠠ ᠡᠬᠢᠯᠡᠨ ᠠᠯᠪᠠᠳᠠᠯᠭ᠎ᠠ ᠪᠠᠷ ᠬᠡᠷᠡᠭᠵᠢᠭᠦᠯᠦᠨ᠎ᠡ᠃ ᠣᠳᠣᠬᠠᠨ ᠳᠤ᠂ CCC ᠭᠡᠷᠡᠴᠢᠯᠡᠯ ᠤᠨ ᠭᠠᠷᠴᠠᠭ ᠲᠤ ᠨᠢᠭᠡᠨᠲᠡ ᠬᠤᠳᠠᠯᠳᠤᠭᠠᠨ ᠳᠤ ᠬᠡᠷᠡᠭᠯᠡᠬᠦ ᠰᠢᠲᠠᠮᠠᠬᠠᠢ ᠬᠡᠢ ᠶᠢᠨ ᠰᠢᠲᠠᠯᠲᠠ ᠶᠢᠨ ᠪᠠᠭᠠᠵᠢ ᠬᠡᠷᠡᠭᠰᠡᠯ᠂ ᠭᠡᠷ ᠤᠨ ᠬᠡᠷᠡᠭᠯᠡᠭᠡᠨ ᠤ ᠰᠢᠲᠠᠮᠠᠬᠠᠢ ᠬᠡᠢ ᠶᠢᠨ ᠰᠢᠲᠠᠯᠲᠠ ᠶᠢᠨ ᠪᠠᠭᠠᠵᠢ ᠬᠡᠷᠡᠭᠰᠡᠯ᠂ ᠭᠡᠷ ᠤᠨ ᠬᠡᠷᠡᠭᠯᠡᠭᠡᠨ ᠤ ᠰᠢᠲᠠᠮᠠᠬᠠᠢ ᠬᠡᠢ ᠶᠢᠨ ᠤᠰᠤ ᠬᠠᠯᠠᠭᠠᠭᠤᠷ᠂ ᠰᠢᠲᠠᠮᠠᠬᠠᠢ ᠬᠡᠢ ᠶᠢᠨ ᠳᠤᠯᠠᠭᠠᠯᠠᠭ᠎ᠠ ᠶᠢᠨ ᠬᠠᠯᠠᠭᠤᠨ ᠤᠰᠤᠨ ᠤ ᠵᠤᠤᠬ᠎ᠠ ᠵᠡᠷᠭᠡ ᠰᠢᠲᠠᠮᠠᠬᠠᠢ ᠬᠡᠢ ᠶᠢᠨ ᠬᠡᠷᠡᠭᠰᠡᠯ ᠢ ᠬᠠᠮᠤᠷᠴᠠᠢ᠃  
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号