ᠴᠧᠨ ᠶᠠᠨ ᠪᠤᠤ ᠤᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠤᠭᠰᠠᠨ
ᠨᠡᠶᠢᠲᠡᠯᠡᠭᠰᠡᠨ ᠴᠠᠭ᠄
2024/9/25
  9 ᠰᠠᠷ᠎ᠠ ᠶᠢᠨ 24 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ᠲᠠᠷᠤᠭ᠎ᠠ  ᠴᠧᠨ ᠶᠠᠨ ᠪᠤᠤ ︽ᠬᠡᠨᠡᠳᠡᠬᠦᠯᠦᠨ ᠪᠠᠶᠢᠴᠠᠭᠠᠬᠤ︾ ᠬᠡᠯᠪᠡᠷᠢ ᠪᠠᠷ ᠯᠦᠸᠧ ᠲᠦᠸᠧ ᠱᠠᠨ ᠤ ᠭᠡᠰᠡᠭ ᠲᠤᠰᠬᠤᠨ ᠳᠤ ᠬᠦᠨᠵᠡᠬᠡᠶᠢᠷᠡᠵᠦ᠂  ᠤᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠬᠢᠵᠡᠢ᠃ ᠴᠧᠨ ᠶᠠᠨ ᠪᠤᠤ ᠲᠠᠷᠢᠶᠠᠨ ᠭᠠᠵᠠᠷ ᠪᠠ ᠠᠶᠢᠯ ᠲᠣᠰᠬᠤᠨ ᠳᠤ ᠬᠦᠨᠵᠡᠬᠡᠶᠢᠷᠡᠵᠦ ᠣᠶᠢᠷ᠎ᠠ  ᠶᠢᠨ ᠬᠤᠭᠤᠴᠠᠭᠠᠨ ᠤ ᠰᠢᠷᠦᠬᠦᠨ ᠪᠣᠷᠣᠭᠠᠨ ᠠᠴᠠ ᠪᠣᠯᠤᠭᠰᠠᠨ ᠭᠡᠷ ᠪᠠᠶᠢᠰᠢᠩ ᠤᠨ ᠡᠪᠳᠡᠭᠳᠡᠯ ᠪᠠ ᠲᠠᠷᠢᠶ᠎ᠠ ᠲᠦᠮᠦᠰᠦᠨ ᠤ ᠬᠤᠬᠢᠷᠠᠯ ᠤᠨ ᠪᠠᠶᠢᠳᠠᠯ ᠢ ᠤᠶᠢᠯᠠᠭᠠᠨ᠂ ᠲᠠᠷᠢᠶᠠᠯᠠᠩ ᠮᠠᠯ ᠠᠵᠤ ᠠᠬᠤᠶ ᠶᠢᠨ ᠠᠶᠤᠯᠬᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠭᠰᠠᠨ ᠤ ᠬᠠᠮᠳᠤ᠂ ᠨᠠᠮᠤᠷ ᠤᠨ ᠬᠤᠷᠢᠶᠠᠯᠲᠠ ᠶᠢᠨ ᠠᠵᠢᠯ ᠢᠶᠠᠨ ᠴᠠᠭ ᠢ ᠵᠠᠪᠳᠤᠨ ᠰᠠᠶᠢᠲᠤᠷ ᠬᠢᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ   ᠤᠨ ᠪᠠᠶᠢᠭᠤᠯᠤᠯᠲᠠ ᠶᠢᠨ ᠲᠥᠷᠥᠯ ᠵᠦᠢᠯ ᠢ ᠴᠢᠨᠠᠷᠯᠢᠭ ᠰᠠᠶᠢᠨ ᠬᠡᠷᠡᠭᠵᠢᠭᠦᠯᠬᠦ ᠬᠡᠷᠡᠭᠲᠡᠶ᠂ ᠡᠪᠳᠡᠭᠳᠡᠭᠰᠡᠨ ᠭᠡᠷ ᠪᠠᠶᠢᠰᠢᠩ ᠪᠠ ᠵᠠᠮ ᠤᠨ ᠲᠤᠭ᠎ᠠ ᠪᠦᠷᠢᠳᠬᠡᠯ ᠪᠣᠯᠤᠨ ᠰᠡᠷᠬᠦᠬᠡᠨ ᠵᠠᠰᠠᠬᠤ ᠠᠵᠢᠯ ᠢ ᠴᠠᠭ ᠲᠤᠬᠠᠶ ᠳᠤᠨᠢ ᠥᠷᠨᠢᠭᠦᠯᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ  ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠪᠠᠲᠤᠯᠠᠬᠤ   ᠶᠢᠨ ᠬᠠᠮᠲᠤ ᠵᠢᠵᠢᠭ ᠰᠠᠪᠠ ᠭᠠᠵᠠᠷ ᠤᠨ ᠵᠠᠰᠠᠯᠳᠠ᠂ ᠭᠤᠤᠯ ᠤᠨ ᠵᠠᠮ ᠤᠨ ᠵᠠᠰᠠᠯᠳᠠ ᠵᠡᠷᠭᠡ ᠲᠥᠷᠥᠯ ᠵᠦᠢᠯ ᠢ ᠡᠷᠲᠡᠬᠡᠨ ᠲᠦᠯᠦᠪᠵᠢᠬᠦᠯᠵᠦ᠂ ᠠᠭᠤᠯᠠᠨ ᠦᠶᠡᠷ ᠤᠨ ᠳᠠᠯᠳᠠ ᠭᠡᠮ ᠢ ᠦᠨᠡᠨᠬᠦ ᠠᠷᠢᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠯᠢᠦ ᠶᠠ ᠱᠧᠩ ᠵᠢᠴᠢ ᠵᠠᠰᠠᠭ ᠤᠨ ᠣᠷᠳᠣᠨ ᠤ ᠠᠯᠪᠠᠨ ᠭᠡᠷ᠂ ᠣᠷᠣᠨ ᠰᠠᠭᠤᠴᠠ ᠪᠠ ᠬᠤᠳᠠ ᠪᠠᠯᠭᠠᠰᠤᠨ ᠤ ᠪᠦᠲᠦᠭᠡᠨ ᠪᠠᠶᠢᠭᠤᠯᠤᠯᠲᠠ  ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂  ᠯᠦᠸᠧ ᠲᠦᠸᠧ ᠱᠠᠨ ᠪᠠᠯᠭᠠᠰᠤᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号