ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠢᠴᠢᠭ | ᠮᠠᠲ᠋ᠧᠷᠢᠶᠠᠯ ᠥᠪᠥᠷ ᠵᠠᠰᠠᠭ ᠲᠠᠷᠬᠠᠭᠠᠭᠰᠠᠨ ︹2024︺ 21 ᠳ᠋ᠦ᠋ᠭᠡᠷ ᠲᠣᠭᠠᠲᠤ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ | ᠲᠥᠰᠥᠪ ᠤᠨ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ | ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ ᠡᠳᠦᠭᠡ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ | ᠡᠵᠡᠩᠨᠡᠯᠲᠡ ᠶᠢᠨ ᠲᠥᠰᠥᠪ ᠤᠨ ᠬᠠᠮᠢᠶᠠᠷᠤᠯᠲᠠ ᠶᠢᠨ ᠠᠷᠭ᠎ᠠ︾ ᠶᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ | ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ 2024 ᠣᠨ ᠤ | 7 ᠳ᠋ᠤᠭᠠᠷ ᠰᠠᠷ᠎ᠠ ᠶᠢᠨ 16 ᠤ ᠡᠳᠦᠷ ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ | ᠲᠥᠰᠥᠪ ᠤᠨ ᠬᠠᠮᠢᠶᠠᠷᠤᠯᠲᠠ ᠶᠢᠨ ᠠᠷᠭ᠎ᠠ ᠨᠢᠭᠡᠳᠦᠭᠡᠷ ᠪᠦᠯᠦᠭ ᠶᠡᠷᠦᠩᠬᠡᠢ ᠳᠦᠷᠢᠮ ᠨᠢᠭᠡᠳᠦᠭᠡᠷ ᠵᠦᠢᠯ ᠥᠪᠡᠷᠲᠡᠭᠡᠨ | ᠵᠠᠰᠠᠬᠤ ᠣᠷᠣᠨ ᠤ ᠲᠤᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ | ᠬᠠᠮᠢᠶᠠᠷᠤᠯᠲᠠ ᠶᠢ ᠴᠢᠩᠭᠠᠳᠬᠠᠨ ᠵᠢᠷᠤᠮᠵᠢᠭᠤᠯᠵᠤ᠂ ᠤᠯᠤᠰ ᠤᠨ ᠥᠮᠴᠢᠯᠡᠯᠲᠦ ᠠᠵᠤ ᠠᠬᠤᠢ ᠶᠢᠨ | ᠪᠠᠶᠢᠷᠢᠰᠢᠭᠤᠯᠤᠯᠲᠠ ᠶᠢᠨ ᠰᠢᠯᠢᠳᠡᠭᠵᠢᠯᠲᠡ ᠪᠠ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠬᠤ ᠶᠢᠨ ᠲᠤᠰᠠᠳᠠ᠂ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠥᠪ ᠤᠨ ᠬᠠᠤᠯᠢ︾᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠤᠯᠢ︾᠂ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠥᠪ ᠤᠨ ᠬᠠᠤᠯᠢ ᠶᠢ ᠬᠡᠷᠡᠭᠵᠢᠭᠦᠯᠬᠦ ᠳᠦᠷᠢᠮ︾ | ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ︽ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ | ᠲᠥᠰᠥᠪ ᠤᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ | ᠰᠠᠨᠠᠯ︾ ︵ᠲᠥᠷᠥ ᠲᠠᠷᠬᠠᠭᠠᠭᠰᠠᠨ ︹2024︺ 2 ᠳ᠋ᠤᠭᠠᠷ ᠲᠣᠭᠠᠲᠤ︶ ᠵᠡᠷᠭᠡ ᠬᠤᠯᠪᠣᠭᠳᠠᠯ ᠪᠦᠬᠦᠢ | ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠦᠨᠳᠦᠰᠦᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠢ ᠲᠤᠭᠤᠰᠢᠯᠠᠭᠤᠯᠬᠤ ᠱᠠᠭᠠᠷᠳᠠᠯᠭ᠎ᠠ ᠶᠢᠨ | ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠲᠣᠰ ᠠᠷᠭ᠎ᠠ ᠶᠢ | ᠲᠣᠭᠲᠠᠭᠠᠪᠠ᠃ ᠬᠤᠶᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠲᠤᠰ | ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠭᠡᠳᠡᠭ ᠨᠢ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠥᠮᠴᠢᠯᠡᠭᠴᠢ ᠶᠢᠨ ᠬᠤᠪᠢ ᠪᠠᠷ ᠤᠯᠤᠰ ᠤᠨ ᠥᠮᠴᠢᠯᠡᠯᠲᠦ | ᠬᠥᠷᠥᠩᠭᠡ ᠶᠢᠨ ᠠᠰᠢᠭ ᠣᠷᠣᠯᠭ᠎ᠠ ᠶᠢ ᠬᠠᠤᠯᠢ ᠶᠣᠰᠣᠭᠠᠷ ᠣᠯᠬᠤ ᠶᠢᠨ ᠬᠠᠮᠲᠤ᠂ ᠣᠯᠣᠭᠰᠠᠨ ᠠᠰᠢᠭ ᠣᠷᠣᠯᠭ᠎ᠠ ᠶᠢ | ᠬᠤᠪᠢᠶᠠᠷᠢᠯᠠᠬᠤ ᠠᠴᠠ ᠪᠣᠯᠤᠭᠰᠠᠨ ᠡᠯ᠎ᠡ ᠵᠦᠢᠯ ᠤᠨ ᠣᠷᠣᠯᠭ᠎ᠠ ᠵᠠᠷᠤᠯᠭ᠎ᠠ ᠶᠢᠨ ᠲᠥᠰᠥᠪ ᠢ ᠵᠢᠭᠠᠵᠤ ᠪᠤᠢ᠃ | ᠭᠤᠷᠪᠠᠳᠤᠭᠠᠷ ᠵᠦᠢᠯ ᠲᠤᠰ ᠠᠷᠭ᠎ᠠ ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ | ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ | ᠲᠥᠰᠥᠪ ᠤᠨ ᠨᠢᠭᠡᠴᠢ ︵ᠳᠣᠷᠣᠭᠰᠢ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠨᠢᠭᠡᠴᠢ ᠭᠡᠵᠦ | ᠲᠣᠪᠴᠢᠯᠠᠨ᠎ᠠ︶ ᠪᠠ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ | ᠡᠵᠡᠩᠨᠡᠯᠲᠡ ᠶᠢᠨ ᠲᠥᠰᠥᠪ ᠤᠨ ᠠᠵᠤ ᠠᠬᠤᠶᠢᠯᠠᠯ ︵ᠳᠣᠷᠣᠭᠰᠢ ᠤᠯᠤᠰ ᠤᠨ ᠥᠮᠴᠢᠯᠡᠯᠲᠦ ᠬᠥᠷᠥᠩᠭᠡ ᠶᠢᠨ | ᠲᠥᠰᠥᠪ ᠤᠨ ᠠᠵᠤ ᠠᠬᠤᠶᠢᠯᠠᠯ ᠭᠡᠵᠦ ᠲᠣᠪᠴᠢᠯᠠᠨ᠎ᠠ︶ ᠤᠨ ᠤᠯᠤᠰ ᠤᠨ ᠥᠮᠴᠢᠯᠡᠯᠲᠦ ᠬᠥᠷᠥᠩᠭᠡ ᠶᠢᠨ | ᠡᠵᠡᠩᠨᠡᠯᠲᠡ ᠶᠢᠨ ᠲᠥᠰᠥᠪ ᠢ ᠨᠠᠶᠢᠷᠠᠭᠤᠯᠤᠨ ᠵᠣᠬᠢᠶᠠᠬᠤ᠂ ᠭᠦᠢᠴᠡᠳᠬᠡᠬᠦ᠂ ᠲᠣᠬᠢᠷᠠᠭᠤᠯᠬᠤ᠂ ᠲᠥᠰᠥᠪ ᠤᠨ | ᠭᠦᠢᠴᠡᠳᠬᠡᠯ ᠬᠢᠬᠦ᠂ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠬᠢᠬᠦ᠂ ᠬᠢᠨᠠᠯᠲᠠ ᠲᠠᠯᠪᠢᠬᠤ ᠵᠡᠷᠭᠡ | ᠵᠦᠢᠯᠡᠰ ᠲᠤ ᠲᠣᠬᠢᠷᠠᠭᠤᠯᠤᠨ ᠬᠡᠷᠡᠭᠯᠡᠨ᠎ᠡ᠃ ᠲᠣᠰ ᠠᠷᠭ᠎ᠠ ᠳᠤ ᠬᠡᠯᠡᠵᠦ ᠪᠠᠶᠢᠭ᠎ᠠ ᠤᠯᠤᠰ ᠤᠨ ᠥᠮᠴᠢᠯᠡᠯᠲᠦ | ᠬᠥᠷᠥᠩᠭᠡ ᠶᠢᠨ ᠲᠥᠰᠥᠪ ᠤᠨ ᠨᠢᠭᠡᠴᠢ ᠭᠡᠳᠡᠭ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠣᠯᠭᠤᠭᠰᠠᠨ ᠡᠷᠬᠡ ᠪᠠᠷ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ | ᠪᠠᠶᠢᠭᠤᠯᠤᠮᠵᠢ᠂ ᠰᠠᠯᠠᠭ᠎ᠠ ᠮᠥᠴᠢᠷ ᠨᠢᠭᠡᠴᠢ ᠵᠢᠴᠢ ᠪᠡᠯᠡ ᠭᠠᠷᠭᠠᠵᠤ ᠠᠵᠤ ᠠᠬᠤᠶᠢᠯᠠᠯ ᠪᠠᠶᠢᠭᠤᠯᠤᠭᠰᠠᠨ ᠨᠠᠮ | ᠵᠠᠰᠠᠭ ᠤᠨ ᠪᠠᠶᠢᠭᠤᠯᠭ᠎ᠠ ᠪᠠ ᠠᠵᠢᠯ ᠦᠢᠯᠡᠰ ᠤᠨ ᠨᠢᠭᠡᠴᠢ ᠶᠢ ᠵᠢᠭᠠᠵᠤ ᠪᠣᠶ᠃ ᠲᠣᠰ ᠠᠷᠭ᠎ᠠ ᠳᠤ ᠬᠡᠯᠡᠵᠦ ᠪᠠᠶᠢᠭ᠎ᠠ | ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠠᠵᠤ ᠠᠬᠤᠶᠢᠯᠠᠯ ᠭᠡᠳᠡᠭ ᠨᠢ ᠥᠪᠡᠷᠲᠡᠭᠡᠨ ᠵᠠᠰᠠᠬᠤ | ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠬᠡᠷᠡᠭᠵᠢᠭᠦᠯᠬᠦ | ᠬᠡᠪᠴᠢᠶᠡᠨ ᠳᠤ ᠣᠷᠣᠭᠰᠠᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ | ᠨᠢᠭᠡᠳᠦᠭᠡᠷ ᠳᠡᠰ ᠤᠨ ᠠᠵᠤ ᠠᠬᠤᠶᠢᠯᠠᠯ ᠢ ᠵᠢᠭᠠᠵᠤ ᠪᠣᠶ᠂ ᠡᠭᠦᠨ ᠳᠤ ᠤᠯᠤᠰ ᠤᠨ ᠥᠮᠴᠢᠯᠡᠯᠲᠦ ᠲᠤᠰᠠᠭᠠᠷ ᠪᠡᠯᠡᠲᠦ | ᠠᠵᠤ ᠠᠬᠤᠶᠢᠯᠠᠯ ︵ᠺᠣᠮᠫᠠᠨᠢ︶᠂ ᠤᠯᠤᠰ ᠤᠨ ᠥᠮᠴᠢᠯᠡᠯᠲᠦ ᠬᠤᠪᠢᠴᠠᠭ᠎ᠠ ᠡᠵᠡᠮᠳᠡᠭᠰᠡᠨ ᠠᠵᠤ ᠠᠬᠤᠶᠢᠯᠠᠯ ᠪᠠ | ᠤᠯᠤᠰ ᠤᠨ ᠥᠮᠴᠢᠯᠡᠯᠲᠦ ᠬᠤᠪᠢ ᠣᠷᠣᠭᠰᠠᠨ ᠠᠵᠤ ᠠᠬᠤᠶᠢᠯᠠᠯ ᠪᠠᠭᠲᠠᠨ᠎ᠠ᠃ ᠳᠥᠷᠪᠡᠳᠦᠭᠡᠷ ᠵᠦᠢᠯ ᠥᠪᠡᠷᠲᠡᠭᠡᠨ | ᠵᠠᠰᠠᠬᠤ ᠣᠷᠣᠨ ᠤ ᠨᠠᠮ ᠵᠠᠰᠠᠭ ᠤᠨ ᠪᠠᠶᠢᠭᠤᠯᠭ᠎ᠠ ᠪᠠ ᠠᠵᠢᠯ ᠦᠢᠯᠡᠰ ᠤᠨ ᠨᠢᠭᠡᠴᠢ ᠠᠴᠠ ᠰᠢᠭᠤᠳ ᠪᠡᠯᠡ | ᠭᠠᠷᠭᠠᠭᠰᠠᠨ ᠵᠢᠴᠢ ᠪᠤᠰᠤᠳ ᠰᠠᠯᠠᠭ᠎ᠠ ᠮᠥᠴᠢᠷ ᠨᠢᠭᠡᠴᠢ ᠳᠤ ᠡᠷᠬᠡ ᠣᠯᠭᠤᠵᠤ ᠣᠷᠣᠯᠠᠭᠤᠯᠤᠨ ᠪᠡᠯᠡ ᠭᠠᠷᠭᠠᠭᠰᠠᠨ | ᠪᠤᠶᠤ ᠬᠤᠪᠢᠴᠠᠭ᠎ᠠ ᠡᠵᠡᠮᠰᠢᠭᠰᠡᠨ ᠠᠵᠤ ᠠᠬᠤᠶᠢᠯᠠᠯ ᠢ ᠴᠥᠮ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ | ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠬᠡᠷᠡᠭᠵᠢᠭᠦᠯᠬᠦ ᠬᠡᠪᠴᠢᠶᠡᠨ ᠳᠤ ᠣᠷᠣᠭᠤᠯᠬᠤ | ᠬᠡᠷᠡᠭᠲᠡᠢ᠂ ᠡᠭᠦᠨ ᠳᠤ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠤᠯᠤᠰ ᠤᠨ ᠥᠮᠴᠢᠯᠡᠯᠲᠦ ᠮᠥᠩᠭᠦᠨ | ᠭᠦᠢᠯᠭᠡᠭᠡᠨ ᠤ ᠠᠵᠤ ᠠᠬᠤᠶᠢᠯᠠᠯ᠂ ᠠᠵᠤ ᠠᠬᠤᠶᠢᠯᠠᠯᠴᠢᠯᠠᠨ ᠬᠠᠮᠢᠶᠠᠷᠴᠤ ᠪᠦᠬᠦᠢ ᠠᠵᠢᠯ ᠦᠢᠯᠡᠰ ᠤᠨ ᠨᠢᠭᠡᠴᠢ | ᠪᠠᠭᠲᠠᠨ᠎ᠠ᠃ ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ | ᠠᠵᠤ ᠠᠬᠤᠶᠢᠯᠠᠯ ᠪᠡᠯᠡ ᠭᠠᠷᠭᠠᠵᠤ ᠪᠠᠶᠢᠭᠤᠯᠤᠭᠰᠠᠨ ᠪᠣᠯᠪᠠᠴᠤ ᠲᠡᠳᠡᠭᠡᠷ ︵ᠪᠦᠯᠦᠭᠯᠡᠯ︶ ᠤᠨ ᠣᠨ ᠤ ᠡᠳ᠋ ᠤᠨ | ᠶᠠᠪᠤᠳᠠᠯ ᠤᠨ ᠲᠥᠰᠥᠪ ᠤᠨ ᠭᠦᠢᠴᠡᠳᠬᠡᠯ ᠤᠨ ᠨᠡᠶᠢᠯᠡᠭᠦᠯᠬᠦ ᠬᠡᠪᠴᠢᠶᠡᠨ ᠳᠤ ᠣᠷᠣᠭᠤᠯᠤᠭᠠᠳᠤᠢ ᠤᠯᠤᠰ ᠤᠨ | ᠥᠮᠴᠢᠯᠡᠯᠲᠦ ᠲᠤᠰᠠᠭᠠᠷ ᠪᠡᠯᠡᠳᠤ ᠪᠠ ᠬᠤᠪᠢᠴᠠᠭ᠎ᠠ ᠡᠵᠡᠮᠳᠡᠭᠰᠡᠨ ᠠᠵᠤ ᠠᠬᠤᠶᠢᠯᠠᠯ ᠢ ᠨᠢᠭᠡᠳᠦᠭᠡᠷ ᠳᠡᠰ ᠤᠨ ᠠᠵᠤ | ᠠᠬᠤᠶᠢᠯᠠᠯ ᠢᠶᠠᠷ ᠦᠵᠡᠵᠦ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠤᠯᠤᠰ ᠤᠨ ᠥᠮᠴᠢᠯᠡᠯᠲᠦ | ᠬᠥᠷᠥᠩᠭᠡ ᠶᠢᠨ ᠡᠵᠡᠩᠨᠡᠯᠲᠡ ᠶᠢᠨ ᠲᠥᠰᠥᠪ ᠬᠡᠷᠡᠭᠵᠢᠭᠦᠯᠬᠦ ᠬᠡᠪᠴᠢᠶᠡᠨ ᠳᠤ ᠣᠷᠣᠭᠤᠯᠬᠤ ᠬᠡᠷᠡᠭᠲᠡᠢ᠃ ᠵᠢᠷᠭᠤᠳᠤᠭᠠᠷ | ᠵᠦᠢᠯ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ | ᠡᠵᠡᠩᠨᠡᠯᠲᠡ ᠶᠢᠨ ᠲᠥᠰᠥᠪ ᠤᠨ ᠬᠠᠮᠢᠶᠠᠷᠤᠯᠲᠠ ᠳᠤ ᠪᠥᠬᠦ ᠲᠠᠯ᠎ᠠ ᠶᠢ ᠬᠠᠮᠤᠷᠬᠤ᠂ ᠪᠡᠶ᠎ᠡ ᠪᠠᠨ ᠳᠠᠭᠠᠭᠠᠭᠰᠠᠨ ᠪᠥᠭᠡᠳ | ᠪᠦᠷᠢᠨ ᠪᠦᠲᠦᠨ ᠪᠠᠶᠢᠯᠭᠠᠬᠤ᠂ ᠣᠷᠣᠯᠭ᠎ᠠ ᠪᠠᠷ ᠵᠠᠷᠤᠯᠭ᠎ᠠ ᠶᠢ ᠲᠣᠭᠲᠠᠭᠠᠬᠤ᠂ ᠣᠷᠣᠯᠭ᠎ᠠ ᠵᠠᠷᠤᠯᠭ᠎ᠠ ᠶᠢ | ᠲᠡᠩᠴᠡᠭᠦᠷᠢᠲᠡᠢ ᠪᠠᠶᠢᠯᠭᠠᠬᠤ ᠵᠠᠷᠴᠢᠮ ᠢ ᠪᠠᠷᠢᠮᠲᠠᠯᠠᠨ᠂ ᠡᠩ ᠤᠨ ᠣᠯᠠᠨ ᠨᠡᠶᠢᠲᠡ ᠶᠢᠨ ᠲᠥᠰᠥᠪ ᠯᠦᠭᠡ | ᠵᠣᠯᠭᠠᠭᠤᠯᠬᠤ ᠶᠢ ᠴᠢᠩᠭᠠᠳᠬᠠᠵᠤ᠂ ᠡᠩ ᠤᠨ ᠣᠯᠠᠨ ᠨᠡᠶᠢᠲᠡ ᠶᠢᠨ ᠲᠥᠰᠥᠪ ᠲᠡᠶᠢᠰᠢ ᠰᠢᠯᠵᠢᠭᠦᠯᠦᠨ ᠭᠠᠷᠭᠠᠬᠤ | ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠬᠤᠶᠠᠳᠤᠭᠠᠷ ᠪᠦᠯᠦᠭ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ | ᠳᠣᠯᠣᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ | ᠡᠵᠡᠩᠨᠡᠯᠲᠡ ᠶᠢᠨ ᠲᠥᠰᠥᠪ ᠤᠨ ᠬᠠᠮᠢᠶᠠᠷᠤᠯᠲᠠ ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ | ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠨᠢᠭᠡᠴᠢ ᠪᠠ ᠤᠯᠤᠰ ᠤᠨ ᠥᠮᠴᠢᠯᠡᠯᠲᠦ ᠬᠥᠷᠥᠩᠭᠡ ᠶᠢᠨ | ᠲᠥᠰᠥᠪ ᠤᠨ ᠠᠵᠤ ᠠᠬᠤᠶᠢᠯᠠᠯ ᠤᠳ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ ᠬᠠᠮᠲᠤ ᠪᠠᠷ | ᠬᠠᠷᠢᠭᠤᠴᠠᠬᠤ ᠬᠡᠷᠡᠭᠲᠡᠢ᠃ ᠨᠠᠢᠮᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ | ᠠᠵᠢᠯ ᠤᠨ ᠡᠭᠦᠷᠭᠡ ᠬᠠᠷᠢᠭᠤᠴᠠᠯᠭ᠎ᠠ᠄ ︵ᠨᠢᠭᠡ︶ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠨᠡᠷᠡᠰ ᠤᠨ ᠵᠢᠭᠰᠠᠭᠠᠯᠲᠠ ᠶᠢ ᠬᠤᠷᠢᠶᠠᠩᠭᠤᠶᠢᠯᠠᠵᠤ ᠭᠠᠷᠭᠠᠨ᠎ᠠ︔ ︵ᠬᠤᠶᠠᠷ︶ | ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ | ᠲᠥᠰᠥᠪ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠳᠦᠷᠢᠮ ᠢ ᠲᠣᠭᠲᠠᠭᠠᠨ᠎ᠠ︔ ︵ᠭᠤᠷᠪᠠ︶ ᠥᠪᠡᠷᠲᠡᠭᠡᠨ | ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ | ᠣᠷᠣᠯᠭ᠎ᠠ ᠶᠢ ᠵᠣᠬᠢᠶᠠᠨ ᠪᠠᠶᠢᠭᠤᠯᠤᠨ᠎ᠠ︔ ︵ᠳᠥᠷᠪᠡ︶ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ | ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠵᠠᠷᠤᠯᠭ᠎ᠠ ᠶᠢᠨ ᠬᠠᠨᠳᠤᠰᠢ ᠪᠠ | ᠭᠤᠣᠯᠳᠠᠯᠭ᠎ᠠ ᠶᠢ ᠲᠤᠭᠤᠷᠪᠢᠨ ᠲᠣᠭᠲᠠᠭᠠᠨ᠎ᠠ︔ ︵ᠲᠠᠪᠤ︶ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ | ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ᠂ ᠲᠥᠰᠥᠪ ᠤᠨ ᠲᠣᠬᠢᠷᠠᠭᠤᠯᠤᠯᠲᠠ ᠪᠠ | ᠲᠥᠰᠥᠪ ᠤᠨ ᠭᠦᠢᠴᠡᠳᠬᠡᠯ ᠤᠨ ᠡᠬᠡ ᠲᠥᠰᠥᠯ ᠢ ᠬᠢᠨᠠᠨ ᠬᠠᠷᠭᠤᠭᠤᠯᠬᠤ ᠪᠠ ᠨᠠᠶᠢᠷᠠᠭᠤᠯᠤᠨ ᠵᠣᠬᠢᠶᠠᠬᠤ ᠶᠢ | ᠬᠠᠷᠢᠭᠤᠴᠠᠬᠤ ᠶᠢᠨ ᠬᠠᠮᠲᠤ ᠲᠣᠭᠲᠠᠭᠠᠯ ᠶᠣᠰᠣᠭᠠᠷ ᠮᠡᠳᠡᠭᠦᠯᠦᠨ ᠬᠦᠷᠭᠡᠵᠦ ᠬᠢᠨᠠᠨ ᠵᠦᠪᠯᠡᠭᠦᠯᠦᠨ᠎ᠡ︔ ︵ᠵᠢᠷᠭᠤᠭ᠎ᠠ︶ | ᠣᠨ ᠤ ᠲᠥᠰᠥᠪ ᠤᠨ ᠪᠣᠳᠠᠲᠤ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠦᠨᠳᠦᠰᠦᠯᠡᠨ ᠲᠥᠰᠥᠪ ᠤᠨ | ᠲᠣᠬᠢᠷᠠᠭᠤᠯᠤᠯᠲᠠ ᠶᠢᠨ ᠲᠥᠰᠥᠯ ᠢ ᠨᠠᠶᠢᠷᠠᠭᠤᠯᠤᠨ ᠵᠣᠬᠢᠶᠠᠵᠤ᠂ ᠲᠥᠰᠥᠪ ᠤᠨ ᠲᠣᠬᠢᠷᠠᠭᠤᠯᠤᠯᠲᠠ ᠶᠢᠨ ᠵᠢᠷᠤᠮ ᠢ | ᠭᠦᠢᠴᠡᠳᠬᠡᠨ᠎ᠡ︔ ︵ᠲᠤᠯᠤᠭ᠎ᠠ︶ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠨᠢᠭᠡᠴᠢ ᠶᠢᠨ | ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ︵ᠲᠥᠰᠥᠪ ᠤᠨ ᠭᠦᠢᠴᠡᠳᠬᠡᠯ︶ ᠲᠤ | ᠬᠠᠷᠢᠭᠤ ᠴᠣᠬᠤᠯᠠᠪᠤᠷᠢ ᠥᠭᠭᠦᠨ᠎ᠡ︔ ︵ᠨᠠᠢᠮᠠ︶ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ | ᠨᠢᠭᠡᠴᠢ ᠪᠠ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠠᠵᠤ ᠠᠬᠤᠶᠢᠯᠠᠯ ᠢ ᠵᠢᠭᠠᠨ ᠵᠢᠯᠤᠭᠤᠳᠴᠤ | ᠪᠠᠶᠢᠭᠠᠳ ᠪᠦᠬᠦ ᠶᠠᠪᠤᠴᠠ ᠳᠤ ᠨᠢ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠦᠨ᠎ᠡ︔ ︵ᠶᠢᠰᠦ︶ | ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ | ᠲᠥᠰᠥᠪ ᠤᠨ ᠬᠠᠮᠢᠶᠠᠷᠤᠯᠲᠠ ᠶᠢᠨ ᠪᠠᠶᠢᠳᠠᠯ ᠳᠤ ᠡᠳ᠋ ᠤᠨ ᠶᠠᠪᠤᠳᠠᠯ ᠤᠨ ᠨᠢᠭᠲᠠᠯᠠᠨ ᠪᠣᠳᠣᠯᠲᠠ ᠬᠢᠵᠦ ᠬᠢᠨᠠᠯᠲᠠ | ᠲᠠᠯᠪᠢᠨ᠎ᠠ᠃ ᠶᠢᠰᠦᠳᠦᠭᠡᠷ ᠵᠦᠢᠯ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠨᠢᠭᠡᠴᠢ ᠶᠢᠨ | ᠠᠵᠢᠯ ᠤᠨ ᠡᠭᠦᠷᠭᠡ ᠬᠠᠷᠢᠭᠤᠴᠠᠯᠭ᠎ᠠ᠄ ︵ᠨᠢᠭᠡ︶ ᠪᠡᠯᠡ ᠭᠠᠷᠭᠠᠭᠰᠠᠨ ᠠᠵᠤ ᠠᠬᠤᠶᠢᠯᠠᠯ ᠤᠨ ᠲᠤᠭ᠎ᠠ ᠬᠡᠮᠵᠢᠶ᠎ᠡ᠂ | ᠡᠳ᠋ ᠬᠥᠷᠥᠩᠭᠡ ᠶᠢᠨ ᠡᠷᠬᠡ ᠠᠰᠢᠭ᠂ ᠣᠯᠵᠠᠪᠤᠷᠢ ᠠᠯᠳᠠᠪᠤᠷᠢ ᠵᠡᠷᠭᠡ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ | ᠪᠦᠷᠢᠳᠬᠡᠵᠦ᠂ ᠪᠡᠯᠡ ᠭᠠᠷᠭᠠᠭᠰᠠᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠨᠡᠷᠡᠰ ᠤᠨ ᠵᠢᠭᠰᠠᠭᠠᠯᠲᠠ ᠶᠢ | ᠪᠠᠶᠢᠭᠤᠯᠬᠤ ᠶᠢᠨ ᠬᠠᠮᠲᠤ᠂ ᠡᠵᠡᠩᠨᠡᠯᠲᠡ ᠶᠢᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠲᠥᠪᠯᠡᠷᠡᠩᠭᠦᠢ ᠪᠥᠭᠡᠳ ᠨᠢᠭᠡᠳᠦᠯᠲᠡᠢ ᠬᠢᠨᠠᠯᠲᠠ ᠬᠠᠮᠢᠶᠠᠷᠤᠯᠲᠠ ᠲᠠᠢ ᠨᠢ ᠤᠶᠠᠯᠳᠤᠭᠤᠯᠤᠨ ᠬᠥᠳᠡᠯᠦᠩᠭᠦᠢ | ᠰᠢᠨᠡᠳᠬᠡᠨ᠎ᠡ᠂ ᠨᠡᠷᠡᠰ ᠤᠨ ᠵᠢᠭᠰᠠᠭᠠᠯᠲᠠ ᠳᠤ ᠲᠣᠬᠢᠷᠠᠭᠤᠯᠤᠯᠲᠠ ᠬᠢᠬᠦ ᠳᠤ ᠬᠤᠯᠪᠣᠭᠳᠠᠪᠠᠯ᠂ ᠴᠠᠭ ᠲᠤᠬᠠᠢ ᠳᠤ ᠨᠢ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠤ ᠮᠡᠳᠡᠭᠦᠯᠬᠦ ᠬᠡᠷᠡᠭᠲᠡᠶ︔ ︵ᠬᠤᠶᠠᠷ︶ ᠬᠢᠨᠠᠨ | ᠬᠠᠮᠢᠶᠠᠷᠴᠤ ᠪᠦᠬᠦᠢ ︵ᠬᠠᠷᠢᠶ᠎ᠠ︶ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠪᠠᠶᠢᠭᠠᠳ ᠤᠯᠤᠰ ᠤᠨ ᠥᠮᠴᠢᠯᠡᠯᠲᠦ | ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠣᠷᠣᠯᠭ᠎ᠠ ᠵᠠᠷᠤᠯᠭ᠎ᠠ ᠶᠢᠨ ᠲᠥᠯᠥᠪᠯᠡᠭᠡ ᠶᠢ ᠨᠠᠶᠢᠷᠠᠭᠤᠯᠤᠨ | ᠮᠡᠳᠡᠭᠦᠯᠬᠦ ᠶᠢᠨ ᠬᠠᠮᠲᠤ ᠬᠢᠨᠠᠨ ᠬᠠᠷᠭᠤᠭᠤᠯᠵᠤ᠂ ᠲᠣᠰ ᠰᠠᠯᠠᠭ᠎ᠠ ᠮᠥᠴᠢᠷ ᠨᠢᠭᠡᠴᠢ ᠶᠢᠨ ᠢᠶᠠᠨ ᠣᠨ ᠤ ᠤᠯᠤᠰ ᠤᠨ | ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠰᠠᠨᠠᠭᠤᠯᠭ᠎ᠠ ᠶᠢᠨ ᠡᠬᠡ ᠲᠥᠰᠥᠯ ᠢ ᠨᠢ ᠳᠤᠷᠠᠳᠤᠨ | ᠭᠠᠷᠭᠠᠯᠭᠠᠨ᠎ᠠ︔ ︵ᠭᠤᠷᠪᠠ︶ ᠬᠢᠨᠠᠨ ᠬᠠᠮᠢᠶᠠᠷᠴᠤ ᠪᠦᠬᠦᠢ ︵ᠬᠠᠷᠢᠶ᠎ᠠ︶ ᠠᠵᠤ ᠠᠬᠤᠶᠢᠯᠠᠯ ᠤᠨ ᠮᠡᠳᠡᠭᠦᠯᠦᠨ | ᠬᠦᠷᠭᠡᠭᠰᠡᠨ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠠᠰᠢᠭ ᠣᠷᠣᠯᠭ᠎ᠠ ᠶᠢᠨ ᠮᠠᠲ᠋ᠧᠷᠢᠶᠠᠯ ᠢ | ᠬᠢᠨᠠᠨ ᠬᠠᠷᠭᠤᠭᠤᠯᠵᠤ᠂ ᠲᠤᠰ ᠰᠠᠯᠠᠭ᠎ᠠ ᠮᠥᠴᠢᠷ ᠨᠢᠭᠡᠴᠢ᠂ ᠬᠢᠨᠠᠨ ᠬᠠᠮᠢᠶᠠᠷᠴᠤ ᠪᠦᠬᠦᠢ ︵ᠬᠠᠷᠢᠶ᠎ᠠ︶ ᠠᠵᠤ | ᠠᠬᠤᠶᠢᠯᠠᠯ ᠤᠨ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠢ ᠭᠦᠢᠴᠡᠳᠬᠡᠬᠦ | ᠠᠵᠢᠯ ᠢ ᠨᠢ ᠵᠣᠬᠢᠶᠠᠨ ᠪᠠᠶᠢᠭᠤᠯᠤᠨ᠎ᠠ︔ ︵ᠳᠥᠷᠪᠡ︶ ᠬᠢᠨᠠᠨ ᠬᠠᠮᠢᠶᠠᠷᠴᠤ ᠪᠦᠬᠦᠢ ︵ᠬᠠᠷᠢᠶ᠎ᠠ︶ ᠠᠵᠤ | ᠠᠬᠤᠶᠢᠯᠠᠯ ᠤᠨ ᠲᠥᠰᠥᠪ ᠭᠦᠢᠴᠡᠳᠬᠡᠭᠰᠡᠨ ᠪᠠᠶᠢᠳᠠᠯ ᠪᠠ ᠪᠣᠳᠠᠲᠤ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠨᠢ | ᠦᠨᠳᠦᠰᠦᠯᠡᠨ᠂ ᠲᠥᠰᠥᠪ ᠤᠨ ᠲᠣᠬᠢᠷᠠᠭᠤᠯᠤᠯᠲᠠ ᠬᠢᠬᠦ ᠪᠠᠷ ᠳᠡᠪᠰᠢᠭᠦᠯᠦᠨ ᠮᠡᠳᠡᠭᠦᠯᠬᠦ ᠵᠢᠷᠤᠮ ᠢ ᠭᠦᠢᠴᠡᠳᠭᠡᠨ᠎ᠡ︔ | ︵ᠲᠠᠪᠤ︶ ᠲᠤᠰ ᠰᠠᠯᠠᠭ᠎ᠠ ᠮᠥᠴᠢᠷ ᠨᠢᠭᠡᠴᠢ ᠶᠢᠨ ᠢᠶᠠᠨ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ | ᠲᠥᠰᠥᠪ ᠤᠨ ᠭᠦᠢᠴᠡᠳᠬᠡᠯ ᠤᠨ ᠡᠬᠡ ᠲᠥᠰᠥᠯ ᠢ ᠨᠠᠶᠢᠷᠠᠭᠤᠯᠤᠨ ᠵᠣᠬᠢᠶᠠᠨ᠎ᠠ︔ ︵ᠵᠢᠷᠭᠤᠭ᠎ᠠ︶ ᠬᠢᠨᠠᠨ ᠬᠠᠮᠢᠶᠠᠷᠴᠤ | ᠪᠦᠬᠦᠢ ︵ᠬᠠᠷᠢᠶ᠎ᠠ︶ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ | ︵ᠲᠥᠰᠥᠪ ᠤᠨ ᠭᠦᠢᠴᠡᠳᠬᠡᠯ︶ ᠲᠤ ᠨᠢ ᠬᠠᠷᠢᠭᠤ ᠴᠣᠬᠤᠯᠠᠪᠤᠷᠢ ᠥᠭᠭᠦᠨ᠎ᠡ︔ ︵ᠳᠣᠯᠤᠭ᠎ᠠ︶ ᠲᠣᠰ ᠰᠠᠯᠠᠭ᠎ᠠ | ᠮᠥᠴᠢᠷ ᠨᠢᠭᠡᠴᠢ ᠶᠢᠨ ᠢᠶᠠᠨ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠲᠠᠬᠢ ᠪᠥᠬᠦ | ᠶᠠᠪᠤᠴᠠ ᠶᠢᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠬᠠᠷᠢᠭᠤᠴᠠᠨ᠎ᠠ︔ ︵ᠨᠠᠢᠮᠠ︶ ᠬᠢᠨᠠᠨ ᠬᠠᠮᠢᠶᠠᠷᠴᠤ | ᠪᠦᠬᠦᠢ ︵ᠬᠠᠷᠢᠶ᠎ᠠ︶ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ | ᠲᠥᠰᠥᠪ ᠤᠨ ᠬᠠᠮᠢᠶᠠᠷᠤᠯᠲᠠ ᠶᠢᠨ ᠪᠠᠶᠢᠳᠠᠯ ᠳᠤ ᠡᠳ᠋ ᠤᠨ ᠶᠠᠪᠤᠳᠠᠯ ᠤᠨ ᠨᠢᠭᠲᠠᠯᠠᠨ ᠪᠣᠳᠣᠯᠲᠠ ᠬᠢᠵᠦ ᠬᠢᠨᠠᠯᠲᠠ | ᠲᠠᠯᠪᠢᠨ᠎ᠠ᠃ ᠠᠷᠪᠠᠳᠤᠭᠠᠷ ᠵᠦᠢᠯ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠠᠵᠤ ᠠᠬᠤᠶᠢᠯᠠᠯ ᠤᠨ | ᠠᠵᠢᠯ ᠤᠨ ᠡᠭᠦᠷᠭᠡ ᠬᠠᠷᠢᠭᠤᠴᠠᠯᠭ᠎ᠠ᠄ ︵ᠨᠢᠭᠡ︶ ᠲᠥᠰᠥᠪ ᠨᠠᠶᠢᠷᠠᠭᠤᠯᠤᠨ ᠵᠣᠬᠢᠶᠠᠬᠤ ᠱᠠᠭᠠᠷᠳᠠᠯᠭ᠎ᠠ ᠶᠢ | ᠦᠨᠳᠦᠰᠦᠯᠡᠨ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠣᠷᠣᠯᠭ᠎ᠠ | ᠵᠠᠷᠤᠯᠭ᠎ᠠ ᠶᠢᠨ ᠲᠥᠯᠥᠪᠯᠡᠭᠡ ᠶᠢ ᠳᠤᠷᠠᠳᠤᠨ ᠭᠠᠷᠭᠠᠨ᠎ᠠ︔ ︵ᠬᠤᠶᠠᠷ︶ ᠤᠯᠤᠰ ᠤᠨ ᠥᠮᠴᠢᠯᠡᠯᠲᠦ ᠬᠥᠷᠥᠩᠭᠡ ᠶᠢᠨ | ᠡᠵᠡᠩᠨᠡᠯᠲᠡ ᠶᠢᠨ ᠲᠥᠰᠥᠪ ᠤᠨ ᠣᠷᠣᠯᠭ᠎ᠠ ᠶᠢ ᠲᠣᠭᠲᠠᠭᠠᠯ ᠶᠣᠰᠣᠭᠠᠷ ᠮᠡᠳᠡᠭᠦᠯᠵᠦ᠂ ᠳᠡᠭᠡᠭᠰᠢ ᠲᠤᠰᠢᠶᠠᠨ᠎ᠠ︔ ︵ | ᠭᠤᠷᠪᠠ︶ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠲᠤᠬᠠᠢ ᠴᠣᠬᠤᠯᠠᠪᠤᠷᠢ ᠶᠢ | ᠦᠨᠳᠦᠰᠦᠯᠡᠨ ᠵᠠᠷᠤᠯᠭ᠎ᠠ ᠪᠠᠨ ᠲᠣᠬᠢᠷᠠᠭᠤᠯᠵᠤ᠂ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ | ᠲᠥᠰᠥᠪ ᠤᠨ ᠭᠦᠢᠴᠡᠳᠭᠡᠯᠲᠡ᠂ ᠲᠥᠰᠥᠪ ᠤᠨ ᠭᠦᠢᠴᠡᠳᠬᠡᠯ᠂ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠵᠡᠷᠭᠡ | ᠪᠠᠶᠢᠳᠠᠯ ᠢᠶᠠᠨ ᠮᠡᠳᠡᠭᠦᠯᠵᠦ᠂ ᠬᠠᠤᠯᠢ ᠶᠣᠰᠣᠭᠠᠷ ᠬᠢᠨᠠᠯᠲᠠ ᠲᠠᠯᠪᠢᠯᠲᠠ ᠶᠢ ᠬᠦᠯᠢᠶᠡᠨ᠎ᠡ︔ ︵ᠳᠥᠷᠪᠡ︶ ᠠᠵᠤ | ᠠᠬᠤᠶᠢᠯᠠᠯ ᠤᠨ ᠳᠣᠲᠣᠭᠠᠳᠤᠬᠢ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠪᠡᠯᠡ | ᠮᠥᠩᠭᠦᠨ ᠤ ᠬᠠᠮᠢᠶᠠᠷᠤᠯᠲᠠ ᠶᠢᠨ ᠳᠦᠷᠢᠮ ᠪᠠ ᠬᠢᠨᠠᠨ ᠪᠤᠳᠤᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠪᠡᠯᠡ | ᠮᠥᠩᠭᠦᠨ ᠤ ᠲᠣᠭᠠᠴᠠᠭ᠎ᠠ ᠬᠢᠬᠦ ᠶᠢ ᠵᠢᠷᠤᠮᠵᠢᠭᠤᠯᠤᠨ᠂ ᠪᠡᠯᠡ ᠮᠥᠩᠭᠦ ᠶᠢ ᠲᠣᠭᠲᠠᠭᠰᠠᠨ ᠬᠡᠷᠡᠭᠴᠡᠭᠡ ᠶᠣᠰᠣᠭᠠᠷ | ᠬᠡᠷᠡᠭᠯᠡᠬᠦ ᠶᠢ ᠦᠨᠡᠨ ᠬᠦ ᠪᠠᠲᠤᠯᠠᠨ᠎ᠠ᠃ ᠭᠤᠷᠪᠠᠳᠤᠭᠠᠷ ᠪᠦᠯᠦᠭ ᠣᠷᠣᠯᠭ᠎ᠠ ᠵᠠᠷᠤᠯᠭ᠎ᠠ ᠶᠢᠨ ᠬᠡᠪᠴᠢᠶ᠎ᠡ ᠠᠷᠪᠠᠨ | ᠨᠢᠭᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ | ᠡᠵᠡᠩᠨᠡᠯᠲᠡ ᠶᠢᠨ ᠲᠥᠰᠥᠪ ᠤᠨ ᠣᠷᠣᠯᠭ᠎ᠠ ᠪᠣᠯ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠨᠢᠭᠡᠴᠢ᠂ | ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠠᠵᠤ ᠠᠬᠤᠶᠢᠯᠠᠯ ᠤᠨ ᠳᠡᠭᠡᠭᠰᠢ ᠲᠤᠰᠢᠶᠠᠭᠰᠠᠨ | ᠮᠥᠷᠲᠡᠭᠡᠨ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠬᠠᠮᠢᠶᠠᠷᠤᠯᠲᠠ ᠳᠤ | ᠣᠷᠣᠭᠤᠯᠤᠭᠰᠠᠨ ᠤᠯᠤᠰ ᠤᠨ ᠥᠮᠴᠢᠯᠡᠯᠲᠦ ᠬᠥᠷᠥᠩᠭᠡ ᠶᠢᠨ ᠠᠰᠢᠭ ᠣᠷᠣᠯᠭ᠎ᠠ ᠪᠣᠯᠣᠨ᠎ᠠ᠂ ᠡᠭᠦᠨ ᠳᠤ | ᠪᠠᠭᠲᠠᠭᠳᠠᠬᠤ ᠨᠢ ᠭᠤᠣᠯᠳᠠᠭᠤ᠄ ︵ᠨᠢᠭᠡ︶ ᠲᠤᠰᠢᠶᠠᠬᠤ ᠶᠣᠰᠣᠲᠠᠢ ᠠᠰᠢᠭ ᠣᠯᠵᠠᠪᠤᠷᠢ ᠶᠢᠨ ᠣᠷᠣᠯᠭ᠎ᠠ᠃ | ᠥᠪᠡᠷᠲᠡᠭᠡᠨ ᠵᠠᠰᠠᠬᠤ ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠲᠤᠰᠠᠭᠠᠷ ᠪᠡᠯᠡᠳᠤ ᠠᠵᠤ ᠠᠬᠤᠶᠢᠯᠠᠯ | ︵ᠺᠣᠮᠫᠠᠨᠢ︶ ᠤᠨ ᠲᠤᠰᠢᠶᠠᠪᠠᠰᠤ ᠵᠣᠬᠢᠬᠤ ᠠᠰᠢᠭ ᠢ ᠬᠢᠨᠠᠨ ᠪᠤᠳᠤᠭᠰᠠᠨ ᠣᠨ ᠤ ᠡᠳ᠋ ᠤᠨ ᠶᠠᠪᠤᠳᠠᠯ ᠤᠨ ᠮᠡᠳᠡᠭᠦᠯᠬᠦ | ᠬᠦᠰᠦᠨᠦᠭᠲᠦ ᠳᠤ ᠨᠡᠶᠢᠯᠡᠭᠦᠯᠵᠦ ᠲᠤᠰᠬᠠᠭᠰᠠᠨ ᠡᠬᠡ ᠺᠣᠮᠫᠠᠨᠢ ᠶᠢᠨ ᠥᠮᠴᠢᠯᠡᠭᠴᠢ ᠳᠤ ᠬᠠᠷᠢᠶᠠᠯᠠᠭᠳᠠᠬᠤ ᠴᠡᠪᠡᠷ ᠠᠰᠢᠭ | ᠣᠯᠵᠠᠪᠤᠷᠢ ᠪᠠᠷ ᠰᠠᠭᠤᠷᠢ ᠪᠣᠯᠭᠠᠵᠤ᠂ ᠥᠩᠭᠡᠷᠡᠭᠰᠡᠨ ᠵᠢᠯ ᠤᠳ ᠤᠨ ᠨᠥᠬᠦᠪᠦᠷᠢᠯᠡᠭᠡᠳᠦᠢ ᠠᠯᠳᠠᠪᠤᠷᠢ᠂ ᠭᠠᠷᠭᠠᠨ | ᠠᠪᠤᠭᠰᠠᠨ ᠬᠠᠤᠯᠢ ᠪᠠᠷ ᠲᠣᠭᠲᠠᠭᠠᠭᠰᠠᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠵᠡᠷᠭᠡ ᠶᠢ ᠬᠠᠤᠯᠢ ᠶᠣᠰᠣᠭᠠᠷ | ᠰᠠᠭᠤᠯᠭᠠᠨ ᠠᠪᠤᠭᠰᠠᠨ ᠤ ᠳᠠᠷᠠᠭ᠎ᠠ᠂ ᠵᠣᠬᠢᠬᠤ ᠬᠠᠷᠢᠴᠠᠯ ᠢᠶᠠᠷ ᠳᠡᠭᠡᠭᠰᠢ ᠲᠤᠰᠢᠶᠠᠨ᠎ᠠ᠃ ︵ᠬᠤᠶᠠᠷ︶ | ᠬᠤᠪᠢᠴᠠᠭᠠᠨ ᠤ ᠠᠰᠢᠭ᠂ ᠬᠤᠪᠢᠴᠠᠭᠠᠨ ᠤ ᠬᠦᠦ ᠮᠥᠩᠭᠦ ᠶᠢᠨ ᠣᠷᠣᠯᠭ᠎ᠠ᠃ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠪᠤᠶᠤ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠨᠢᠭᠡᠴᠢ ᠶᠢᠨ | ᠡᠵᠡᠮᠰᠢᠵᠦ ᠪᠦᠬᠦᠢ ᠤᠯᠤᠰ ᠤᠨ ᠥᠮᠴᠢᠯᠡᠯᠲᠦ ᠬᠤᠪᠢᠴᠠᠭ᠎ᠠ ᠡᠵᠡᠮᠳᠡᠭᠰᠡᠨ᠂ ᠤᠯᠤᠰ ᠤᠨ ᠥᠮᠴᠢᠯᠡᠯᠲᠦ ᠬᠤᠪᠢ | ᠣᠷᠣᠭᠤᠯᠤᠭᠰᠠᠨ ᠠᠵᠤ ᠠᠬᠤᠶᠢᠯᠠᠯ ᠤᠨ ᠲᠤᠰᠢᠶᠠᠪᠠᠰᠤ ᠵᠣᠬᠢᠬᠤ ᠥᠪᠡᠷᠲᠡᠭᠡᠨ ᠵᠠᠰᠠᠬᠤ ᠣᠷᠣᠨ ᠤ ᠬᠠᠷᠢᠶ᠎ᠠ ᠪᠦᠬᠦᠢ | ᠤᠯᠤᠰ ᠤᠨ ᠥᠮᠴᠢᠯᠡᠯᠲᠦ ᠰᠲ᠋ᠣᠺ ᠤᠨ ᠡᠷᠬᠡ ︵ᠬᠤᠪᠢᠴᠠᠭ᠎ᠠ︶ ᠶᠢᠨ ᠬᠤᠪᠢᠴᠠᠭᠠᠨ ᠤ ᠬᠦᠦ ᠮᠥᠩᠭᠦ ᠶᠢᠨ ᠴᠡᠪᠡᠷ | ᠠᠰᠢᠭ ᠢ ᠬᠤᠪᠢ ᠣᠷᠣᠭᠤᠯᠤᠭᠴᠢᠳ ᠤᠨ ︵ᠶᠡᠭᠡ︶ ᠬᠤᠷᠠᠯ ︵ᠬᠤᠪᠢ ᠣᠷᠣᠭᠤᠯᠤᠭᠴᠢᠳ ᠤᠨ ᠵᠥᠪᠯᠡᠯ ᠪᠤᠶᠤ | ᠬᠤᠪᠢ ᠣᠷᠣᠭᠤᠯᠤᠭᠴᠢᠳ ᠤᠨ ᠶᠡᠭᠡ ᠬᠤᠷᠠᠯ ᠪᠠᠶᠢᠭᠤᠯᠤᠭᠰᠠᠨ ᠦᠭᠡᠢ ᠨᠢ ᠬᠡᠷᠡᠭ ᠮᠡᠳᠡᠭᠴᠢᠳ ᠤᠨ ᠬᠤᠷᠠᠯ ᠪᠣᠯᠣᠨ᠎ᠠ | ᠂ ᠳᠣᠷᠣᠭᠰᠢ ᠠᠳᠠᠯᠢ︶ ᠤᠨ ᠰᠢᠢᠳᠪᠦᠷᠢ ᠪᠠᠷ ᠪᠠᠲᠤᠯᠠᠭᠰᠠᠨ ᠠᠰᠢᠭ ᠣᠯᠵᠠᠪᠤᠷᠢ ᠶᠢᠨ ᠬᠤᠪᠢᠶᠠᠷᠢᠯᠠᠯᠲᠠ ᠶᠢᠨ | ᠲᠥᠰᠥᠯ ᠶᠣᠰᠣᠭᠠᠷ᠂ ᠪᠦᠬᠦᠨ ᠢ ᠳᠡᠭᠡᠭᠰᠢ ᠲᠤᠰᠢᠶᠠᠨ᠎ᠠ᠃ ︵ᠭᠤᠷᠪᠠ︶ ᠥᠮᠴᠢᠯᠡᠬᠦ ᠡᠷᠬᠡ ᠶᠢ ᠰᠢᠯᠵᠢᠭᠦᠯᠦᠨ | ᠥᠭᠭᠦᠭᠰᠡᠨ ᠣᠷᠣᠯᠭ᠎ᠠ᠃ ᠥᠪᠡᠷᠲᠡᠭᠡᠨ ᠵᠠᠰᠠᠬᠤ ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠲᠤᠰᠠᠭᠠᠷ | ᠪᠡᠯᠡᠳᠤ ᠠᠵᠤ ᠠᠬᠤᠶᠢᠯᠠᠯ ︵ᠺᠣᠮᠫᠠᠨᠢ︶ ᠤᠨ ᠥᠮᠴᠢᠯᠡᠬᠦ ᠡᠷᠬᠡ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠪᠤᠶᠤ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠨᠢᠭᠡᠴᠢ ᠶᠢᠨ ᠡᠵᠡᠮᠰᠢᠵᠦ | ᠪᠦᠬᠦᠢ ᠤᠯᠤᠰ ᠤᠨ ᠥᠮᠴᠢᠯᠡᠯᠲᠦ ᠬᠤᠪᠢᠴᠠᠭ᠎ᠠ ᠡᠵᠡᠮᠳᠡᠭᠰᠡᠨ᠂ ᠤᠯᠤᠰ ᠤᠨ ᠥᠮᠴᠢᠯᠡᠯᠲᠦ ᠬᠤᠪᠢ ᠣᠷᠣᠭᠤᠯᠤᠭᠰᠠᠨ | ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠰᠲ᠋ᠣᠺ ᠤᠨ ᠡᠷᠬᠡ ︵ᠬᠤᠪᠢᠴᠠᠭ᠎ᠠ︶ ᠶᠢ ᠰᠢᠯᠵᠢᠭᠦᠯᠦᠨ | ᠥᠭᠭᠦᠭᠰᠡᠨ ᠴᠡᠪᠡᠷ ᠣᠷᠣᠯᠭ᠎ᠠ ᠪᠠᠨ ᠪᠦᠬᠦᠨ ᠢ ᠳᠡᠭᠡᠭᠰᠢ ᠲᠤᠰᠢᠶᠠᠨ᠎ᠠ᠃ ︵ᠳᠥᠷᠪᠡ︶ ᠢᠯᠭᠠᠷᠠᠭᠤᠯᠤᠨ ᠪᠤᠳᠤᠭᠰᠠᠨ | ᠣᠷᠣᠯᠭ᠎ᠠ᠃ ᠥᠪᠡᠷᠲᠡᠭᠡᠨ ᠵᠠᠰᠠᠬᠤ ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠲᠤᠰᠠᠭᠠᠷ ᠪᠡᠯᠡᠳᠤ ᠠᠵᠤ | ᠠᠬᠤᠶᠢᠯᠠᠯ ︵ᠺᠣᠮᠫᠠᠨᠢ︶ ᠤᠨ ᠢᠯᠭᠠᠷᠠᠭᠤᠯᠤᠨ ᠪᠤᠳᠤᠭᠰᠠᠨ ᠣᠷᠣᠯᠭ᠎ᠠ ᠪᠠ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠪᠤᠶᠤ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠨᠢᠭᠡᠴᠢ ᠶᠢᠨ | ᠡᠵᠡᠮᠰᠢᠵᠦ ᠪᠦᠬᠦᠢ ᠤᠯᠤᠰ ᠤᠨ ᠥᠮᠴᠢᠯᠡᠯᠲᠦ ᠬᠤᠪᠢᠴᠠᠭ᠎ᠠ ᠡᠵᠡᠮᠳᠡᠭᠰᠡᠨ᠂ ᠤᠯᠤᠰ ᠤᠨ ᠥᠮᠴᠢᠯᠡᠯᠲᠦ ᠬᠤᠪᠢ | ᠣᠷᠣᠭᠤᠯᠤᠭᠰᠠᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠰᠲ᠋ᠣᠺ ᠤᠨ ᠡᠷᠬᠡ ︵ᠬᠤᠪᠢᠴᠠᠭ᠎ᠠ︶ ᠶᠢᠨ | ᠬᠦᠷᠲᠡᠵᠦ ᠪᠠᠶᠢᠭ᠎ᠠ ᠢᠯᠭᠠᠷᠠᠭᠤᠯᠤᠨ ᠪᠤᠳᠤᠭᠰᠠᠨ ᠣᠷᠣᠯᠭ᠎ᠠ ᠠᠴᠠ ᠢᠯᠭᠠᠷᠠᠭᠤᠯᠤᠨ ᠪᠤᠳᠤᠭᠰᠠᠨ ᠵᠠᠷᠤᠳᠠᠯ ᠢ ᠨᠢ | ᠬᠠᠰᠤᠵᠤ ᠭᠠᠷᠭᠠᠭᠰᠠᠨ ᠤ ᠳᠠᠷᠠᠭᠠᠬᠢ ᠬᠡᠰᠡᠭ ᠢᠶᠠᠨ ᠪᠦᠬᠦᠨ ᠢ ᠳᠡᠭᠡᠭᠰᠢ ᠲᠤᠰᠢᠶᠠᠨ᠎ᠠ᠃ ︵ᠲᠠᠪᠤ︶ ᠤᠯᠤᠰ ᠤᠨ | ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠪᠤᠰᠤᠳ ᠣᠷᠣᠯᠭ᠎ᠠ᠃ ᠳᠡᠭᠡᠷ᠎ᠡ ᠳᠤᠷᠠᠳᠤᠭᠰᠠᠨ ᠣᠷᠣᠯᠭ᠎ᠠ ᠠᠴᠠ | ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠳᠡᠭᠡᠭᠰᠢ | ᠲᠤᠰᠢᠶᠠᠬᠤ ᠪᠠᠷ ᠪᠣᠯᠤᠭᠰᠠᠨ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠪᠤᠰᠤᠳ ᠣᠷᠣᠯᠭ᠎ᠠ᠃ | ᠠᠷᠪᠠᠨ ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ | ᠲᠤᠰᠠᠭᠠᠷ ᠪᠡᠯᠡᠳᠤ ᠠᠵᠤ ᠠᠬᠤᠶᠢᠯᠠᠯ ︵ᠺᠣᠮᠫᠠᠨᠢ︶ ᠤᠨ ᠠᠰᠢᠭ ᠣᠯᠵᠠᠪᠤᠷᠢ ᠶᠢᠨ ᠣᠷᠣᠯᠭ᠎ᠠ ᠶᠢᠨ ᠳᠡᠭᠡᠭᠰᠢ | ᠲᠤᠰᠢᠶᠠᠬᠤ ᠬᠠᠷᠢᠴᠠᠯ ᠢ ᠲᠥᠷᠥᠯ ᠪᠠ ᠲᠠᠰ ᠬᠤᠪᠢᠶᠠᠬᠤ ᠳᠦᠷᠢᠮ ᠢᠶᠠᠷ ᠲᠣᠭᠲᠠᠭᠠᠵᠤ᠂ ᠬᠥᠳᠡᠯᠦᠩᠭᠦᠢ | ᠲᠣᠬᠢᠷᠠᠭᠤᠯᠤᠯᠲᠠ ᠬᠢᠬᠦ ᠶᠢ ᠬᠡᠷᠡᠭᠵᠢᠭᠦᠯᠦᠨ᠎ᠡ᠃ ᠳᠡᠭᠡᠭᠰᠢ ᠲᠤᠰᠢᠶᠠᠬᠤ ᠬᠠᠷᠢᠴᠠᠯ ᠢ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠲᠢᠩᠬᠢᠮ ᠠᠴᠠ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠨᠢᠭᠡᠴᠢ ᠯᠦᠭᠡ | ᠬᠠᠮᠲᠤᠷᠠᠨ ᠰᠠᠨᠠᠭᠤᠯᠭ᠎ᠠ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ | ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ᠃ ᠰᠢᠨ᠎ᠡ ᠪᠠᠷ ᠨᠡᠮᠡᠭᠳᠡᠭᠰᠡᠨ ᠠᠵᠤ ᠠᠬᠤᠶᠢᠯᠠᠯ ᠤᠨ | ᠬᠡᠷᠡᠭᠯᠡᠭᠳᠡᠬᠦ ᠳᠡᠭᠡᠭᠰᠢ ᠲᠤᠰᠢᠶᠠᠬᠤ ᠠᠰᠢᠭ ᠣᠷᠣᠯᠭ᠎ᠠ ᠶᠢᠨ ᠬᠠᠷᠢᠴᠠᠯ ᠢ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ ᠠᠴᠠ ᠬᠤᠯᠪᠣᠭᠳᠠᠯ ᠪᠦᠬᠦᠢ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ | ᠨᠢᠭᠡᠴᠢ ᠯᠦᠭᠡ ᠬᠠᠮᠲᠤᠷᠠᠵᠤ ᠨᠤᠲᠠᠯᠠᠨ ᠲᠣᠭᠲᠠᠭᠠᠨ᠎ᠠ᠃ ᠠᠷᠪᠠᠨ ᠭᠤᠷᠪᠠᠳᠤᠭᠠᠷ ᠵᠦᠢᠯ ᠥᠪᠡᠷᠲᠡᠭᠡᠨ ᠵᠠᠰᠠᠬᠤ | ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠬᠤᠪᠢᠴᠠᠭ᠎ᠠ ᠡᠵᠡᠮᠳᠡᠭᠰᠡᠨ᠂ ᠤᠯᠤᠰ ᠤᠨ ᠥᠮᠴᠢᠯᠡᠯᠲᠦ | ᠬᠤᠪᠢ ᠣᠷᠣᠭᠤᠯᠤᠭᠰᠠᠨ ᠠᠵᠤ ᠠᠬᠤᠶᠢᠯᠠᠯ ᠨᠢ ᠣᠨ ᠤ ᠴᠡᠪᠡᠷ ᠠᠰᠢᠭ ᠣᠯᠵᠠᠪᠤᠷᠢ ᠪᠠᠨ ᠬᠠᠤᠯᠢ ᠲᠣᠭᠲᠠᠭᠠᠯ | ᠶᠣᠰᠣᠭᠠᠷ ᠬᠤᠪᠢᠶᠠᠷᠢᠯᠠᠬᠤ ᠬᠡᠷᠡᠭᠲᠡᠢ᠃ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠨᠢᠭᠡᠴᠢ ᠨᠢ | ᠬᠠᠤᠯᠢ ᠲᠣᠭᠲᠠᠭᠠᠯ ᠶᠣᠰᠣᠭᠠᠷ ᠬᠤᠪᠢ ᠣᠷᠣᠭᠤᠯᠤᠭᠴᠢᠳ ᠤᠨ ︵ᠶᠡᠭᠡ︶ ᠬᠤᠷᠠᠯ ᠳᠤ ᠰᠠᠨᠠᠯ ᠢᠶᠠᠨ ᠢᠯᠡᠳᠬᠡᠬᠦ ᠶᠢᠨ | ᠬᠠᠮᠲᠤ ᠪᠠᠲᠤᠯᠠᠬᠤ ᠡᠷᠬᠡ ᠪᠠᠨ ᠬᠡᠷᠡᠭᠵᠢᠭᠦᠯᠵᠦ᠂ ᠠᠰᠢᠭ ᠣᠯᠵᠠᠪᠤᠷᠢ ᠶᠢᠨ ᠬᠤᠪᠢᠶᠠᠷᠢᠯᠠᠯᠲᠠ ᠶᠢᠨ ᠰᠠᠨᠠᠯ ᠢ | ᠰᠤᠳᠤᠯᠤᠨ ᠳᠤᠷᠠᠳᠬᠤ ᠳᠤ ᠪᠠᠨ᠂ ᠳᠤᠷᠠᠳᠤᠭᠰᠠᠨ ᠠᠰᠢᠭ ᠣᠯᠵᠠᠪᠤᠷᠢ ᠶᠢᠨ ᠬᠤᠪᠢᠶᠠᠷᠢᠯᠠᠯᠲᠠ ᠶᠢ ᠪᠠᠨ ᠠᠳᠠᠯᠢ | ᠲᠦᠷᠦᠯ ᠤᠨ ᠤᠯᠤᠰ ᠤᠨ ᠥᠮᠴᠢᠯᠡᠯᠲᠦ ᠲᠤᠰᠠᠭᠠᠷ ᠪᠡᠯᠡᠳᠤ ᠠᠵᠤ ᠠᠬᠤᠶᠢᠯᠠᠯ ︵ᠺᠣᠮᠫᠠᠨᠢ︶ ᠤᠨ ᠠᠰᠢᠭ | ᠣᠷᠣᠯᠭ᠎ᠠ ᠶᠢᠨ ᠳᠡᠭᠡᠭᠰᠢ ᠲᠤᠰᠢᠶᠠᠬᠤ ᠲᠦᠪᠰᠢᠨ ᠠᠴᠠ ᠳᠣᠣᠷ᠎ᠠ ᠪᠠᠶᠢᠯᠭᠠᠵᠤ ᠪᠣᠯᠬᠤ ᠦᠭᠡᠢ︔ ᠤᠯᠤᠰ ᠤᠨ | ᠥᠮᠴᠢᠯᠡᠯᠲᠦ ᠬᠥᠷᠥᠩᠭᠡ ᠶᠢᠨ ᠲᠥᠰᠥᠪ ᠤᠨ ᠨᠢᠭᠡᠴᠢ ᠨᠢ ᠤᠯᠤᠰ ᠤᠨ ᠥᠮᠴᠢᠯᠡᠯᠲᠦ ᠬᠤᠪᠢᠴᠠᠭ᠎ᠠ ᠡᠵᠡᠮᠳᠡᠭᠰᠡᠨ | ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠠᠰᠢᠭ ᠣᠯᠵᠠᠪᠤᠷᠢ ᠶᠢᠨ ᠬᠤᠪᠢᠶᠠᠷᠢᠯᠠᠯᠲᠠ ᠶᠢᠨ ᠲᠥᠰᠥᠯ ᠢᠶᠠᠨ | ᠬᠠᠤᠯᠢ ᠶᠣᠰᠣᠭᠠᠷ ᠴᠠᠭ ᠲᠤᠬᠠᠢ ᠳᠤ ᠨᠢ ᠲᠣᠭᠲᠠᠭᠠᠯᠭᠠᠬᠤ ᠬᠡᠷᠡᠭᠲᠡᠢ᠂ ᠬᠤᠪᠢ ᠣᠷᠣᠭᠤᠯᠤᠭᠴᠢᠳ ᠤᠨ ︵ᠶᠡᠭᠡ︶ | ᠬᠤᠷᠠᠯ ᠢᠶᠠᠷ ᠳᠡᠭᠡᠷ᠎ᠡ ᠵᠢᠯ ᠤᠨ ᠠᠰᠢᠭ ᠣᠯᠵᠠᠪᠤᠷᠢ ᠶᠢᠨ ᠬᠤᠪᠢᠶᠠᠷᠢᠯᠠᠯᠲᠠ ᠶᠢᠨ ᠲᠥᠰᠥᠯ ᠢ ᠬᠢᠨᠠᠨ ᠵᠥᠪᠯᠡᠵᠦ | ᠲᠣᠭᠲᠠᠭᠠᠬᠤ ᠴᠠᠭ ᠢ ᠨᠢ ᠵᠠᠷᠴᠢᠮ ᠳᠡᠭᠡᠷ᠎ᠡ ᠪᠠᠨ ᠲᠤᠬᠠᠢ ᠶᠢᠨ ᠵᠢᠯ ᠤᠨ 6 ᠳ᠋ᠤᠭᠠᠷ ᠰᠠᠷ᠎ᠠ ᠶᠢᠨ ᠰᠡᠭᠦᠯᠴᠢ ᠠᠴᠠ | ᠬᠤᠶᠢᠰᠢ ᠪᠠᠶᠢᠯᠭᠠᠵᠤ ᠪᠣᠯᠬᠤ ᠦᠭᠡᠢ᠃ ᠠᠷᠪᠠᠨ ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠲᠤᠰ | ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠲᠠᠬᠢ ᠵᠠᠷᠤᠯᠭ᠎ᠠ ᠶᠢᠨ ᠬᠠᠨᠳᠤᠰᠢ | ᠪᠠ ᠭᠤᠣᠯᠳᠠᠯᠭ᠎ᠠ ᠶᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ | ᠲᠣᠭᠲᠠᠭᠠᠭᠰᠠᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠶᠢᠨ ᠡᠭᠦᠷᠭᠡ ᠶᠢ | ᠦᠨᠳᠦᠰᠦᠯᠡᠨ ᠴᠠᠭ ᠲᠤ ᠨᠢ ᠲᠣᠬᠢᠷᠠᠭᠤᠯᠵᠤ ᠲᠣᠬᠢᠷᠠᠭᠤᠯᠤᠯᠲᠠ ᠬᠢᠨ᠎ᠡ᠂ ᠲᠥᠰᠥᠪ ᠢ ᠲᠣᠬᠢᠷᠠᠭᠤᠯᠬᠤ ᠳᠤ | ᠵᠠᠩᠭᠢᠯᠠᠭ᠎ᠠ ᠪᠣᠯᠬᠤ ᠬᠦᠷᠢᠶ᠎ᠡ ᠪᠠ ᠠᠨᠠᠢ ᠪᠠᠶᠢᠭ᠎ᠠ ᠭᠤᠭᠴᠤᠭ᠎ᠠ ᠳᠤ ᠬᠠᠨᠳᠤᠭᠤᠯᠤᠨ ᠲᠥᠪᠯᠡᠷᠡᠭᠦᠯᠵᠦ᠂ ᠤᠯᠤᠰ ᠪᠠ | ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢᠨ ᠡᠳ᠋ ᠤᠨ ᠬᠦᠴᠦᠨ ᠤ | ᠪᠠᠲᠤᠯᠠᠭ᠎ᠠ ᠶᠢ ᠴᠢᠩᠭᠠᠳᠬᠠᠨ᠂ ᠬᠥᠷᠥᠩᠭᠡ ᠶᠢᠨ ᠮᠥᠩᠭᠦᠨ ᠤ ᠣᠷᠣᠭᠤᠯᠤᠯᠲᠠ ᠶᠢ ᠴᠢᠩᠭᠠᠷᠠᠭᠤᠯᠵᠤ᠂ ᠤᠯᠤᠰ ᠤᠨ | ᠥᠮᠴᠢᠯᠡᠯᠲᠦ ᠠᠵᠤ ᠠᠬᠤᠢ ᠶᠢᠨ ᠪᠠᠶᠢᠷᠢᠰᠢᠭᠤᠯᠤᠯᠲᠠ ᠶᠢᠨ ᠰᠢᠯᠢᠳᠡᠭᠵᠢᠯᠲᠡ ᠪᠠ ᠪᠦᠲᠦᠴᠡ ᠶᠢᠨ | ᠲᠣᠬᠢᠷᠠᠭᠤᠯᠤᠯᠲᠠ ᠶᠢ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ | ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠵᠠᠷᠤᠯᠭ᠎ᠠ ᠳᠤ ᠬᠥᠷᠥᠩᠭᠡ ᠶᠢᠨ ᠴᠢᠨᠠᠷᠲᠠᠢ ᠵᠠᠷᠤᠯᠭ᠎ᠠ᠂ | ᠵᠠᠷᠤᠳᠠᠯ ᠤᠨ ᠴᠢᠨᠠᠷᠲᠠᠢ ᠵᠠᠷᠤᠯᠭ᠎ᠠ ᠪᠠ ᠪᠤᠰᠤᠳ ᠵᠠᠷᠤᠯᠭ᠎ᠠ ᠶᠢ ᠪᠠᠭᠲᠠᠭᠠᠵᠤ᠂ ᠡᠩ ᠤᠨ ᠣᠯᠠᠨ ᠨᠡᠶᠢᠲᠡ ᠶᠢᠨ | ᠲᠥᠰᠥᠪ ᠲᠤ ᠰᠢᠯᠵᠢᠭᠦᠯᠦᠨ ᠣᠷᠣᠭᠤᠯᠬᠤ ᠠᠴᠠ ᠭᠠᠳᠠᠨ᠎ᠠ᠂ ᠭᠤᠣᠯᠳᠠᠭᠤ ᠳᠣᠣᠷᠠᠬᠢ ᠬᠡᠷᠡᠭᠴᠡᠭᠡ ᠳᠤ ᠬᠡᠷᠡᠭᠯᠡᠨ᠎ᠡ᠄ ︵ | ᠨᠢᠭᠡ︶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠲᠥᠰᠥᠪ ᠤᠨ ᠠᠵᠤ ᠠᠬᠤᠶᠢᠯᠠᠯ ᠳᠤ ᠬᠥᠷᠥᠩᠭᠡ ᠶᠢᠨ | ᠮᠥᠩᠭᠦᠨ ᠤ ᠣᠷᠣᠭᠤᠯᠤᠯᠲᠠ ᠬᠢᠬᠦ︔ ︵ᠬᠤᠶᠠᠷ︶ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠥᠩᠭᠡᠷᠡᠭᠰᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠵᠢᠴᠢ ᠬᠤᠯᠪᠣᠭᠳᠠᠯ ᠪᠦᠬᠦᠢ | ᠥᠭᠡᠷᠡᠴᠢᠯᠡᠯᠲᠡ ᠶᠢᠨ ᠥᠪᠡᠷ ᠤᠨ ᠦᠷᠲᠡᠭ ᠪᠦᠬᠦᠢ ᠵᠠᠷᠤᠯᠭ᠎ᠠ ᠪᠠᠷ ᠵᠠᠷᠤᠴᠠᠭᠤᠯᠬᠤ︔ ︵ᠭᠤᠷᠪᠠ︶ ᠤᠯᠤᠰ ᠤᠨ | ᠥᠮᠴᠢᠯᠡᠯᠲᠦ ᠬᠥᠷᠥᠩᠭᠡ ᠶᠢᠨ ᠲᠥᠰᠥᠪ ᠤᠨ ᠠᠵᠤ ᠠᠬᠤᠶᠢᠯᠠᠯ ᠳᠤ ᠲᠦᠷᠤ ᠶᠢᠨ ᠪᠣᠳᠣᠯᠭ᠎ᠠ ᠶᠢᠨ ᠴᠢᠨᠠᠷᠲᠠᠢ | ᠨᠡᠮᠡᠭᠦᠷᠢ ᠣᠯᠭᠤᠬᠤ︔ ︵ᠳᠥᠷᠪᠡ︶ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ | ᠪᠤᠰᠤᠳ ᠵᠠᠷᠤᠯᠭ᠎ᠠ᠃ ᠠᠷᠪᠠᠨ ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠤᠯᠤᠰ ᠤᠨ | ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠢ ᠵᠢᠯ ᠪᠦᠷᠢ ᠲᠤᠬᠠᠢ ᠶᠢᠨ ᠵᠢᠯ ᠤᠨ ᠤᠯᠤᠰ ᠤᠨ | ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠣᠷᠣᠯᠭ᠎ᠠ ᠶᠢᠨ ᠵᠣᠬᠢᠬᠤ ᠬᠠᠷᠢᠴᠠᠯ ᠢᠶᠠᠷ ᠡᠩ ᠤᠨ ᠤᠯᠠᠨ | ᠨᠡᠶᠢᠲᠡ ᠶᠢᠨ ᠲᠥᠰᠥᠪ ᠲᠤ ᠰᠢᠯᠵᠢᠭᠦᠯᠦᠨ ᠣᠷᠣᠭᠤᠯᠤᠨ᠎ᠠ᠂ ᠰᠢᠯᠵᠢᠭᠦᠯᠦᠨ ᠣᠷᠣᠭᠤᠯᠬᠤ ᠬᠠᠷᠢᠴᠠᠯ ᠢ ᠨᠢ | 30% ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ ᠳᠥᠷᠪᠡᠳᠦᠭᠡᠷ ᠪᠦᠯᠦᠭ ᠲᠥᠰᠥᠪ ᠢ ᠨᠠᠶᠢᠷᠠᠭᠤᠯᠤᠨ ᠵᠣᠬᠢᠶᠠᠬᠤ | ᠠᠷᠪᠠᠨ ᠵᠢᠷᠭᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠤᠯᠤᠰ ᠤᠨ ᠥᠮᠴᠢᠯᠡᠯᠲᠦ | ᠬᠥᠷᠥᠩᠭᠡ ᠶᠢᠨ ᠡᠵᠡᠩᠨᠡᠯᠲᠡ ᠶᠢᠨ ᠲᠥᠰᠥᠪ ᠢ ᠣᠨ ᠢᠶᠠᠷ ᠲᠤᠰᠠᠭᠠᠷ ᠨᠠᠶᠢᠷᠠᠭᠤᠯᠤᠨ ᠵᠣᠬᠢᠶᠠᠨ᠎ᠠ᠃ ᠠᠷᠪᠠᠨ | ᠳᠣᠯᠣᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠥᠪᠡᠷᠲᠡᠭᠡᠨ ᠵᠠᠰᠠᠬᠤ | ᠣᠷᠣᠨ ᠤ ᠲᠣᠰ ᠱᠠᠲᠤᠨ ᠤ ᠲᠥᠰᠥᠪ ᠢ ᠨᠠᠶᠢᠷᠠᠭᠤᠯᠤᠨ ᠵᠣᠬᠢᠶᠠᠬᠤ ᠨᠢᠭᠡᠳᠦᠯᠲᠡᠢ ᠱᠠᠭᠠᠷᠳᠠᠯᠭ᠎ᠠ ᠶᠣᠰᠣᠭᠠᠷ᠂ ᠣᠨ ᠤ | ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ | ᠲᠥᠰᠥᠪ ᠤᠨ ᠡᠬᠡ ᠲᠥᠰᠥᠯ ᠢ ᠨᠠᠶᠢᠷᠠᠭᠤᠯᠵᠤ ᠮᠡᠳᠡᠭᠦᠯᠬᠦ ᠠᠵᠢᠯ ᠢᠶᠠᠨ ᠪᠠᠶᠢᠷᠢᠯᠠᠭᠤᠯᠤᠨ ᠲᠣᠬᠢᠷᠠᠭᠤᠯᠵᠤ᠂ | ᠲᠥᠰᠥᠪ ᠢ ᠨᠠᠶᠢᠷᠠᠭᠤᠯᠤᠨ ᠵᠣᠬᠢᠶᠠᠬᠤ ᠣᠨ ᠤ ᠱᠠᠭᠠᠷᠳᠠᠯᠭ᠎ᠠ ᠪᠠ ᠲᠥᠰᠥᠪ ᠤᠨ ᠮᠡᠳᠡᠭᠦᠯᠬᠦ ᠬᠦᠰᠦᠨᠦᠭᠲᠦ ᠶᠢᠨ | ᠬᠡᠯᠪᠡᠷᠢ ᠶᠢ ᠨᠢ ᠲᠣᠳᠣᠷᠬᠠᠢ ᠲᠣᠭᠲᠠᠭᠠᠬᠤ ᠬᠡᠷᠡᠭᠲᠡᠢ᠃ ᠠᠷᠪᠠᠨ ᠨᠠᠢᠮᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ | ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠢ ᠨᠠᠶᠢᠷᠠᠭᠤᠯᠤᠨ | ᠵᠣᠬᠢᠶᠠᠬᠤ ᠪᠣᠳᠠᠲᠠᠢ ᠲᠠᠰ ᠳᠠᠷᠠᠭᠠᠯᠠᠯ ᠨᠢ ᠳᠣᠣᠷᠠᠬᠢ ᠮᠡᠲᠦ᠄ ︵ᠨᠢᠭᠡ︶ ᠵᠣᠬᠢᠶᠠᠨ ᠪᠠᠶᠢᠭᠤᠯᠵᠤ ᠲᠣᠬᠢᠷᠠᠭᠤᠯᠬᠤ᠃ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠲᠥᠰᠥᠪ ᠤᠨ ᠣᠷᠣᠯᠭ᠎ᠠ ᠵᠠᠷᠤᠯᠭ᠎ᠠ ᠶᠢᠨ | ᠲᠥᠯᠥᠪᠯᠡᠭᠡ ᠵᠢᠴᠢ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠰᠠᠨᠠᠭᠤᠯᠭ᠎ᠠ ᠶᠢᠨ | ᠡᠬᠡ ᠲᠥᠰᠥᠯ ᠢ ᠨᠠᠶᠢᠷᠠᠭᠤᠯᠤᠨ ᠮᠡᠳᠡᠭᠦᠯᠬᠦ ᠪᠣᠳᠠᠲᠠᠢ ᠱᠠᠭᠠᠷᠳᠠᠯᠭ᠎ᠠ ᠶᠢ ᠬᠠᠷᠢᠭᠤᠴᠠᠨ ᠲᠣᠭᠲᠠᠭᠠᠨ᠎ᠠ︔ ᠤᠯᠤᠰ ᠤᠨ | ᠥᠮᠴᠢᠯᠡᠯᠲᠦ ᠬᠥᠷᠥᠩᠭᠡ ᠶᠢᠨ ᠲᠥᠰᠥᠪ ᠤᠨ ᠨᠢᠭᠡᠴᠢ ᠨᠢ ᠬᠢᠨᠠᠨ ᠬᠠᠮᠢᠶᠠᠷᠴᠤ ᠪᠦᠬᠦᠢ ︵ᠬᠠᠷᠢᠶ᠎ᠠ︶ ᠠᠵᠤ | ᠠᠬᠤᠶᠢᠯᠠᠯ ᠤᠨ ᠲᠥᠰᠥᠪ ᠤᠨ ᠣᠷᠣᠯᠭ᠎ᠠ ᠵᠠᠷᠤᠯᠭ᠎ᠠ ᠶᠢᠨ ᠲᠥᠯᠥᠪᠯᠡᠭᠡ ᠵᠢᠴᠢ ᠤᠯᠤᠰ ᠤᠨ ᠥᠮᠴᠢᠯᠡᠯᠲᠦ | ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠰᠠᠨᠠᠭᠤᠯᠭ᠎ᠠ ᠶᠢᠨ ᠡᠬᠡ ᠲᠥᠰᠥᠯ ᠢ ᠨᠠᠶᠢᠷᠠᠭᠤᠯᠤᠨ | ᠵᠣᠬᠢᠶᠠᠬᠤ ᠯᠤᠭ᠎ᠠ ᠬᠠᠮᠢᠶ᠎ᠠ ᠲᠠᠢ ᠰᠠᠭᠤᠷᠢ ᠠᠵᠢᠯ ᠥᠷᠨᠢᠭᠦᠯᠬᠦ ᠶᠢ ᠬᠠᠷᠢᠭᠤᠴᠠᠨ ᠵᠣᠬᠢᠶᠠᠨ ᠪᠠᠶᠢᠭᠤᠯᠵᠤ᠂ | ᠵᠣᠬᠢᠴᠠᠭᠤᠯᠵᠤ ᠰᠢᠮᠳᠠᠭᠤᠯᠤᠨ᠎ᠠ᠃ ︵ᠬᠤᠶᠠᠷ︶ ᠲᠥᠯᠥᠪᠯᠡᠭᠡ ᠪᠠᠨ ᠮᠡᠳᠡᠭᠦᠯᠬᠦ᠃ ᠤᠯᠤᠰ ᠤᠨ ᠥᠮᠴᠢᠯᠡᠯᠲᠦ | ᠬᠥᠷᠥᠩᠭᠡ ᠶᠢᠨ ᠲᠥᠰᠥᠪ ᠤᠨ ᠠᠵᠤ ᠠᠬᠤᠶᠢᠯᠠᠯ ᠤᠳ ᠣᠨ ᠤ ᠣᠯᠵᠠᠪᠤᠷᠢ ᠶᠢᠨ ᠪᠠᠶᠢᠳᠠᠯ ᠢᠶᠠᠨ ᠦᠨᠳᠦᠰᠦᠯᠡᠨ᠂ | ᠪᠥᠬᠦ ᠵᠢᠯ ᠤᠨ ᠪᠡᠶᠡᠯᠡᠭᠦᠯᠬᠦ ᠠᠰᠢᠭ ᠣᠯᠵᠠᠪᠤᠷᠢ ᠪᠠᠨ ᠤᠷᠢᠳᠴᠢᠯᠠᠨ ᠵᠢᠱᠢᠵᠦ᠂ ᠳᠠᠷᠠᠭ᠎ᠠ ᠵᠢᠯ ᠤᠨ ᠲᠥᠰᠥᠪ ᠤᠨ | ᠣᠷᠣᠯᠭ᠎ᠠ ᠪᠠ ᠲᠥᠰᠥᠪ ᠤᠨ ᠵᠠᠷᠤᠯᠭ᠎ᠠ ᠶᠢᠨ ᠲᠥᠯᠥᠪᠯᠡᠭᠡ ᠪᠣᠯᠭᠠᠵᠤ᠂ ᠮᠠᠲ᠋ᠧᠷᠢᠶᠠᠯ ᠢᠶᠠᠨ ᠤᠯᠤᠰ ᠤᠨ ᠥᠮᠴᠢᠯᠡᠯᠲᠦ | ᠬᠥᠷᠥᠩᠭᠡ ᠶᠢᠨ ᠲᠥᠰᠥᠪ ᠤᠨ ᠨᠢᠭᠡᠴᠢ ᠳᠤ ᠮᠡᠳᠡᠭᠦᠯᠦᠨ ᠬᠦᠷᠭᠡᠵᠦ ᠬᠢᠨᠠᠨ ᠬᠠᠷᠭᠤᠭᠤᠯᠤᠨ᠎ᠠ᠃ ᠤᠯᠤᠰ ᠤᠨ | ᠥᠮᠴᠢᠯᠡᠯᠲᠦ ᠬᠥᠷᠥᠩᠭᠡ ᠶᠢᠨ ᠲᠥᠰᠥᠪ ᠤᠨ ᠠᠵᠤ ᠠᠬᠤᠶᠢᠯᠠᠯ ᠤᠨ ᠮᠡᠳᠡᠭᠦᠯᠬᠦ ᠣᠷᠣᠯᠭ᠎ᠠ ᠪᠠᠨ ᠣᠨ ᠤ | ᠣᠯᠵᠠᠪᠤᠷᠢ ᠶᠢᠨ ᠪᠠᠶᠢᠳᠠᠯ ᠢ ᠦᠨᠳᠦᠰᠦᠯᠡᠨ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠲᠥᠰᠥᠭᠡᠯᠡᠨ | ᠪᠤᠳᠤᠭᠰᠠᠨ ᠪᠠᠶᠢᠬᠤ ᠬᠡᠷᠡᠭᠲᠡᠢ᠃ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠠᠵᠤ ᠠᠬᠤᠶᠢᠯᠠᠯ | ᠵᠠᠷᠤᠯᠭ᠎ᠠ ᠶᠢᠨ ᠲᠦᠷᠦᠯ ᠵᠦᠢᠯ ᠢᠶᠠᠨ ᠮᠡᠳᠡᠭᠦᠯᠬᠦ ᠳᠤ ᠠᠵᠤ ᠠᠬᠤᠶᠢᠯᠠᠯ ᠤᠨ ᠦᠨᠳᠦᠰᠦᠨ ᠪᠠᠶᠢᠳᠠᠯ᠂ ᠣᠷᠤᠭᠤᠯᠤᠯᠲᠠ | ᠬᠢᠬᠦ ᠪᠠᠷ ᠲᠥᠯᠥᠪᠯᠡᠵᠦ ᠪᠠᠶᠢᠭ᠎ᠠ ᠲᠦᠷᠦᠯ ᠵᠦᠢᠯ ᠤᠨ ᠦᠨᠳᠦᠰᠦᠨ ᠪᠠᠶᠢᠳᠠᠯ᠂ ᠲᠦᠷᠦᠯ ᠵᠦᠢᠯ ᠤᠨ | ᠣᠷᠣᠭᠤᠯᠤᠯᠲᠠ ᠶᠢᠨ ᠴᠢᠬᠤᠯᠠ ᠴᠢᠨᠠᠷ ᠪᠠ ᠪᠣᠯᠣᠮᠵᠢᠲᠤ ᠲᠥᠰᠥᠯ ᠵᠡᠷᠭᠡ ᠮᠠᠲ᠋ᠧᠷᠢᠶᠠᠯ ᠢ ᠬᠠᠩᠭᠠᠬᠤ ᠬᠡᠷᠡᠭᠲᠡᠢ᠃ ︵ | ᠭᠤᠷᠪᠠ︶ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠬᠦ᠃ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ | ᠨᠢᠭᠡᠴᠢ ᠨᠢ ᠬᠢᠨᠠᠨ ᠬᠠᠮᠢᠶᠠᠷᠴᠤ ᠪᠦᠬᠦᠢ ︵ᠬᠠᠷᠢᠶ᠎ᠠ︶ ᠠᠵᠤ ᠠᠬᠤᠶᠢᠯᠠᠯ ᠤᠨ ᠢᠶᠠᠨ ᠮᠡᠳᠡᠭᠦᠯᠦᠨ ᠬᠦᠷᠭᠡᠭᠰᠡᠨ | ᠣᠷᠣᠯᠭ᠎ᠠ ᠵᠠᠷᠤᠯᠭ᠎ᠠ ᠶᠢᠨ ᠲᠥᠯᠥᠪᠯᠡᠭᠡ ᠶᠢ ᠬᠠᠷᠢᠭᠤᠴᠠᠨ ᠬᠢᠨᠠᠵᠤ ᠬᠠᠷᠭᠤᠭᠤᠯᠤᠨ ᠬᠤᠷᠢᠶᠠᠩᠭᠤᠶᠢᠯᠠᠵᠤ᠂ ᠲᠣᠰ | ᠰᠠᠯᠠᠭ᠎ᠠ ᠮᠥᠴᠢᠷ ᠨᠢᠭᠡᠴᠢ ᠶᠢᠨ ᠢᠶᠠᠨ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ | ᠰᠠᠨᠠᠭᠤᠯᠭ᠎ᠠ ᠶᠢᠨ ᠡᠬᠡ ᠲᠥᠰᠥᠯ ᠢ ᠨᠠᠶᠢᠷᠠᠭᠤᠯᠤᠨ ᠵᠣᠬᠢᠶᠠᠵᠤ᠂ ᠲᠣᠭᠲᠠᠭᠰᠠᠨ ᠴᠠᠭ ᠬᠤᠭᠤᠴᠠᠭᠠᠨ ᠳᠤ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠤ ᠮᠡᠳᠡᠭᠦᠯᠦᠨ ᠬᠦᠷᠭᠡᠵᠦ ᠬᠢᠨᠠᠨ ᠬᠠᠷᠭᠤᠭᠤᠯᠤᠨ᠎ᠠ᠃ | ᠰᠠᠨᠠᠭᠤᠯᠭ᠎ᠠ ᠶᠢᠨ ᠡᠬᠡ ᠲᠥᠰᠥᠯ ᠤᠨ ᠣᠷᠣᠯᠭ᠎ᠠ ᠶᠢᠨ ᠲᠥᠰᠥᠪ ᠢ ᠨᠢᠭᠡᠳᠦᠭᠡᠷ ᠳᠡᠰ ᠤᠨ ᠠᠵᠤ ᠠᠬᠤᠶᠢᠯᠠᠯ ᠳᠤ | ᠬᠦᠷᠲᠡᠯ᠎ᠡ ᠨᠠᠶᠢᠷᠠᠭᠤᠯᠤᠨ ᠵᠢᠭᠰᠠᠭᠠᠵᠤ᠂ ᠵᠠᠷᠤᠯᠭ᠎ᠠ ᠶᠢᠨ ᠲᠥᠰᠥᠪ ᠲᠠᠬᠢ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠬᠥᠷᠥᠩᠭᠡ ᠶᠢᠨ ᠮᠥᠩᠭᠦᠨ ᠤ ᠣᠷᠣᠭᠤᠯᠤᠯᠲᠠ ᠶᠢᠨ ᠵᠠᠷᠤᠯᠭ᠎ᠠ ᠳᠤ ᠵᠠᠷᠴᠢᠮ ᠳᠡᠭᠡᠷ᠎ᠡ ᠪᠠᠨ ᠪᠣᠳᠠᠲᠠᠢ | ᠠᠵᠤ ᠠᠬᠤᠶᠢᠯᠠᠯ ᠢ ᠨᠢ ᠲᠣᠳᠣᠷᠬᠠᠶᠢᠯᠠᠵᠤ᠂ ᠪᠤᠰᠤᠳ ᠵᠠᠷᠤᠯᠭ᠎ᠠ ᠳᠤ ᠪᠣᠯ ᠵᠠᠷᠴᠢᠮ ᠳᠡᠭᠡᠷ᠎ᠡ ᠪᠠᠨ ᠪᠣᠳᠠᠲᠠᠢ ᠲᠦᠷᠦᠯ | ᠵᠦᠢᠯ ᠢ ᠨᠢ ᠲᠣᠳᠣᠷᠬᠠᠶᠢᠯᠠᠬᠤ ᠬᠡᠷᠡᠭᠲᠡᠢ᠃ ᠵᠠᠷᠤᠯᠭ᠎ᠠ ᠶᠢᠨ ᠲᠥᠰᠥᠪ ᠢ ᠪᠣᠳᠠᠲᠠᠢ ᠠᠵᠤ ᠠᠬᠤᠶᠢᠯᠠᠯ ᠪᠤᠶᠤ ᠲᠦᠷᠦᠯ | ᠵᠦᠢᠯ ᠬᠦᠷᠲᠡᠯ᠎ᠡ ᠨᠠᠷᠢᠯᠢᠭᠵᠢᠭᠤᠯᠬᠤ ᠶᠢᠨ ᠠᠷᠭ᠎ᠠ ᠦᠭᠡᠢ ᠪᠣᠯ᠂ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ | ᠬᠡᠷᠡᠭᠲᠡᠢ᠃ ︵ᠳᠥᠷᠪᠡ︶ ᠨᠢᠭᠡᠳᠦᠯᠲᠡᠢ ᠲᠥᠯᠥᠪᠯᠡᠵᠦ ᠨᠠᠶᠢᠷᠠᠭᠤᠯᠤᠨ ᠵᠣᠬᠢᠶᠠᠬᠤ᠃ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠬᠢᠮ ᠨᠢ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠶᠢᠨ | ᠰᠠᠨᠠᠭᠤᠯᠭ᠎ᠠ ᠶᠢᠨ ᠡᠬᠡ ᠲᠥᠰᠥᠯ ᠢ ᠬᠤᠷᠢᠶᠠᠩᠭᠤᠶᠢᠯᠠᠭᠰᠠᠨ ᠤ ᠳᠠᠷᠠᠭ᠎ᠠ᠂ ᠲᠤᠬᠠᠢ ᠶᠢᠨ ᠵᠢᠯ ᠳᠤ ᠲᠣᠬᠢᠷᠠᠭᠤᠯᠵᠤ | ᠪᠣᠯᠬᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ | ᠡᠵᠡᠩᠨᠡᠯᠲᠡ ᠶᠢᠨ ᠲᠥᠰᠥᠪ ᠤᠨ ᠣᠷᠣᠯᠭ᠎ᠠ ᠶᠢᠨ ᠬᠡᠪᠴᠢᠶ᠎ᠡ ᠪᠠᠨ ᠨᠢᠭᠡᠳᠦᠯᠲᠡᠢ ᠲᠥᠯᠥᠪᠯᠡᠨ᠂ ᠵᠠᠷᠤᠯᠭ᠎ᠠ ᠶᠢᠨ | ᠬᠡᠪᠴᠢᠶ᠎ᠡ ᠶᠢ ᠨᠢ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ | ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠡᠬᠡ ᠲᠥᠰᠥᠯ ᠪᠣᠯᠭᠠᠵᠤ᠂ ᠲᠣᠭᠲᠠᠭᠠᠭᠰᠠᠨ ᠲᠠᠰ ᠳᠠᠷᠠᠭᠠᠯᠠᠯ ᠢᠶᠠᠷ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ ᠲᠣᠭᠲᠠᠭᠠᠯᠭᠠᠭᠰᠠᠨ ᠤ | ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠮᠡᠳᠡᠭᠦᠯᠵᠦ | ᠵᠥᠪᠰᠢᠶᠡᠷᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ | ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠡᠬᠡ ᠲᠥᠰᠥᠯ ᠤᠨ ᠣᠷᠣᠯᠭ᠎ᠠ ᠶᠢ ᠨᠠᠶᠢᠷᠠᠭᠤᠯᠤᠨ ᠵᠣᠬᠢᠶᠠᠬᠤ | ᠠᠭᠤᠯᠭ᠎ᠠ ᠳᠤ᠄ ᠲᠣᠰ ᠱᠠᠲᠤᠨ ᠤ ᠣᠷᠣᠯᠭ᠎ᠠ᠂ ᠳᠡᠭᠡᠷ᠎ᠡ ᠣᠨ ᠤ ᠦᠯᠡᠳᠡᠪᠦᠷᠢ᠂ ᠣᠷᠣᠨ ᠨᠤᠲᠤᠭ ᠤᠨ ᠳᠡᠭᠡᠭᠰᠢ | ᠲᠤᠰᠢᠶᠠᠬᠤ ᠣᠷᠣᠯᠭ᠎ᠠ ᠶᠢ ᠪᠠᠭᠲᠠᠭᠠᠨ᠎ᠠ᠂ ᠡᠭᠦᠨ ᠳᠤ᠂ ᠲᠣᠰ ᠱᠠᠲᠤᠨ ᠤ ᠣᠷᠣᠯᠭ᠎ᠠ ᠶᠢ ᠨᠢᠭᠡᠳᠦᠭᠡᠷ ᠳᠡᠰ ᠤᠨ ᠠᠵᠤ | ᠠᠬᠤᠶᠢᠯᠠᠯ ᠳᠤ ᠬᠦᠷᠲᠡᠯ᠎ᠡ ᠨᠠᠶᠢᠷᠠᠭᠤᠯᠤᠨ ᠵᠢᠭᠰᠠᠭᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠲᠣᠰ | ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠡᠬᠡ ᠲᠥᠰᠥᠯ ᠤᠨ | ᠵᠠᠷᠤᠯᠭ᠎ᠠ ᠶᠢ ᠨᠠᠶᠢᠷᠠᠭᠤᠯᠤᠨ ᠵᠣᠬᠢᠶᠠᠬᠤ ᠠᠭᠤᠯᠭ᠎ᠠ ᠳᠤ᠄ ᠲᠣᠰ ᠱᠠᠲᠤᠨ ᠤ ᠵᠠᠷᠤᠯᠭ᠎ᠠ᠂ ᠡᠩ ᠤᠨ ᠣᠯᠠᠨ | ᠨᠡᠶᠢᠲᠡ ᠶᠢᠨ ᠲᠥᠰᠥᠪ ᠠᠴᠠ ᠰᠢᠯᠵᠢᠭᠦᠯᠦᠨ ᠭᠠᠷᠭᠠᠬᠤ ᠪᠡᠯᠡ ᠮᠥᠩᠭᠦ᠂ ᠳᠣᠣᠷᠠᠳᠤ ᠱᠠᠲᠤᠨ ᠤ ᠣᠨᠴᠠᠭᠠᠢ | ᠲᠣᠭᠲᠠᠭᠠᠭᠰᠠᠨ ᠵᠦᠢᠯᠡᠰ ᠲᠤ ᠰᠢᠯᠵᠢᠭᠦᠯᠦᠨ ᠥᠭᠬᠦ᠂ ᠳᠡᠭᠡᠭᠰᠢ ᠪᠠᠨ ᠳᠡᠭᠡᠳᠦ ᠱᠠᠲᠤᠨ ᠳᠤ ᠲᠤᠰᠢᠶᠠᠬᠤ ᠵᠠᠷᠤᠯᠭ᠎ᠠ ᠶᠢ | ᠪᠠᠭᠲᠠᠭᠠᠨ᠎ᠠ᠃ ᠠᠷᠪᠠ ᠶᠢᠰᠦᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠤᠯᠤᠰ ᠤᠨ | ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠡᠬᠡ ᠲᠥᠰᠥᠯ ᠢ ᠥᠪᠡᠷᠲᠡᠭᠡᠨ ᠵᠠᠰᠠᠬᠤ ᠣᠷᠣᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢᠶᠠᠷ ᠵᠥᠪᠰᠢᠶᠡᠷᠡᠭᠦᠯᠦᠭᠰᠡᠨ ᠤ ᠲᠠᠷᠠᠭ᠎ᠠ᠂ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠬᠢᠮ ᠨᠢ 20 ᠡᠳᠦᠷ ᠤᠨ ᠳᠣᠲᠣᠷ᠎ᠠ ᠬᠤᠯᠪᠣᠭᠳᠠᠯ ᠪᠦᠬᠦᠢ ᠤᠯᠤᠰ ᠤᠨ | ᠥᠮᠴᠢᠯᠡᠯᠲᠦ ᠬᠥᠷᠥᠩᠭᠡ ᠶᠢᠨ ᠲᠥᠰᠥᠪ ᠤᠨ ᠨᠢᠭᠡᠴᠢ ᠳᠤ ᠲᠥᠰᠥᠪ ᠤᠨ ᠬᠠᠷᠢᠭᠤ ᠴᠣᠬᠤᠯᠠᠪᠤᠷᠢ ᠥᠭᠭᠦᠨ᠎ᠡ᠃ | ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠨᠢᠭᠡᠴᠢ ᠨᠢ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ ᠤᠨ ᠬᠠᠷᠢᠭᠤ ᠴᠣᠬᠤᠯᠠᠪᠤᠷᠢ ᠲᠠᠢ ᠲᠥᠰᠥᠪ ᠢ ᠭᠥᠯᠢᠶᠡᠨ ᠠᠪᠤᠭᠰᠠᠨ ᠤ ᠳᠠᠷᠠᠭ᠎ᠠ 15 | ᠡᠳᠦᠷ ᠤᠨ ᠳᠣᠲᠣᠷ᠎ᠠ ᠬᠢᠨᠠᠨ ᠬᠠᠮᠢᠶᠠᠷᠴᠤ ᠪᠦᠬᠦᠢ ︵ᠬᠠᠷᠢᠶ᠎ᠠ︶ ᠠᠵᠤ ᠠᠬᠤᠶᠢᠯᠠᠯ ᠳᠤ ᠲᠥᠰᠥᠪ ᠢ ᠨᠢ ᠬᠠᠷᠢᠭᠤ | ᠴᠣᠬᠤᠯᠠᠪᠤᠷᠢᠯᠠᠨ ᠥᠭᠬᠦ ᠬᠡᠷᠡᠭᠲᠡᠢ᠃ ᠲᠠᠪᠤᠳᠤᠭᠠᠷ ᠪᠦᠯᠦᠭ ᠲᠥᠰᠥᠪ ᠤᠨ ᠭᠦᠢᠴᠡᠳᠭᠡᠯᠲᠡ ᠬᠤᠷᠢᠳᠤᠭᠠᠷ ᠵᠦᠢᠯ | ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ | ᠲᠥᠰᠥᠪ ᠤᠨ ᠪᠡᠯᠡ ᠮᠥᠩᠭᠦᠨ ᠤ ᠬᠤᠷᠢᠶᠠᠵᠤ ᠠᠪᠬᠤ ᠪᠠ ᠭᠠᠷᠭᠠᠵᠤ ᠥᠭᠬᠦ ᠶᠢ ᠡᠳ᠋ ᠤᠨ ᠵᠠᠰᠠᠭ ᠤᠨ ᠤᠯᠤᠰ ᠤᠨ | ᠬᠥᠮᠥᠷᠭᠡ ᠶᠢᠨ ᠲᠥᠪᠯᠡᠷᠡᠭᠦᠯᠦᠨ ᠬᠤᠷᠢᠶᠠᠵᠤ ᠠᠪᠬᠤ ᠪᠠ ᠭᠠᠷᠭᠠᠵᠤ ᠥᠭᠬᠦ ᠳᠦᠷᠢᠮ ᠤᠨ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠬᠤᠷᠢᠨ ᠨᠢᠭᠡᠳᠦᠭᠡᠷ ᠵᠦᠢᠯ ᠤᠯᠤᠰ ᠤᠨ ᠥᠮᠴᠢᠯᠡᠯᠲᠦ ᠬᠥᠷᠥᠩᠭᠡ ᠶᠢᠨ | ᠲᠥᠰᠥᠪ ᠤᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠬᠥᠷᠥᠩᠭᠡ ᠶᠢᠨ ᠠᠰᠢᠭ ᠣᠷᠣᠯᠭ᠎ᠠ ᠶᠢ ᠳᠡᠭᠡᠭᠰᠢ | ᠲᠤᠰᠢᠶᠠᠬᠤ ᠳᠤ ᠳᠣᠣᠷᠠᠬᠢ ᠳᠡᠰ ᠳᠠᠷᠠᠭᠠᠯᠠᠯ ᠢᠶᠠᠷ ᠬᠡᠷᠡᠭᠵᠢᠭᠦᠯᠦᠨ᠎ᠡ᠄ ︵ᠨᠢᠭᠡ︶ ᠮᠡᠳᠡᠭᠦᠯᠬᠦ᠃ ᠤᠯᠤᠰ ᠤᠨ | ᠥᠮᠴᠢᠯᠡᠯᠲᠦ ᠬᠥᠷᠥᠩᠭᠡ ᠶᠢᠨ ᠲᠥᠰᠥᠪ ᠤᠨ ᠨᠢᠭᠡᠴᠢ ᠨᠢ ᠬᠢᠨᠠᠨ ᠬᠠᠮᠢᠶᠠᠷᠴᠤ ᠪᠦᠬᠦᠢ ︵ᠬᠠᠷᠢᠶ᠎ᠠ︶ ᠠᠵᠤ | ᠠᠬᠤᠶᠢᠯᠠᠯ ᠤᠨ ᠳᠡᠭᠡᠭᠰᠢ ᠮᠡᠳᠡᠭᠦᠯᠦᠭᠰᠡᠨ ᠤᠯᠤᠰ ᠤᠨ ᠥᠮᠴᠢᠯᠡᠯᠲᠦ ᠬᠥᠷᠥᠩᠭᠡ ᠶᠢᠨ ᠠᠰᠢᠭ ᠣᠷᠣᠯᠭ᠎ᠠ ᠶᠢᠨ | ᠮᠡᠳᠡᠭᠦᠯᠬᠦ ᠬᠦᠰᠦᠨᠦᠭᠲᠦ ᠵᠢᠴᠢ ᠬᠠᠮᠢᠶ᠎ᠠ ᠪᠦᠬᠦᠢ ᠮᠠᠲ᠋ᠧᠷᠢᠶᠠᠯ ᠢ ᠣᠯᠣᠭᠰᠠᠨ ᠤ ᠳᠠᠷᠠᠭ᠎ᠠ ᠬᠢᠨᠠᠨ ᠬᠠᠷᠭᠤᠭᠤᠯᠤᠭᠰᠠᠨ | ᠰᠠᠨᠠᠯ ᠢᠶᠠᠨ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠤ ᠮᠡᠳᠡᠭᠦᠯᠦᠨ | ᠬᠦᠷᠭᠡᠨ᠎ᠡ᠃ ︵ᠬᠤᠶᠠᠷ︶ ᠳᠠᠬᠢᠨᠲᠠ ᠬᠢᠨᠠᠬᠤ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ ᠨᠢ ᠮᠡᠳᠡᠭᠦᠯᠦᠭᠰᠡᠨ ᠠᠰᠢᠭ ᠣᠷᠣᠯᠭ᠎ᠠ ᠵᠢᠴᠢ ᠬᠠᠮᠢᠶ᠎ᠠ ᠪᠦᠬᠦᠢ ᠮᠠᠲ᠋ᠧᠷᠢᠶᠠᠯ ᠢ ᠳᠠᠬᠢᠨᠲᠠ ᠬᠢᠨᠠᠵᠤ | ᠨᠤᠲᠠᠯᠠᠭᠰᠠᠨ ᠤ ᠳᠠᠷᠠᠭ᠎ᠠ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠨᠢᠭᠡᠴᠢ ᠳᠤ ᠳᠠᠬᠢᠨᠲᠠ | ᠬᠢᠨᠠᠭᠰᠠᠨ ᠳ᠋ᠦᠩ ᠢ ᠪᠠᠭᠤᠯᠭᠠᠬᠤ ᠶᠢᠨ ᠬᠠᠮᠲᠤ ᠠᠰᠢᠭ ᠣᠷᠣᠯᠭ᠎ᠠ ᠶᠢ ᠳᠡᠭᠡᠭᠰᠢ ᠲᠤᠰᠢᠶᠠᠬᠤ ᠴᠠᠭ ᠤᠨ ᠬᠢᠵᠠᠭᠠᠷ | ᠵᠢᠴᠢ ᠠᠷᠭ᠎ᠠ ᠬᠡᠯᠪᠡᠷᠢ ᠶᠢ ᠲᠣᠭᠲᠠᠭᠠᠨ᠎ᠠ᠃ ︵ᠭᠤᠷᠪᠠ︶ ᠳᠡᠭᠡᠭᠰᠢ ᠲᠤᠰᠢᠶᠠᠬᠤ᠃ ᠤᠯᠤᠰ ᠤᠨ ᠥᠮᠴᠢᠯᠡᠯᠲᠦ | ᠬᠥᠷᠥᠩᠭᠡ ᠶᠢᠨ ᠲᠥᠰᠥᠪ ᠤᠨ ᠠᠵᠤ ᠠᠬᠤᠶᠢᠯᠠᠯ ᠨᠢ ᠠᠰᠢᠭ ᠣᠷᠣᠯᠭ᠎ᠠ ᠶᠢᠨ ᠳᠡᠭᠡᠭᠰᠢ ᠲᠤᠰᠢᠶᠠᠬᠤ ᠮᠡᠳᠡᠭᠳᠡᠯ ᠢ | ᠦᠨᠳᠦᠰᠦᠯᠡᠨ᠂ ᠲᠣᠭᠲᠠᠭᠰᠠᠨ ᠴᠠᠭ ᠤᠨ ᠳᠣᠲᠣᠷ᠎ᠠ ᠵᠣᠭᠤᠰ ᠲᠤᠰᠢᠶᠠᠬᠤ ᠭᠠᠷᠳᠠᠮ ᠢ ᠭᠦᠢᠴᠡᠳᠬᠡᠨ᠎ᠡ᠃ ᠬᠤᠷᠢᠨ | ᠬᠤᠶᠠᠳᠤᠭᠠᠷ ᠵᠦᠢᠯ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠠᠵᠤ ᠠᠬᠤᠶᠢᠯᠠᠯ ᠤᠳ ᠱᠠᠭᠠᠷᠳᠠᠯᠭ᠎ᠠ | ᠶᠣᠰᠣᠭᠠᠷ᠂ ᠤᠯᠤᠰ ᠤᠨ ᠥᠮᠴᠢᠯᠡᠯᠲᠦ ᠬᠥᠷᠥᠩᠭᠡ ᠶᠢᠨ ᠠᠰᠢᠭ ᠣᠷᠤᠯᠭ᠎ᠠ ᠶᠢ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠲᠤ ᠴᠠᠭ ᠲᠤᠬᠠᠢ ᠳᠤ ᠨᠢ ᠲᠤᠭ᠎ᠠ ᠶᠣᠰᠣᠭᠠᠷ ᠭᠦᠢᠴᠡᠳ ᠲᠤᠰᠢᠶᠠᠬᠤ ᠬᠡᠷᠡᠭᠲᠡᠢ᠂ ᠶᠠᠮᠠᠷᠪᠠ ᠰᠠᠯᠠᠭ᠎ᠠ | ᠮᠥᠴᠢᠷ ᠪᠠ ᠨᠢᠭᠡᠴᠢ ᠭᠡᠳ ᠳᠤᠷ᠎ᠠ ᠪᠠᠷ ᠢᠶᠠᠨ ᠬᠠᠰᠤᠵᠤ ᠬᠡᠯᠲᠦᠷᠢᠭᠦᠯᠬᠦ ᠪᠤᠶᠤ ᠲᠤᠰᠢᠶᠠᠬᠤ ᠶᠢ ᠲᠡᠪᠴᠢᠵᠦ ᠪᠣᠯᠬᠤ | ᠦᠭᠡᠢ᠃ ᠬᠤᠷᠢᠨ ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠤᠯᠤᠰ ᠤᠨ | ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠵᠠᠷᠤᠯᠭ᠎ᠠ ᠶᠢ ᠬᠠᠷᠢᠭᠤ ᠴᠣᠬᠤᠯᠠᠪᠤᠷᠢᠯᠠᠭᠰᠠᠨ | ᠲᠥᠰᠥᠪ ᠤᠨ ᠶᠣᠰᠣᠭᠠᠷ ᠭᠦᠢᠴᠡᠳᠬᠡᠬᠦ ᠬᠡᠷᠡᠭᠲᠡᠢ᠃ ᠵᠢᠯ ᠤᠨ ᠡᠬᠢᠨ ᠤ ᠲᠥᠰᠥᠪ ᠤᠨ ᠡᠬᠡ ᠲᠥᠰᠥᠯ ᠤᠨ | ᠵᠠᠷᠤᠯᠭ᠎ᠠ ᠶᠢᠨ ᠲᠥᠰᠥᠪ ᠲᠤ ᠨᠠᠷᠢᠯᠢᠭᠵᠢᠭᠤᠯᠤᠭᠠᠳᠤᠢ ᠪᠠᠶᠢᠭ᠎ᠠ ᠬᠥᠷᠥᠩᠭᠡ ᠶᠢᠨ ᠮᠥᠩᠭᠦᠨ ᠤ ᠣᠷᠣᠭᠤᠯᠤᠯᠲᠠ ᠶᠢᠨ | ᠵᠠᠷᠤᠯᠭ᠎ᠠ ᠪᠠ ᠳᠣᠷᠣᠭᠰᠢ ᠰᠢᠯᠵᠢᠭᠦᠯᠦᠨ ᠥᠭᠬᠦ ᠵᠠᠷᠤᠯᠭ᠎ᠠ ᠶᠢᠨ ᠵᠦᠢᠯᠡᠰ ᠢ ᠣᠨ ᠤ ᠲᠥᠰᠥᠪ ᠢ ᠭᠦᠢᠴᠡᠳᠬᠡᠬᠦ | ᠶᠠᠪᠤᠴᠠ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠤᠯᠤᠰ ᠤᠨ ᠥᠮᠴᠢᠯᠡᠯᠲᠦ | ᠬᠥᠷᠥᠩᠭᠡ ᠶᠢᠨ ᠲᠥᠰᠥᠪ ᠤᠨ ᠨᠢᠭᠡᠴᠢ ᠯᠦᠭᠡ ᠬᠠᠮᠲᠤᠷᠠᠨ ᠪᠡᠯᠡ ᠮᠥᠩᠭᠦ ᠲᠣᠬᠢᠷᠠᠭᠤᠯᠬᠤ ᠰᠠᠨᠠᠯ ᠢ ᠰᠤᠳᠤᠯᠤᠨ | ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ | ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ᠃ ᠬᠤᠷᠢᠨ ᠳᠥᠷᠪᠡᠳᠦᠭᠡᠷ ᠵᠦᠢᠯ ᠥᠪᠡᠷᠲᠡᠭᠡᠨ ᠵᠠᠰᠠᠬᠤ | ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ | ᠵᠠᠷᠤᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠥᠷᠥᠩᠭᠡ ᠶᠢᠨ ᠴᠢᠨᠠᠷᠲᠠᠢ ᠵᠠᠷᠤᠯᠭ᠎ᠠ ᠳᠤ ᠴᠠᠭ ᠲᠤᠬᠠᠢ ᠳᠤ ᠨᠢ | ᠬᠥᠷᠥᠩᠭᠡ ᠶᠢᠨ ᠮᠥᠩᠭᠦ ᠶᠢ ᠨᠡᠮᠡᠭᠳᠡᠭᠦᠯᠵᠦ᠂ ᠠᠵᠤ ᠠᠬᠤᠶᠢᠯᠠᠯ ᠤᠨ ᠬᠥᠷᠥᠩᠭᠡ ᠪᠠᠨ ᠨᠡᠮᠡᠭᠳᠡᠭᠦᠯᠬᠦ ᠬᠤᠯᠪᠣᠭᠳᠠᠯ | ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠦᠨ᠂ ᠤᠯᠤᠰ ᠤᠨ ᠥᠮᠴᠢᠯᠡᠯᠲᠦ ᠬᠥᠷᠥᠩᠭᠡ ᠶᠢᠨ ᠡᠷᠬᠡ ᠠᠰᠢᠭ ᠢ | ᠨᠠᠶᠢᠳᠠᠪᠤᠷᠢᠵᠢᠭᠤᠯᠵᠤ᠂ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠠᠵᠤ ᠠᠬᠤᠶᠢᠯᠠᠯ ᠠᠴᠠ | ᠲᠣᠭᠲᠠᠭᠰᠠᠨ ᠴᠢᠭᠯᠡᠯ ᠪᠠ ᠬᠡᠷᠡᠭᠴᠡᠭᠡ ᠶᠣᠰᠣᠭᠠᠷ ᠨᠢᠭᠡᠳᠦᠯᠲᠡᠢ ᠲᠥᠯᠥᠪᠯᠡᠨ ᠬᠡᠷᠡᠭᠯᠡᠬᠦ ᠬᠡᠷᠡᠭᠲᠡᠢ︔ ᠵᠠᠷᠤᠳᠠᠯ ᠤᠨ | ᠴᠢᠨᠠᠷᠲᠠᠢ ᠵᠠᠷᠤᠯᠭ᠎ᠠ ᠶᠢ ᠲᠣᠭᠲᠠᠭᠠᠯ ᠢ ᠴᠢᠩᠭ᠎ᠠ ᠵᠢᠷᠤᠮᠯᠠᠨ ᠬᠡᠷᠡᠭᠯᠡᠬᠦ ᠬᠡᠷᠡᠭᠲᠡᠢ᠂ ᠬᠡᠷᠡᠭᠯᠡᠬᠦ ᠬᠡᠪᠴᠢᠶ᠎ᠡ ᠶᠢ | ᠥᠷᠭᠡᠳᠬᠡᠵᠦ ᠪᠣᠯᠬᠤ ᠦᠭᠡᠢ᠂ ᠦᠯᠡᠳᠡᠪᠦᠷᠢ ᠪᠡᠯᠡ ᠮᠥᠩᠭᠦ ᠶᠢ ᠰᠠᠨᠠᠭᠠᠴᠢᠯᠠᠭ᠎ᠠ ᠠᠴᠠ ᠪᠠᠨ ᠡᠳ᠋ ᠤᠨ ᠵᠠᠰᠠᠭ ᠲᠤ | ᠪᠤᠴᠠᠭᠠᠨ ᠥᠭᠬᠦ ᠬᠡᠷᠡᠭᠲᠡᠢ᠃ ᠬᠤᠷᠢᠨ ᠲᠠᠪᠤᠳᠤᠭᠠᠷ ᠵᠦᠢᠯ ᠲᠥᠰᠥᠪ ᠢ ᠭᠦᠢᠴᠡᠳᠬᠡᠬᠦ ᠶᠠᠪᠤᠴᠠ ᠳᠤ ᠦᠨᠡᠨ ᠬᠦ | ᠲᠣᠬᠢᠷᠠᠭᠤᠯᠤᠯᠲᠠ ᠬᠢᠬᠦ ︵ᠵᠣᠬᠢᠴᠠᠭᠤᠯᠬᠤ︶ ᠴᠢᠬᠤᠯᠠᠲᠠᠢ ᠪᠠᠶᠢᠪᠠᠯ᠂ ᠳᠣᠣᠷᠠᠬᠢ ᠳᠡᠰ ᠳᠠᠷᠠᠭᠠᠯᠠᠯ ᠢᠶᠠᠷ | ᠭᠦᠢᠴᠡᠳᠬᠡᠨ᠎ᠡ᠄ ︵ᠨᠢᠭᠡ︶ ᠲᠥᠰᠥᠪ ᠢ ᠲᠣᠬᠢᠷᠠᠭᠤᠯᠬᠤ᠃ ᠲᠥᠰᠥᠪ ᠢ ᠭᠦᠢᠴᠡᠳᠬᠡᠬᠦ ᠶᠠᠪᠤᠴᠠ ᠳᠤ ᠲᠥᠰᠥᠪ ᠤᠨ | ᠶᠡᠷᠦᠩᠬᠡᠢ ᠵᠠᠷᠤᠯᠭ᠎ᠠ ᠶᠢ ᠨᠡᠮᠡᠭᠳᠡᠭᠦᠯᠬᠦ᠂ ᠪᠠᠭᠠᠰᠬᠠᠬᠤ ᠪᠤᠶᠤ ᠲᠥᠰᠥᠪ ᠲᠤ ᠲᠣᠬᠢᠷᠠᠭᠤᠯᠤᠭᠰᠠᠨ ᠭᠤᠣᠯᠳᠠᠯᠭ᠎ᠠ ᠪᠣᠯᠬᠤ | ᠵᠠᠷᠤᠯᠭ᠎ᠠ ᠶᠢᠨ ᠲᠤᠭ᠎ᠠ ᠬᠡᠮᠵᠢᠶ᠎ᠡ ᠶᠢ ᠲᠣᠬᠢᠷᠠᠭᠤᠯᠤᠨ ᠬᠠᠰᠤᠬᠤ ᠴᠢᠬᠤᠯᠠᠲᠠᠢ ᠪᠠᠶᠢᠳᠠᠯ ᠭᠠᠷᠪᠠᠯ᠂ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠲᠥᠰᠥᠪ ᠤᠨ ᠲᠣᠬᠢᠷᠠᠭᠤᠯᠬᠤ ᠲᠥᠰᠥᠯ ᠢ ᠨᠠᠶᠢᠷᠠᠭᠤᠯᠤᠨ | ᠵᠣᠬᠢᠶᠠᠵᠤ᠂ ᠲᠥᠰᠥᠪ ᠤᠨ ᠲᠣᠬᠢᠷᠠᠭᠤᠯᠤᠯᠲᠠ ᠬᠢᠬᠦ ᠤᠴᠢᠷ ᠰᠢᠯᠲᠠᠭᠠᠨ᠂ ᠲᠥᠷᠥᠯ ᠵᠦᠢᠯ ᠪᠠ ᠲᠤᠭ᠎ᠠ | ᠬᠡᠮᠵᠢᠶ᠎ᠡ ᠶᠢ ᠨᠢ ᠲᠣᠳᠣᠷᠬᠠᠶᠢᠯᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠳᠤ ᠮᠡᠳᠡᠭᠦᠯᠦᠨ ᠬᠦᠷᠭᠡᠵᠦ ᠬᠢᠨᠠᠨ ᠪᠠᠶᠢᠴᠠᠭᠠᠯᠭᠠᠬᠤ ᠪᠠ ᠵᠥᠪᠰᠢᠶᠡᠷᠡᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠲᠥᠬᠦᠷ ᠪᠡᠯᠡ ᠮᠥᠩᠭᠦ ᠬᠠᠩᠭᠠᠬᠤ ᠴᠢᠬᠤᠯᠠ | ᠦᠭᠡᠢ ᠲᠤᠰᠬᠠᠢ ᠵᠦᠢᠯ ᠤᠨ ᠰᠢᠯᠵᠢᠭᠦᠯᠦᠨ ᠥᠭᠬᠦ ᠶᠢ ᠲᠥᠪ ᠠᠴᠠ ᠨᠡᠮᠡᠭᠳᠡᠭᠦᠯᠦᠭᠰᠡᠨ ᠠᠴᠠ ᠪᠣᠯᠵᠤ ᠲᠥᠰᠥᠪ ᠤᠨ | ᠣᠷᠣᠯᠭ᠎ᠠ ᠵᠠᠷᠤᠯᠭ᠎ᠠ ᠳᠤ ᠬᠤᠪᠢᠷᠠᠯᠲᠠ ᠭᠠᠷᠤᠭᠰᠠᠨ ᠪᠠᠶᠢᠪᠠᠯ ᠲᠥᠰᠥᠪ ᠤᠨ ᠲᠣᠬᠢᠷᠠᠭᠤᠯᠤᠯᠲᠠ ᠬᠢᠭᠰᠡᠨ ᠳᠤ | ᠲᠣᠭᠠᠴᠠᠭᠳᠠᠬᠤ ᠦᠭᠡᠢ᠃ ︵ᠬᠤᠶᠠᠷ︶ ᠲᠥᠰᠥᠪ ᠢ ᠵᠣᠬᠢᠴᠠᠭᠤᠯᠬᠤ᠃ ︵ᠨᠢᠭᠡ︶ ᠳ᠋ᠦ᠋ᠭᠡᠷ ᠵᠤᠷᠪᠤᠰ ᠲᠤ | ᠲᠣᠭᠲᠠᠭᠠᠭᠰᠠᠨ ᠪᠠᠶᠢᠳᠠᠯ ᠠᠴᠠ ᠭᠠᠳᠠᠨ᠎ᠠ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠥᠷᠥ ᠶᠢᠨ | ᠪᠣᠳᠣᠯᠭ᠎ᠠ ᠶᠢᠨ ᠲᠣᠬᠢᠷᠠᠭᠤᠯᠤᠯᠲᠠ ᠵᠡᠷᠭᠡ ᠣᠨᠴᠠᠭᠠᠢ ᠪᠠᠶᠢᠳᠠᠯ ᠠᠴᠠ ᠪᠣᠯᠵᠤ ᠲᠥᠰᠥᠪ ᠢ ᠵᠣᠬᠢᠴᠠᠭᠤᠯᠬᠤ | ᠴᠢᠬᠤᠯᠠ ᠲᠠᠢ ᠪᠣᠯ᠂ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠨᠢᠭᠡᠴᠢ ᠠᠴᠠ ᠪᠢᠴᠢᠭ ᠤᠨ | ᠬᠡᠯᠪᠡᠷᠢ ᠪᠠᠷ ᠭᠤᠶᠤᠴᠢᠯᠠᠯ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠤ | ᠮᠡᠳᠡᠭᠦᠯᠦᠨ ᠬᠦᠷᠭᠡᠵᠦ ᠬᠢᠨᠠᠨ ᠵᠥᠪᠰᠢᠶᠡᠷᠡᠭᠦᠯᠦᠨ᠎ᠡ᠃ ᠬᠤᠷᠢᠨ ᠵᠢᠷᠭᠤᠳᠤᠭᠠᠷ ᠵᠦᠢᠯ ᠥᠪᠡᠷᠲᠡᠭᠡᠨ ᠵᠠᠰᠠᠬᠤ | ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠢ | ᠲᠣᠭᠲᠠᠭᠠᠭᠰᠠᠨ ᠤ ᠳᠠᠷᠠᠭ᠎ᠠ᠂ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠠᠵᠤ ᠠᠬᠤᠶᠢᠯᠠᠯ ᠤᠨ | ᠥᠮᠴᠢᠯᠡᠬᠦ ᠡᠷᠬᠡ ᠪᠤᠶᠤ ᠡᠳ᠋ ᠤᠨ ᠶᠠᠪᠤᠳᠠᠯ ᠤᠨ ᠬᠠᠷᠢᠶᠠᠯᠠᠭᠳᠠᠬᠤ ᠬᠠᠷᠢᠴᠠᠭ᠎ᠠ ᠨᠢ ᠬᠤᠪᠢᠷᠠᠭᠰᠠᠨ ᠠᠴᠠ ᠪᠣᠯᠵᠤ | ᠲᠥᠰᠥᠪ ᠤᠨ ᠵᠡᠷᠭᠡ ᠳᠡᠰ ᠪᠠ ᠬᠠᠷᠢᠴᠠᠭ᠎ᠠ ᠳᠤ ᠨᠢ ᠬᠤᠪᠢᠷᠠᠯᠲᠠ ᠭᠠᠷᠤᠭᠰᠠᠨ ᠪᠠᠶᠢᠪᠠᠯ᠂ ᠲᠥᠰᠥᠪ ᠤᠨ | ᠬᠤᠪᠢᠶᠠᠷᠢᠯᠠᠨ ᠰᠢᠯᠵᠢᠭᠦᠯᠬᠦ ᠪᠠᠨ ᠳᠠᠩᠰᠠᠯᠠᠭᠤᠯᠬᠤ ᠭᠠᠷᠳᠠᠮ ᠢ ᠬᠠᠮᠲᠤ ᠳᠤ ᠨᠢ ᠭᠦᠢᠴᠡᠳᠬᠡᠬᠦ ᠬᠡᠷᠡᠭᠲᠡᠢ᠃ | ᠵᠢᠷᠭᠤᠳᠤᠭᠠᠷ ᠪᠦᠯᠦᠭ ᠲᠥᠰᠥᠪ ᠤᠨ ᠭᠦᠢᠴᠡᠳᠬᠡᠯ ᠬᠤᠷᠢᠨ ᠳᠣᠯᠣᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠲᠢᠩᠬᠢᠮ ᠨᠢ ᠲᠥᠰᠥᠪ ᠤᠨ ᠭᠦᠢᠴᠡᠳᠬᠡᠯ ᠨᠠᠶᠢᠷᠠᠭᠤᠯᠤᠨ ᠵᠣᠬᠢᠶᠠᠬᠤ ᠨᠢᠭᠡᠳᠦᠯᠲᠡᠢ ᠱᠠᠭᠠᠷᠳᠠᠯᠭ᠎ᠠ | ᠶᠣᠰᠣᠭᠠᠷ᠂ ᠣᠨ ᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ | ᠡᠵᠡᠩᠨᠡᠯᠲᠡ ᠶᠢᠨ ᠲᠥᠰᠥᠪ ᠤᠨ ᠭᠦᠢᠴᠡᠳᠬᠡᠯ ᠤᠨ ᠡᠬᠡ ᠲᠥᠰᠥᠯ ᠢ ᠨᠠᠶᠢᠷᠠᠭᠤᠯᠤᠨ ᠵᠣᠬᠢᠶᠠᠬᠤ ᠠᠵᠢᠯ ᠢᠶᠠᠨ | ᠪᠠᠶᠢᠷᠢᠯᠠᠭᠤᠯᠬᠤ ᠬᠡᠷᠡᠭᠲᠡᠢ᠃ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠨᠢᠭᠡᠴᠢ ᠨᠢ ᠲᠣᠰ | ᠨᠢᠭᠡᠴᠢ ᠶᠢᠨ ᠢᠶᠠᠨ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠭᠦᠢᠴᠡᠳᠬᠡᠯ ᠤᠨ | ᠡᠬᠡ ᠲᠥᠰᠥᠯ ᠢ ᠨᠠᠶᠢᠷᠠᠭᠤᠯᠤᠨ ᠵᠣᠬᠢᠶᠠᠵᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠤ | ᠮᠡᠳᠡᠭᠦᠯᠦᠨ ᠬᠦᠷᠭᠡᠬᠦ ᠬᠡᠷᠡᠭᠲᠡᠢ᠃ ᠬᠤᠷᠢᠨ ᠨᠠᠢᠮᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ ᠨᠢ ᠲᠤᠰ ᠵᠢᠯ ᠤᠨ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠢ | ᠭᠦᠢᠴᠡᠳᠬᠡᠭᠰᠡᠨ ᠪᠠᠶᠢᠳᠠᠯ ᠪᠠ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠨᠢᠭᠡᠴᠢ ᠶᠢᠨ ᠳᠡᠭᠡᠭᠰᠢ | ᠮᠡᠳᠡᠭᠦᠯᠦᠭᠰᠡᠨ ᠲᠥᠰᠥᠪ ᠤᠨ ᠭᠦᠢᠴᠡᠳᠬᠡᠯ ᠤᠨ ᠡᠬᠡ ᠲᠥᠰᠥᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ | ᠲᠤᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠭᠦᠢᠴᠡᠳᠬᠡᠯ ᠤᠨ | ᠡᠬᠡ ᠲᠥᠰᠥᠯ ᠢ ᠨᠠᠶᠢᠷᠠᠭᠤᠯᠤᠨ ᠵᠣᠬᠢᠶᠠᠬᠤ ᠬᠡᠷᠡᠭᠲᠡᠢ᠃ ᠬᠤᠷᠢ ᠶᠢᠰᠦᠳᠦᠭᠡᠷ ᠵᠦᠢᠯ ᠥᠪᠡᠷᠲᠡᠭᠡᠨ ᠵᠠᠰᠠᠬᠤ | ᠣᠷᠣᠨ ᠤ ᠲᠤᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ | ᠭᠦᠢᠴᠡᠳᠬᠡᠯ ᠤᠨ ᠡᠬᠡ ᠲᠥᠰᠥᠯ ᠢ ᠥᠪᠡᠷᠲᠡᠭᠡᠨ ᠵᠠᠰᠠᠬᠤ ᠣᠷᠣᠨ ᠤ ᠬᠢᠨᠠᠨ ᠪᠤᠳᠤᠬᠤ ᠲᠢᠩᠬᠢᠮ ᠢᠶᠠᠷ ᠬᠢᠨᠠᠨ | ᠪᠣᠳᠣᠭᠤᠯᠤᠭᠰᠠᠨ ᠤ ᠲᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ | ᠬᠦᠷᠭᠡᠵᠦ ᠬᠢᠨᠠᠨ ᠲᠣᠭᠲᠠᠭᠠᠯᠭᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠳᠤ ᠳᠡᠪᠰᠢᠭᠦᠯᠵᠦ ᠬᠢᠨᠠᠨ ᠪᠠᠶᠢᠴᠠᠭᠠᠯᠭᠠᠨ᠎ᠠ᠃ ᠭᠤᠴᠢᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ | ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠭᠦᠢᠴᠡᠳᠬᠡᠯ ᠤᠨ | ᠡᠬᠡ ᠲᠥᠰᠥᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠪᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ ᠨᠢ 20 ᠡᠳᠦᠷ ᠤᠨ ᠳᠣᠲᠣᠷ᠎ᠠ ᠬᠤᠯᠪᠣᠭᠳᠠᠯ ᠪᠦᠬᠦᠢ ᠤᠯᠤᠰ ᠤᠨ ᠥᠮᠴᠢᠯᠡᠯᠲᠦ | ᠬᠥᠷᠥᠩᠭᠡ ᠶᠢᠨ ᠲᠥᠰᠥᠪ ᠤᠨ ᠨᠢᠭᠡᠴᠢ ᠳᠤ ᠲᠥᠰᠥᠪ ᠤᠨ ᠭᠦᠢᠴᠡᠳᠬᠡᠯ ᠤᠨ ᠬᠠᠷᠢᠭᠤ ᠴᠣᠬᠤᠯᠠᠪᠤᠷᠢ ᠥᠭᠬᠦ | ᠬᠡᠷᠡᠭᠲᠡᠢ᠃ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠨᠢᠭᠡᠴᠢ ᠨᠢ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠲᠢᠩᠬᠢᠮ ᠤᠨ ᠬᠠᠷᠢᠭᠤ ᠴᠣᠬᠤᠯᠠᠪᠤᠷᠢ ᠥᠭᠭᠦᠭᠰᠡᠨ ᠲᠥᠰᠥᠪ ᠤᠨ ᠭᠦᠢᠴᠡᠳᠬᠡᠯ ᠢ ᠭᠥᠯᠢᠶᠡᠨ | ᠠᠪᠤᠭᠰᠠᠨ ᠤ ᠳᠠᠷᠠᠭ᠎ᠠ 15 ᠡᠳᠦᠷ ᠤᠨ ᠳᠣᠲᠣᠷ᠎ᠠ ᠬᠢᠨᠠᠨ ᠬᠠᠮᠢᠶᠠᠷᠴᠤ ᠪᠦᠬᠦᠢ ︵ᠬᠠᠷᠢᠶ᠎ᠠ︶ ᠠᠵᠤ ᠠᠬᠤᠶᠢᠯᠠᠯ ᠳᠤ | ᠲᠥᠰᠥᠪ ᠤᠨ ᠭᠦᠢᠴᠡᠳᠬᠡᠯ ᠤᠨ ᠬᠠᠷᠢᠭᠤ ᠴᠣᠬᠤᠯᠠᠪᠤᠷᠢ ᠥᠭᠬᠦ ᠬᠡᠷᠡᠭᠲᠡᠢ᠃ ᠳᠣᠯᠣᠳᠤᠭᠠᠷ ᠪᠦᠯᠦᠭ ᠠᠮᠵᠢᠯᠲᠠ | ᠪᠦᠲᠦᠮᠵᠢ ᠶᠢᠨ ᠬᠠᠮᠢᠶᠠᠷᠤᠯᠲᠠ ᠭᠤᠴᠢᠨ ᠨᠢᠭᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ | ᠡᠵᠡᠩᠨᠡᠯᠲᠡ ᠶᠢᠨ ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠲᠦᠷᠦᠭᠦᠯᠡᠨ ᠬᠡᠷᠡᠭᠵᠢᠭᠦᠯᠬᠦ ᠶᠢᠨ | ᠬᠠᠮᠲᠤ᠂ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠵᠠᠷᠤᠯᠭ᠎ᠠ ᠶᠢᠨ ᠲᠥᠷᠥᠯ | ᠵᠦᠢᠯ ᠳᠤ ᠠᠮᠵᠢᠯᠲᠠ ᠪᠦᠲᠦᠮᠵᠢ ᠶᠢᠨ ᠭᠤᠣᠯᠳᠠᠯᠭ᠎ᠠ ᠲᠠᠢ ᠦᠨᠡᠯᠡᠯᠲᠡ ᠬᠢᠬᠦ ᠬᠡᠷᠡᠭᠲᠡᠢ᠃ ᠭᠤᠴᠢᠨ ᠬᠤᠶᠠᠳᠤᠭᠠᠷ | ᠵᠦᠢᠯ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠨᠢᠭᠡᠴᠢ ᠨᠦᠭᠦᠳ ᠤᠯᠤᠰ ᠤᠨ ᠥᠮᠴᠢᠯᠡᠯᠲᠦ | ᠬᠥᠷᠥᠩᠭᠡ ᠶᠢᠨ ᠡᠵᠡᠩᠨᠡᠯᠲᠡ ᠶᠢᠨ ᠲᠥᠰᠥᠪ ᠢ ᠬᠡᠷᠡᠭᠵᠢᠭᠦᠯᠬᠦ ᠪᠦᠬᠦ ᠶᠠᠪᠤᠴᠠ ᠳᠤ ᠠᠮᠵᠢᠯᠲᠠ ᠪᠦᠲᠦᠮᠵᠢ ᠶᠢᠨ | ᠬᠠᠮᠢᠶᠠᠷᠤᠯᠲᠠ ᠶᠢ ᠬᠡᠷᠡᠭᠵᠢᠭᠦᠯᠵᠦ᠂ ᠠᠮᠵᠢᠯᠲᠠ ᠪᠦᠲᠦᠮᠵᠢ ᠶᠢᠨ ᠬᠠᠷᠠᠯᠲᠠ ᠶᠢ ᠰᠢᠨᠵᠢᠯᠡᠬᠦ ᠤᠬᠠᠭᠠᠨᠴᠢ ᠪᠠᠷ | ᠲᠣᠭᠲᠠᠭᠠᠵᠤ᠂ ᠠᠵᠢᠯ ᠶᠠᠪᠤᠳᠠᠯ ᠤᠨ ᠡᠮᠦᠨᠡᠬᠢ ᠠᠮᠵᠢᠯᠲᠠ ᠪᠦᠲᠦᠮᠵᠢ ᠶᠢᠨ ᠦᠨᠡᠯᠡᠨ ᠵᠢᠱᠢᠯᠲᠡ ᠶᠢ ᠲᠣᠭᠲᠠᠭᠠᠯ | ᠶᠣᠰᠣᠭᠠᠷ ᠥᠷᠨᠢᠭᠦᠯᠵᠦ᠂ ᠠᠮᠵᠢᠯᠲᠠ ᠪᠦᠲᠦᠮᠵᠢ ᠶᠢᠨ ᠠᠵᠢᠯᠯᠠᠭᠠᠨ ᠢ ᠬᠢᠨᠠᠨ ᠡᠵᠡᠮᠳᠡᠬᠦ ᠠᠵᠢᠯ ᠪᠠ ᠠᠮᠵᠢᠯᠲᠠ | ᠪᠦᠲᠦᠮᠵᠢ ᠶᠢᠨ ᠦᠨᠡᠯᠡᠯᠲᠡ ᠶᠢ ᠴᠢᠩᠭᠠᠳᠬᠠᠬᠤ ᠬᠡᠷᠡᠭᠲᠡᠢ᠃ ᠤᠯᠤᠰ ᠤᠨ ᠥᠮᠴᠢᠯᠡᠯᠲᠦ ᠬᠥᠷᠥᠩᠭᠡ ᠶᠢᠨ | ᠲᠥᠰᠥᠪ ᠤᠨ ᠨᠢᠭᠡᠴᠢ ᠨᠢ ᠬᠢᠨᠠᠨ ᠬᠠᠮᠢᠶᠠᠷᠴᠤ ᠪᠦᠬᠦᠢ ︵ᠬᠠᠷᠢᠶ᠎ᠠ︶ ᠠᠵᠤ ᠠᠬᠤᠶᠢᠯᠠᠯ ᠤᠨ ᠳᠡᠭᠡᠭᠰᠢ ᠲᠤᠰᠢᠶᠠᠭᠰᠠᠨ | ᠤᠯᠤᠰ ᠤᠨ ᠥᠮᠴᠢᠯᠡᠯᠲᠦ ᠬᠥᠷᠥᠩᠭᠡ ᠶᠢᠨ ᠠᠰᠢᠭ ᠣᠷᠤᠯᠭ᠎ᠠ ᠶᠢᠨ ᠪᠠᠶᠢᠳᠠᠯ ᠢ ᠨᠢ ᠰᠢᠯᠭᠠᠨ ᠬᠢᠨᠠᠬᠤ ᠭᠦᠢᠴᠡᠳᠬᠡᠯ | ᠲᠤᠭ᠎ᠠ ᠶᠢ ᠲᠣᠭᠲᠠᠭᠠᠬᠤ ᠶᠢᠨ ᠬᠠᠮᠲᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠡᠵᠡᠩᠨᠡᠯᠲᠡ ᠶᠢᠨ ᠠᠮᠵᠢᠯᠲᠠ | ᠪᠦᠲᠦᠮᠵᠢ ᠶᠢ ᠰᠢᠯᠭᠠᠨ ᠬᠢᠨᠠᠬᠤ ᠳᠤ ᠣᠷᠣᠭᠤᠯᠬᠤ ᠬᠡᠷᠡᠭᠲᠡᠢ᠃ ᠭᠤᠴᠢᠨ ᠭᠤᠷᠪᠠᠳᠤᠭᠠᠷ ᠵᠦᠢᠯ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ | ᠳ᠋ᠦᠩ ᠢ ᠲᠥᠰᠥᠪ ᠤᠨ ᠬᠠᠮᠢᠶᠠᠷᠤᠯᠲᠠ ᠶᠢ ᠨᠢ ᠴᠢᠩᠭᠠᠳᠬᠠᠬᠤ ᠪᠠ ᠬᠤᠶᠢᠰᠢᠳᠠ ᠶᠢᠨ ᠣᠨ ᠤ ᠲᠥᠰᠥᠪ ᠤᠨ | ᠵᠠᠷᠤᠯᠭ᠎ᠠ ᠶᠢ ᠨᠢ ᠲᠣᠬᠢᠷᠠᠭᠤᠯᠬᠤ ᠴᠢᠬᠤᠯᠠ ᠦᠨᠳᠦᠰᠦᠯᠡᠯ ᠪᠣᠯᠭᠠᠬᠤ ᠬᠡᠷᠡᠭᠲᠡᠢ᠃ ᠨᠠᠢᠮᠠᠳᠤᠭᠠᠷ ᠪᠦᠯᠦᠭ ᠬᠢᠨᠠᠯᠲᠠ | ᠲᠠᠯᠪᠢᠯᠲᠠ ᠭᠤᠴᠢᠨ ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠢᠨᠠᠨ | ᠪᠤᠳᠤᠬᠤ ᠲᠢᠩᠬᠢᠮ ᠵᠡᠷᠭᠡ ᠰᠠᠯᠠᠭ᠎ᠠ ᠮᠥᠴᠢᠷ ᠤᠳ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠤᠯᠤᠰ ᠤᠨ | ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠲᠤ ᠬᠠᠤᠯᠢ ᠶᠣᠰᠣᠭᠠᠷ ᠬᠢᠨᠠᠯᠲᠠ ᠲᠠᠯᠪᠢᠬᠤ ᠬᠡᠷᠡᠭᠲᠡᠢ᠃ | ᠭᠤᠴᠢᠨ ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠪᠠ ᠬᠤᠯᠪᠣᠭᠳᠠᠯ | ᠪᠦᠬᠦᠢ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠨᠢᠭᠡᠴᠢ ᠨᠢ ᠲᠥᠰᠥᠪ ︵ᠲᠥᠰᠥᠪ ᠤᠨ | ᠭᠦᠢᠴᠡᠳᠬᠡᠯ︶ ᠢ ᠢᠯᠡ ᠪᠣᠯᠭᠠᠬᠤ ᠲᠤᠬᠠᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ | ᠲᠣᠭᠲᠠᠭᠠᠯ ᠶᠣᠰᠣᠭᠠᠷ᠂ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ︵ᠲᠥᠰᠥᠪ ᠤᠨ | ᠭᠦᠢᠴᠡᠳᠬᠡᠯ︶ ᠢᠶᠠᠨ ᠢᠯᠡ ᠪᠣᠯᠭᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠭᠤᠴᠢᠨ ᠵᠢᠷᠭᠤᠳᠤᠭᠠᠷ ᠵᠦᠢᠯ | ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ | ᠲᠥᠰᠥᠪ ᠢ ᠨᠠᠶᠢᠷᠠᠭᠤᠯᠤᠨ ᠵᠣᠬᠢᠶᠠᠬᠤ᠂ ᠭᠦᠢᠴᠡᠳᠬᠡᠬᠦ᠂ ᠲᠣᠬᠢᠷᠠᠭᠤᠯᠬᠤ᠂ ᠲᠥᠰᠥᠪ ᠤᠨ ᠭᠦᠢᠴᠡᠳᠬᠡᠯ ᠬᠢᠬᠦ᠂ | ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠬᠢᠬᠦ᠂ ᠬᠢᠨᠠᠯᠲᠠ ᠲᠠᠯᠪᠢᠬᠤ ᠵᠡᠷᠭᠡ ᠶᠠᠪᠤᠴᠠ ᠳᠤ ᠲᠤᠰ | ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠳ ᠢ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠲᠥᠰᠥᠪ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠤ ᠠᠬᠤᠶᠢᠯᠠᠯ ᠤᠨ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠤᠯᠢ︾᠂ ︽ᠡᠳ᠋ ᠤᠨ ᠵᠠᠰᠠᠭ ᠤᠨ ᠬᠠᠤᠯᠢ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠰᠢᠢᠳᠬᠡᠵᠦ ᠲᠣᠷᠭᠠᠬᠤ ᠳᠦᠷᠢᠮ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠰᠢᠢᠳᠪᠦᠷᠢᠯᠡᠬᠦ᠂ ᠲᠣᠷᠭᠠᠬᠤ ᠪᠠ ᠰᠢᠢᠳᠬᠡᠵᠦ᠂ ᠬᠤᠯᠪᠣᠭᠳᠠᠯ ᠪᠦᠬᠦᠢ ᠨᠢᠭᠡᠴᠢ ᠵᠢᠴᠢ ᠬᠠᠮᠢᠶ᠎ᠠ ᠪᠦᠬᠦᠢ ᠬᠥᠮᠥᠰ ᠤᠨ | ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠨ᠎ᠡ᠃ ᠶᠢᠰᠦᠳᠦᠭᠡᠷ ᠪᠦᠯᠦᠭ ᠳᠠᠭᠠᠯᠳᠤᠭᠤᠯᠤᠯ ᠳᠦᠷᠢᠮ ᠭᠤᠴᠢᠨ | ᠳᠣᠯᠣᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠤᠰ ᠠᠷᠭ᠎ᠠ ᠶᠢ | ᠦᠨᠳᠦᠰᠦᠯᠡᠨ ᠬᠠᠮᠢᠶ᠎ᠠ ᠪᠦᠬᠦᠢ ᠲᠥᠬᠦᠷ ᠲᠥᠷᠥ ᠶᠢᠨ ᠪᠣᠳᠣᠯᠭ᠎ᠠ ᠶᠢ ᠲᠣᠭᠲᠠᠭᠠᠬᠤ ᠪᠠ ᠲᠡᠭᠦᠯᠳᠡᠷᠵᠢᠭᠦᠯᠦᠨ᠎ᠡ᠃ | ᠭᠤᠴᠢᠨ ᠨᠠᠢᠮᠠᠳᠤᠭᠠᠷ ᠵᠦᠢᠯ ᠡᠯ᠎ᠡ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠣᠭᠤᠷᠢᠭ︶ ᠨᠢ ᠲᠤᠰ | ᠭᠠᠵᠠᠷ ᠣᠷᠣᠨ ᠤ ᠪᠠᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠯᠠᠪᠯᠠᠯᠲᠠ ᠪᠣᠯᠭᠠᠨ ᠬᠡᠷᠡᠭᠵᠢᠭᠦᠯᠵᠦ ᠪᠣᠯᠣᠨ᠎ᠠ᠃ | ᠭᠤᠴᠢ ᠶᠢᠰᠦᠳᠦᠭᠡᠷ ᠵᠦᠢᠯ ᠲᠤᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ | ᠃ ︽ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ | ᠬᠥᠷᠥᠩᠭᠡ ᠶᠢᠨ ᠠᠰᠢᠭ ᠣᠷᠣᠯᠭ᠎ᠠ ᠶᠢ ᠬᠤᠷᠢᠶᠠᠬᠤ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2014﹈ 78 ᠳ᠋ᠤᠭᠠᠷ ᠲᠣᠭᠠᠲᠤ︶᠂ ︽︿ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ | ᠡᠵᠡᠩᠨᠡᠯᠲᠡ ᠶᠢᠨ ᠲᠥᠰᠥᠪ ᠤᠨ ᠵᠠᠷᠤᠯᠭ᠎ᠠ ᠶᠢᠨ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2016﹈ 198 ᠳ᠋ᠤᠭᠠᠷ ᠲᠣᠭᠠᠲᠤ︶ ᠢ ᠬᠠᠮᠲᠤ ᠳᠤ ᠨᠢ | ᠬᠦᠴᠦᠨ ᠦᠭᠡᠢ ᠪᠣᠯᠭᠠᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2024 ᠣᠨ ᠤ 7 ᠳ᠋ᠤᠭᠠᠷ ᠰᠠᠷ᠎ᠠ ᠶᠢᠨ 16 ᠤ ᠡᠳᠦᠷ ᠳᠠᠷᠤᠮᠠᠯᠯᠠᠨ ᠲᠠᠷᠬᠠᠭᠠᠪᠠ | |