ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ  ᠤᠬᠠᠭᠤᠯᠵᠤ ᠲᠤᠤᠱᠯᠠᠭᠤᠯᠤᠶ᠎ᠠ — ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ ᠬᠢᠨ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠤᠬᠠᠭᠤᠯᠭ᠎ᠠ ᠲᠠᠶᠢᠯᠤᠮᠵᠢ ᠬᠢᠭᠰᠡᠨ
ᠨᠡᠶᠢᠲᠡᠯᠡᠭᠰᠡᠨ ᠴᠠᠭ᠄
2024/9/25
  9 ᠰᠠᠷ᠎ᠠ  ᠎ ᠶᠢᠨ 24᠎ ᠤ ᠡᠳᠦᠷ᠂ ᠲᠠᠶᠢᠹᠤᠰᠧ ᠬᠤᠰᠢᠭᠤᠨ ᠤ ᠳᠣᠲᠣᠭᠠᠳᠤ  ᠎ ᠶᠢ ᠬᠠᠮᠠᠭᠠᠯᠠᠬᠤ ᠲᠣᠪᠴᠢᠶ᠎ᠠ ᠨᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ  ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠵᠤ᠂ ᠳᠡᠳ᠋ ᠬᠤᠰᠢᠭᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠳ᠋ᠢᠩ ᡁᠢ ᠴᠢᠶᠠᠩ ᠬᠤᠷᠠᠯ  ᠎ ᠢ ᠡᠷᠬᠢᠯᠡᠨ ᠮᠡᠳᠡᠭᠦᠯᠦᠯᠲᠡ ᠬᠢᠵᠦ᠂  ᠲᠤᠪᠴᠢᠶᠠᠨ ᠤ ᠤᠳᠤᠷᠢᠳᠬᠤ ᠪᠠᠭ ᠤᠨ ᠭᠡᠰᠢᠬᠦᠳ᠂ ᠡᠯ᠎ᠡ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠵᠢᠴᠢ ᠪᠦᠬᠦ ᠴᠠᠭᠳᠠᠭ᠎ᠠ ᠠᠵᠢᠯᠳᠠᠨ ᠬᠤᠷᠠᠯ ᠳᠤ ᠤᠷᠤᠯᠴᠠᠵᠠᠢ᠃  ᠳ᠋ᠢᠩ ᡁᠢ ᠴᠢᠶᠠᠩ ᠠᠴᠠ   ᠭᠤᠷᠪᠠᠲᠤᠭᠠᠷ ᠪᠦᠭᠦᠲᠡ ᠬᠤᠷᠠᠯ ᠤᠨ ᠵᠤᠷᠢᠭ ᠰᠠᠨᠠᠭᠠᠨ ᠤ ᠤᠬᠠᠭᠤᠯᠭ᠎ᠠ ᠲᠠᠶᠢᠯᠤᠮᠵᠢ ᠶᠢᠨ ᠬᠦᠳᠦᠯᠪᠦᠷᠢ ᠶᠤᠰᠤᠭᠠᠷ᠂ ᠪᠦᠭᠦᠲᠡ ᠬᠤᠷᠠᠯ ᠤᠨ ᠴᠢᠬᠤᠯᠠ ᠠᠴᠢ ᠬᠤᠯᠪᠤᠭᠲᠠᠯ᠂ ᠶᠡᠷᠦᠩᠭᠡᠢ ᠱᠦᠵᠢ ᠰᠢ ᠶᠢᠨ ᠫᠢᠩ ᠤᠨ ᠪᠦᠭᠦᠲᠡ ᠬᠤᠷᠠᠯ ᠲᠡᠭᠡᠷᠡᠬᠢ  ᠴᠢᠬᠤᠯᠠ ᠶᠠᠷᠢᠶ᠎ᠠ᠂  ︽ᠲᠣᠭᠲᠠᠭᠠᠯ︾᠎ ᠳᠤ ᠳᠤᠷᠠᠳᠤᠭᠰᠠᠨ ᠥᠭᠡᠷᠡᠴᠢᠯᠡᠯᠲᠡ ᠶᠢ ᠤᠯᠠᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠶ᠋ᠮᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠵᠡᠷᠭᠡ ᠲᠠᠯ᠎ᠠ ᠪᠠᠷ ᠭᠦᠨᠵᠡᠭᠡᠶ ᠲᠠᠶᠢᠯᠤᠮᠵᠢ ᠬᠢᠭᠰᠡᠨ ᠪᠠᠶᠢᠨ᠎ᠠ᠃ ᠳ᠋ᠢᠩ ᡁᠢ ᠴᠢᠶᠠᠩ ᠴᠢᠬᠤᠯᠠᠴᠢᠯᠠᠬᠤ ᠳᠠᠭᠠᠨ᠂ ᠨᠠᠮ ᠤᠨ ᠬᠤᠷᠢᠲᠣᠭᠠᠷ ᠬᠤᠭᠤᠴᠠᠭᠠᠨ ᠤ ᠳᠦᠪ ᠬᠤᠷᠢᠶᠠᠨ ᠤ ᠭᠤᠷᠪᠠᠲᠣᠭᠠᠷ ᠪᠦᠭᠦᠲᠠ ᠬᠤᠷᠠᠯ ᠤᠨ ᠵᠣᠷᠢᠭ ᠰᠠᠨᠠᠭ᠎ᠠ ᠶᠢ ᠰᠠᠶᠢᠲᠣᠷ ᠰᠣᠷᠣᠯᠴᠠᠨ ᠳᠣᠣᠱᠯᠠᠭᠤᠯᠬᠤ ᠶᠠᠪᠤᠳᠠᠯ ᠢ ᠣᠲᠣᠬᠠᠨ ᠤ ᠪᠠ ᠬᠤᠶᠢᠰᠢᠲᠠ ᠶᠢᠨ ᠨᠢᠭᠡ ᠬᠤᠭᠤᠴᠠᠭᠠᠨ ᠤ ᠨᠢᠭᠡ ᠲᠦᠷᠦᠯ ᠤᠨ ᠴᠢᠬᠤᠯᠠ ᠶᠡᠭᠡ ᠤᠯᠤᠰ ᠳᠦᠷᠤ ᠶᠢᠨ ᠡᠭᠦᠷᠭᠡ ᠪᠤᠯᠭᠠᠵᠤ᠂    ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠪᠦᠬᠦᠳᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠨᠢᠭᠡᠳᠭᠡᠨ᠂  ᠤᠶᠤᠨ ᠤᠬᠠᠭᠠᠨ ᠪᠠ ᠬᠦᠴᠦᠨ ᠴᠢᠳᠠᠯ ᠢᠶᠠᠨ ᠪᠦᠭᠦᠳᠡ ᠬᠤᠷᠠᠯ ᠠᠴᠠ ᠲᠣᠭᠲᠠᠭᠠᠭᠰᠠᠨ ᠡᠯ᠎ᠡ ᠵᠦᠢᠯ  ᠎ ᠤᠨ ᠡᠬᠦᠷᠭᠡ ᠬᠠᠷᠠᠯᠲᠠ ᠶᠢ ᠨᠠᠶᠢᠳᠠᠪᠤᠷᠢᠵᠢᠭᠤᠯᠬᠤ ᠳᠡᠭᠡᠷ᠎ᠡ ᠲᠦᠪᠯᠡᠷᠡᠬᠦᠯᠵᠦ᠂ ᠳᠡᠭᠡᠳᠦ ᠱᠠᠲᠤᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠪᠠ ᠪᠦᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠳᠣᠲᠣᠭᠠᠳᠤ ᠶᠢ ᠬᠠᠮᠠᠭᠠᠯᠠᠬᠤ ᠦᠬᠡᠷᠡᠴᠢᠯᠡᠯᠳᠡ ᠶᠢ ᠤᠯᠠᠮ ᠪᠦᠬᠦ ᠲᠠᠯ᠎ᠠ ᠪᠠᠷ ᠬᠦᠨᠵᠡᠬᠡᠶᠢᠷᠡᠬᠦᠯᠵᠦ᠂  ᠪᠠᠶᠠᠷᠯᠠᠨ ᠲᠠᠯᠠᠷᠬᠠᠬᠤ ᠰᠡᠳᠬᠢᠯ᠂ ᠤᠷᠤᠭᠰᠢᠯᠠᠨ ᠳᠠᠪᠰᠢᠬᠤ ᠵᠣᠷᠢᠭ ᠢᠶᠠᠷ ᠨᠠᠮ ᠤᠨ ᠲᠥᠷᠥ ᠎ ᠶᠢᠨ ᠪᠣᠳᠣᠯᠭ᠎ᠠ ᠶᠢᠨ ᠬᠦᠷᠢᠶᠡᠯᠡᠭᠴᠢ᠂ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠦᠢᠯᠡᠳᠦᠯᠬᠡᠵᠢᠬᠦᠯᠦᠭᠴᠢ᠂ ᠥᠭᠡᠷᠡᠴᠢᠯᠡᠯᠲᠡ ᠪᠠᠷ ᠴᠠᠭᠳᠠᠭ᠎ᠠ ᠪᠠᠨ ᠬᠦᠴᠦᠷᠬᠡᠭᠵᠢᠭᠦᠯᠬᠦ ᠤᠷᠤᠭᠰᠢᠯᠠᠭᠴᠢ ᠪᠣᠯᠬᠤ ᠬᠡᠷᠡᠭᠲᠡᠶ᠃ ᠢᠳᠡᠪᠬᠢᠲᠡᠶ ᠪᠠᠷ ᠲᠦᠭᠰᠢᠭᠦᠷᠢ ᠶᠢ ᠠᠷᠭᠠᠴᠠᠨ᠂ ᠥᠷᠢᠰᠥᠯᠳᠦᠭᠡᠨ ᠢ ᠤᠭᠲᠤᠵᠤ᠂ ᠤᠮᠠᠷᠠᠲᠤ ᠬᠢᠯᠢ  ᠎ ᠶᠢᠨ ᠠᠮᠤᠷ ᠲᠣᠭᠲᠠᠭᠤᠨ ᠤ ᠬᠠᠯᠬᠠᠪᠴᠢ ᠪᠠ ᠤᠮᠠᠷᠠᠲᠤ ᠤᠷᠤᠨ ᠤ  ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠤᠭᠴᠠᠯᠠᠨ᠂ ᠪᠦᠬᠦ ᠬᠤᠰᠢᠭᠤ ᠪᠦᠬᠦ ᠠᠶᠢᠮᠠᠭ ᠤᠨ ᠠᠵᠤ ᠠᠬᠤᠶ ᠶᠢᠨ  ᠴᠢᠨᠠᠷᠯᠢᠭ ᠬᠥᠭᠵᠢᠯᠲᠡ ᠶᠢ ᠪᠠᠳᠤᠯᠠᠵᠤ᠂  ᠠᠮᠤᠷ ᠠᠮᠤᠭᠤᠯᠠᠩ ᠲᠠᠶᠢᠹᠤᠰᠧ ᠬᠤᠰᠢᠭᠤ ᠶᠢ ᠪᠠᠶᠢᠭᠤᠯᠬᠤ ᠳᠤ ᠬᠦᠴᠦᠨ ᠴᠢᠳᠠᠯ  ᠎ ᠢᠶᠠᠨ ᠡᠷᠬᠦᠬᠦ ᠭᠡᠷᠡᠭᠳᠡᠢ᠃  ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ  ᠎ ᠶᠢ ︽ᠭᠦᠨᠵᠡᠭᠡᠶ ᠰᠤᠷᠤᠯᠴᠠᠬᠤ︾ ︽ᠨᠡᠪᠳᠡᠷᠡᠳᠡᠯ᠎ᠡ ᠤᠶᠢᠯᠠᠭᠠᠬᠤ︾ ︽ᠪᠤᠳᠠᠳᠠᠢ ᠳᠤ ᠦᠢᠯᠡᠳᠦᠯᠬᠡᠵᠢᠬᠦᠯᠬᠦ︾᠎ ᠶᠢ ᠳᠣᠲᠣᠭᠠᠳᠤ  ᠎ ᠶᠢ ᠬᠠᠮᠠᠭᠠᠯᠠᠬᠤ ᠠᠵᠢᠯ ᠤᠨ ᠡᠯ᠎ᠡ ᠲᠠᠯ᠎ᠠ ᠳᠤ ᠠᠭᠤᠰᠤᠯᠴᠠᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠵᠡᠯ ᠰᠠᠨᠠᠭ᠎ᠠ ᠪᠠᠨ ᠪᠠᠳᠤᠳᠬᠠᠬᠤ᠂ ᠨᠠᠮᠴᠢ ᠴᠢᠨᠠᠷ ᠢᠶᠠᠨ ᠪᠣᠯᠪᠠᠰᠤᠷᠠᠭᠤᠯᠬᠤ ᠦᠨᠳᠦᠷ ᠤᠬᠠᠮᠰᠠᠷ  ᠂ ᠠᠷᠠᠳ ᠲᠦᠮᠡᠨ ᠳᠤ ᠦᠢᠯᠡᠴᠢᠯᠡᠬᠦ᠂ ᠠᠮᠤᠷ ᠠᠮᠤᠭᠤᠯᠠᠩ ᠢ ᠬᠠᠮᠠᠭᠠᠯᠠᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠭᠡᠷᠡᠭᠳᠡᠢ ᠭᠡᠪᠡ᠃
 
ᠢᠷᠡᠯᠲᠡ᠄ ᠲᠠᠶᠢᠹᠤᠰᠧ ᠬᠤᠰᠢᠭᠤᠨ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号