ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ ᠬᠢᠨ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠤᠬᠠᠭᠤᠯᠭ᠎ᠠ ᠲᠠᠶᠢᠯᠤᠮᠵᠢ ᠬᠢᠭᠰᠡᠨ
ᠨᠡᠶᠢᠲᠡᠯᠡᠭᠰᠡᠨ ᠴᠠᠭ᠄
2024/9/25
  9 ᠰᠠᠷ᠎ᠠ   ᠶᠢᠨ 24 ᠤ ᠡᠳᠦᠷ᠂ ᠲᠠᠶᠢᠹᠤᠰᠧ ᠬᠤᠰᠢᠭᠤᠨ ᠤ ᠳᠣᠲᠣᠭᠠᠳᠤ   ᠶᠢ ᠬᠠᠮᠠᠭᠠᠯᠠᠬᠤ ᠲᠣᠪᠴᠢᠶ᠎ᠠ ᠨᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ  ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠵᠤ᠂ ᠳᠡᠳ᠋ ᠬᠤᠰᠢᠭᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠳ᠋ᠢᠩ ᡁᠢ ᠴᠢᠶᠠᠩ ᠬᠤᠷᠠᠯ   ᠢ ᠡᠷᠬᠢᠯᠡᠨ ᠮᠡᠳᠡᠭᠦᠯᠦᠯᠲᠡ ᠬᠢᠵᠦ᠂  ᠲᠤᠪᠴᠢᠶᠠᠨ ᠤ ᠤᠳᠤᠷᠢᠳᠬᠤ ᠪᠠᠭ ᠤᠨ ᠭᠡᠰᠢᠬᠦᠳ᠂ ᠡᠯ᠎ᠡ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠵᠢᠴᠢ ᠪᠦᠬᠦ ᠴᠠᠭᠳᠠᠭ᠎ᠠ ᠠᠵᠢᠯᠳᠠᠨ ᠬᠤᠷᠠᠯ ᠳᠤ ᠤᠷᠤᠯᠴᠠᠵᠠᠢ᠃  ᠳ᠋ᠢᠩ ᡁᠢ ᠴᠢᠶᠠᠩ ᠠᠴᠠ   ᠭᠤᠷᠪᠠᠲᠤᠭᠠᠷ ᠪᠦᠭᠦᠲᠡ ᠬᠤᠷᠠᠯ ᠤᠨ ᠵᠤᠷᠢᠭ ᠰᠠᠨᠠᠭᠠᠨ ᠤ ᠤᠬᠠᠭᠤᠯᠭ᠎ᠠ ᠲᠠᠶᠢᠯᠤᠮᠵᠢ ᠶᠢᠨ ᠬᠦᠳᠦᠯᠪᠦᠷᠢ ᠶᠤᠰᠤᠭᠠᠷ᠂ ᠪᠦᠭᠦᠲᠡ ᠬᠤᠷᠠᠯ ᠤᠨ ᠴᠢᠬᠤᠯᠠ ᠠᠴᠢ ᠬᠤᠯᠪᠤᠭᠲᠠᠯ᠂ ᠶᠡᠷᠦᠩᠭᠡᠢ ᠱᠦᠵᠢ ᠰᠢ ᠶᠢᠨ ᠫᠢᠩ ᠤᠨ ᠪᠦᠭᠦᠲᠡ ᠬᠤᠷᠠᠯ ᠲᠡᠭᠡᠷᠡᠬᠢ  ᠴᠢᠬᠤᠯᠠ ᠶᠠᠷᠢᠶ᠎ᠠ᠂  ︽ᠲᠣᠭᠲᠠᠭᠠᠯ︾ ᠳᠤ ᠳᠤᠷᠠᠳᠤᠭᠰᠠᠨ ᠥᠭᠡᠷᠡᠴᠢᠯᠡᠯᠲᠡ ᠶᠢ ᠤᠯᠠᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠶ᠋ᠮᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠵᠡᠷᠭᠡ ᠲᠠᠯ᠎ᠠ ᠪᠠᠷ ᠭᠦᠨᠵᠡᠭᠡᠶ ᠲᠠᠶᠢᠯᠤᠮᠵᠢ ᠬᠢᠭᠰᠡᠨ ᠪᠠᠶᠢᠨ᠎ᠠ᠃ ᠳ᠋ᠢᠩ ᡁᠢ ᠴᠢᠶᠠᠩ ᠴᠢᠬᠤᠯᠠᠴᠢᠯᠠᠬᠤ ᠳᠠᠭᠠᠨ᠂ ᠨᠠᠮ ᠤᠨ ᠬᠤᠷᠢᠲᠣᠭᠠᠷ ᠬᠤᠭᠤᠴᠠᠭᠠᠨ ᠤ ᠳᠦᠪ ᠬᠤᠷᠢᠶᠠᠨ ᠤ ᠭᠤᠷᠪᠠᠲᠣᠭᠠᠷ ᠪᠦᠭᠦᠲᠠ ᠬᠤᠷᠠᠯ ᠤᠨ ᠵᠣᠷᠢᠭ ᠰᠠᠨᠠᠭ᠎ᠠ ᠶᠢ ᠰᠠᠶᠢᠲᠣᠷ ᠰᠣᠷᠣᠯᠴᠠᠨ ᠳᠣᠣᠱᠯᠠᠭᠤᠯᠬᠤ ᠶᠠᠪᠤᠳᠠᠯ ᠢ ᠣᠲᠣᠬᠠᠨ ᠤ ᠪᠠ ᠬᠤᠶᠢᠰᠢᠲᠠ ᠶᠢᠨ ᠨᠢᠭᠡ ᠬᠤᠭᠤᠴᠠᠭᠠᠨ ᠤ ᠨᠢᠭᠡ ᠲᠦᠷᠦᠯ ᠤᠨ ᠴᠢᠬᠤᠯᠠ ᠶᠡᠭᠡ ᠤᠯᠤᠰ ᠳᠦᠷᠤ ᠶᠢᠨ ᠡᠭᠦᠷᠭᠡ ᠪᠤᠯᠭᠠᠵᠤ᠂    ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠪᠦᠬᠦᠳᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠨᠢᠭᠡᠳᠭᠡᠨ᠂  ᠤᠶᠤᠨ ᠤᠬᠠᠭᠠᠨ ᠪᠠ ᠬᠦᠴᠦᠨ ᠴᠢᠳᠠᠯ ᠢᠶᠠᠨ ᠪᠦᠭᠦᠳᠡ ᠬᠤᠷᠠᠯ ᠠᠴᠠ ᠲᠣᠭᠲᠠᠭᠠᠭᠰᠠᠨ ᠡᠯ᠎ᠡ ᠵᠦᠢᠯ   ᠤᠨ ᠡᠬᠦᠷᠭᠡ ᠬᠠᠷᠠᠯᠲᠠ ᠶᠢ ᠨᠠᠶᠢᠳᠠᠪᠤᠷᠢᠵᠢᠭᠤᠯᠬᠤ ᠳᠡᠭᠡᠷ᠎ᠡ ᠲᠦᠪᠯᠡᠷᠡᠬᠦᠯᠵᠦ᠂ ᠳᠡᠭᠡᠳᠦ ᠱᠠᠲᠤᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠪᠠ ᠪᠦᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠳᠣᠲᠣᠭᠠᠳᠤ ᠶᠢ ᠬᠠᠮᠠᠭᠠᠯᠠᠬᠤ ᠦᠬᠡᠷᠡᠴᠢᠯᠡᠯᠳᠡ ᠶᠢ ᠤᠯᠠᠮ ᠪᠦᠬᠦ ᠲᠠᠯ᠎ᠠ ᠪᠠᠷ ᠬᠦᠨᠵᠡᠬᠡᠶᠢᠷᠡᠬᠦᠯᠵᠦ᠂  ᠪᠠᠶᠠᠷᠯᠠᠨ ᠲᠠᠯᠠᠷᠬᠠᠬᠤ ᠰᠡᠳᠬᠢᠯ᠂ ᠤᠷᠤᠭᠰᠢᠯᠠᠨ ᠳᠠᠪᠰᠢᠬᠤ ᠵᠣᠷᠢᠭ ᠢᠶᠠᠷ ᠨᠠᠮ ᠤᠨ ᠲᠥᠷᠥ  ᠶᠢᠨ ᠪᠣᠳᠣᠯᠭ᠎ᠠ ᠶᠢᠨ ᠬᠦᠷᠢᠶᠡᠯᠡᠭᠴᠢ᠂ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠦᠢᠯᠡᠳᠦᠯᠬᠡᠵᠢᠬᠦᠯᠦᠭᠴᠢ᠂ ᠥᠭᠡᠷᠡᠴᠢᠯᠡᠯᠲᠡ ᠪᠠᠷ ᠴᠠᠭᠳᠠᠭ᠎ᠠ ᠪᠠᠨ ᠬᠦᠴᠦᠷᠬᠡᠭᠵᠢᠭᠦᠯᠬᠦ ᠤᠷᠤᠭᠰᠢᠯᠠᠭᠴᠢ ᠪᠣᠯᠬᠤ ᠬᠡᠷᠡᠭᠲᠡᠶ᠃ ᠢᠳᠡᠪᠬᠢᠲᠡᠶ ᠪᠠᠷ ᠲᠦᠭᠰᠢᠭᠦᠷᠢ ᠶᠢ ᠠᠷᠭᠠᠴᠠᠨ᠂ ᠥᠷᠢᠰᠥᠯᠳᠦᠭᠡᠨ ᠢ ᠤᠭᠲᠤᠵᠤ᠂ ᠤᠮᠠᠷᠠᠲᠤ ᠬᠢᠯᠢ   ᠶᠢᠨ ᠠᠮᠤᠷ ᠲᠣᠭᠲᠠᠭᠤᠨ ᠤ ᠬᠠᠯᠬᠠᠪᠴᠢ ᠪᠠ ᠤᠮᠠᠷᠠᠲᠤ ᠤᠷᠤᠨ ᠤ  ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠤᠭᠴᠠᠯᠠᠨ᠂ ᠪᠦᠬᠦ ᠬᠤᠰᠢᠭᠤ ᠪᠦᠬᠦ ᠠᠶᠢᠮᠠᠭ ᠤᠨ ᠠᠵᠤ ᠠᠬᠤᠶ ᠶᠢᠨ  ᠴᠢᠨᠠᠷᠯᠢᠭ ᠬᠥᠭᠵᠢᠯᠲᠡ ᠶᠢ ᠪᠠᠳᠤᠯᠠᠵᠤ᠂  ᠠᠮᠤᠷ ᠠᠮᠤᠭᠤᠯᠠᠩ ᠲᠠᠶᠢᠹᠤᠰᠧ ᠬᠤᠰᠢᠭᠤ ᠶᠢ ᠪᠠᠶᠢᠭᠤᠯᠬᠤ ᠳᠤ ᠬᠦᠴᠦᠨ ᠴᠢᠳᠠᠯ   ᠢᠶᠠᠨ ᠡᠷᠬᠦᠬᠦ ᠭᠡᠷᠡᠭᠳᠡᠢ᠃  ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ   ᠶᠢ ︽ᠭᠦᠨᠵᠡᠭᠡᠶ ᠰᠤᠷᠤᠯᠴᠠᠬᠤ︾ ︽ᠨᠡᠪᠳᠡᠷᠡᠳᠡᠯ᠎ᠡ ᠤᠶᠢᠯᠠᠭᠠᠬᠤ︾ ︽ᠪᠤᠳᠠᠳᠠᠢ ᠳᠤ ᠦᠢᠯᠡᠳᠦᠯᠬᠡᠵᠢᠬᠦᠯᠬᠦ︾ ᠶᠢ ᠳᠣᠲᠣᠭᠠᠳᠤ   ᠶᠢ ᠬᠠᠮᠠᠭᠠᠯᠠᠬᠤ ᠠᠵᠢᠯ ᠤᠨ ᠡᠯ᠎ᠡ ᠲᠠᠯ᠎ᠠ ᠳᠤ ᠠᠭᠤᠰᠤᠯᠴᠠᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠵᠡᠯ ᠰᠠᠨᠠᠭ᠎ᠠ ᠪᠠᠨ ᠪᠠᠳᠤᠳᠬᠠᠬᠤ᠂ ᠨᠠᠮᠴᠢ ᠴᠢᠨᠠᠷ ᠢᠶᠠᠨ ᠪᠣᠯᠪᠠᠰᠤᠷᠠᠭᠤᠯᠬᠤ ᠦᠨᠳᠦᠷ ᠤᠬᠠᠮᠰᠠᠷ  ᠂ ᠠᠷᠠᠳ ᠲᠦᠮᠡᠨ ᠳᠤ ᠦᠢᠯᠡᠴᠢᠯᠡᠬᠦ᠂ ᠠᠮᠤᠷ ᠠᠮᠤᠭᠤᠯᠠᠩ ᠢ ᠬᠠᠮᠠᠭᠠᠯᠠᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠭᠡᠷᠡᠭᠳᠡᠢ ᠭᠡᠪᠡ᠃
 
ᠢᠷᠡᠯᠲᠡ᠄ ᠲᠠᠶᠢᠹᠤᠰᠧ ᠬᠤᠰᠢᠭᠤᠨ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号