ᠲᠠᠶᠢᠹᠤᠰᠧ ᠬᠤᠰᠢᠭᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷ᠎ᠡ ᠪᠦᠳᠦᠬᠡᠯ ᠢ ᠬᠠᠷᠠᠭᠤᠯᠬᠤ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2024/9/27
  9 ᠰᠠᠷ᠎ᠠ ᠶᠢᠨ 25᠎ ᠤ ᠡᠳᠦᠷ᠂ ᠲᠠᠶᠢᠹᠤᠰᠧ ᠬᠤᠰᠢᠭᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷ᠎ᠡ ᠪᠦᠳᠦᠬᠡᠯ ᠢ ᠬᠠᠷᠠᠭᠤᠯᠬᠤ ᠠᠵᠢᠯᠯᠠᠭ᠎ᠠ ᠦᠷᠨᠢᠬᠦᠯᠵᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠽᠦᠸᠧ ᡁᠢ ᠭᠦᠸᠧ ᠠᠵᠢᠯᠯᠠᠭ᠎ᠠ ᠳᠤ ᠣᠷᠣᠯᠴᠠᠭᠰᠠᠨ ᠪᠥᠭᠡᠳ ᠶᠡᠷᠦᠩᠬᠡᠶᠢᠯᠡᠭᠰᠡᠨ ᠦᠨᠡᠯᠡᠯᠲᠡ ᠬᠢᠪᠡ᠃ ᠲᠣᠭᠤᠷᠢᠨ ᠦᠵᠡᠬᠦ ᠳᠤᠭᠤᠶᠢᠯᠠᠩ ᠤᠨ ᠬᠢᠨ ᠤᠷᠢᠳ ᠬᠤᠵᠢᠳ ᠪᠤᠤᠴᠠᠩ ᠪᠠᠯᠭᠠᠰᠤᠨ ᠤ ᠡᠦ ᠹᠦ᠋ ᠲᠣᠰᠬᠤᠨ᠂  ᠡᠤ ᠵᠢᠩ ᠲᠣᠰᠬᠤᠨ᠂ ᠲᠠᠢ ᠫᠢᠩ ᠨᠡᠶᠢᠭᠡᠮ ᠲᠣᠭᠤᠷᠢᠭ ᠲᠤ ᠬᠦᠷᠴᠦ᠂ ᠲᠣᠭᠤᠷᠢᠨ ᠦᠵᠡᠬᠦ᠂ ᠲᠠᠨᠢᠯᠴᠠᠭᠤᠯᠭ᠎ᠠ ᠰᠣᠨᠣᠰᠬᠤ᠂ ᠶᠠᠷᠢᠯᠴᠠᠨ ᠰᠣᠯᠢᠯᠴᠠᠬᠤ ᠠᠷᠭ᠎ᠠ ᠮᠠᠶ᠋ᠢᠭ ᠢᠶᠠᠷ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ᠂ ᠪᠣᠯᠪᠠᠰᠤᠨ ᠪᠦᠯᠬᠦᠮᠳᠡᠯᠳᠦ ᠴᠢᠯᠦᠬᠡᠳᠦ ᠳᠡᠯᠭᠡᠭᠦᠷ ᠤᠨ ᠪᠠᠶᠢᠭᠤᠯᠤᠯᠲᠠ᠂ ᠪᠣᠯᠪᠠᠰᠤᠨ ᠭᠠᠴᠠᠭ᠎ᠠ ᠲᠣᠰᠬᠤᠨ ᠤ ᠬᠠᠮᠢᠶᠠᠷᠤᠯᠲᠠ᠂ ᠵᠠᠩ ᠳᠠᠳᠬᠠᠯ ᠎ ᠤᠨ ᠦᠬᠡᠷᠡᠴᠢᠯᠡᠯᠳᠡ᠂ ︽ᠨᠢᠭᠡ ᠭᠡᠷ᠎ᠡ ᠳᠥᠷᠪᠡᠨ ᠬᠤᠷᠠᠯ︾᠎ ᠤᠨ ᠲᠦᠷᠢᠮ᠂ ᠲᠠᠯ᠎ᠠ ᠨᠤᠲᠤᠭ ᠤᠨ ᠨᠣᠮ ᠤᠨ ᠦᠷᠦᠭᠡᠨ ᠤ ᠠᠵᠢᠯ᠂ ︽ᠱᠠᠯᠢᠭ ᠵᠠᠪᠬᠠᠶ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠥᠷᠲᠡᠭᠡ ᠴᠡᠭ ᠤᠨ  ᠪᠠᠶᠢᠭᠤᠯᠤᠯᠲᠠ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠭᠰᠡᠨ ᠪᠦᠭᠡᠳ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠤᠬᠠᠭᠤᠯᠭ᠎ᠠ ᠶᠢᠨ ᠹᠢᠯᠢᠮ ᠢ ᠦᠵᠡᠭᠰᠡᠨ ᠪᠠᠶᠢᠨ᠎ᠠ᠃ ᠡᠯ᠎ᠡ ᠰᠤᠮᠤ ᠰᠢᠶᠠᠩ ᠪᠠᠯᠭᠠᠰᠤ ᠨᠢ ᠭᠤᠤᠯ ᠰᠡᠳᠦᠪ ᠎ ᠲᠠᠢ ᠤᠶᠠᠯᠳᠤᠭᠤᠯᠵᠤ  ︽PPT ᠮᠡᠳᠡᠭᠦᠯᠦᠯᠲᠡ︾᠎ ᠶᠢᠨ ᠬᠡᠯᠪᠡᠷᠢ ᠪᠠᠷ ᠰᠠᠭᠤᠷᠢᠨ ᠭᠠᠵᠠᠷ ᠤᠨ ᠪᠠᠶᠢᠭᠤᠯᠤᠯᠲᠠ᠂ ᠲᠣᠭᠲᠠᠴᠠ ᠶᠢᠨ ᠪᠠᠶᠢᠭᠤᠯᠤᠯᠲᠠ᠂ ᠡᠩᠨᠡᠭᠡᠨ ᠤ ᠪᠠᠶᠢᠭᠤᠯᠤᠯᠳᠠ᠂ ᠬᠦᠳᠡᠯᠪᠦᠷᠢ ᠠᠵᠢᠯᠯᠠᠭ᠎ᠠ ᠵᠡᠷᠭᠡ ᠲᠠᠯ᠎ᠠ ᠶᠢᠨ  ᠠᠷᠭ᠎ᠠ ᠲᠤᠷᠰᠢᠯᠭ᠎ᠠ ᠪᠠᠨ ᠳᠡᠯᠭᠡᠨ ᠰᠤᠯᠢᠯᠴᠠᠵᠠᠢ᠃ ᠡᠨᠡ ᠤᠳᠠᠭᠠᠨ ᠤ ᠠᠵᠢᠯᠯᠠᠭ᠎ᠠ ᠪᠠᠷ ᠲᠠᠮᠵᠢᠭᠠᠳ᠂ ᠡᠯ᠎ᠡ ᠭᠠᠵᠠᠷ ᠤᠨ ᠬᠢᠨ ᠲᠤᠷᠰᠢᠯᠭ᠎ᠠ ᠪᠠᠨ ᠰᠤᠯᠢᠯᠴᠠᠵᠤ᠂ ᠵᠥᠷᠢᠶ᠎ᠡ ᠪᠠᠨ ᠡᠷᠢᠵᠦ᠂ ᠳᠤᠲᠠᠭᠤᠳᠠᠯ ᠢᠶᠠᠨ ᠨᠥᠬᠦᠪᠥᠷᠢᠯᠡᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠬᠠᠷᠢᠭᠤᠴᠠᠯᠭᠠᠲᠤ ᠰᠡᠳᠬᠢᠯᠭᠡ ᠶᠢ ᠤᠯᠠᠮ ᠨᠡᠮᠡᠭᠳᠡᠬᠦᠯᠦᠨ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠭᠦᠨᠵᠡᠭᠡᠶ ᠠᠬᠢᠭᠤᠯᠬᠤ ᠳᠤ ᠪᠣᠳᠠᠲᠠᠶ ᠰᠡᠳᠬᠢᠴᠡ ᠪᠠ ᠠᠷᠭ᠎ᠠ ᠬᠠᠩᠭᠠᠵᠤ᠂ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠠᠲᠤ ᠴᠢᠩᠭ᠎ᠠ ᠦᠵᠡᠯ ᠰᠠᠨᠠᠭᠠᠨ ᠤ ᠪᠠᠲᠤᠯᠠᠭ᠎ᠠ ᠪᠠ ᠬᠦᠴᠦᠷᠬᠡᠭ ᠶᠡᠭᠡ ᠣᠶᠤᠨ ᠰᠠᠨᠠᠭᠠᠨ ᠤ ᠬᠥᠳᠡᠯᠭᠡᠬᠦ ᠬᠦᠴᠦᠨ ᠬᠠᠩᠭᠠᠪᠠ᠃ ᠡᠯ᠎ᠡ ᠰᠤᠮᠤ ᠰᠢᠶᠠᠩ ᠪᠠᠯᠭᠠᠰᠤᠨ ᠤ ᠤᠬᠠᠭᠤᠯᠬᠤ ᠭᠡᠰᠢᠭᠦᠨ᠂ ᠬᠡᠰᠡᠭ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠎ ᠤ ᠱᠦᠵᠢ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂  ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠤᠨ ᠠᠵᠢᠯᠲᠠᠨ ᠵᠡᠷᠭᠡ 40 ᠭᠠᠷᠤᠶ ᠬᠥᠮᠦᠨ ᠠᠵᠢᠯᠯᠠᠭ᠎ᠠ ᠳᠤ ᠣᠷᠣᠯᠴᠠᠵᠠᠶ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号