ᠲᠠᠶᠢᠹᠤᠰᠧ ᠬᠤᠰᠢᠭᠤ ᠲᠠᠷᠢᠶᠠᠯᠠᠩ ᠤᠨ ᠣᠨᠴᠠ ᠭᠠᠷᠤᠯᠲᠠ ᠪᠠᠨ ᠶᠡᠭᠡ ᠰᠤᠷᠭᠠᠭᠤᠯᠢ ᠶᠢᠨ ᠬᠦᠷᠢᠶᠡᠨ ᠳᠤ ᠤᠷᠤᠭᠤᠯᠤᠯ᠎ᠠ
ᠨᠡᠶᠢᠲᠡᠯᠡᠭᠰᠡᠨ ᠴᠠᠭ᠄
2024/9/27
   9 ᠰᠠᠷ᠎ᠠ ᠶᠢᠨ 23 ᠤ ᠡᠳᠦᠷ ᠲᠠᠶᠢᠹᠤᠰᠧ ᠬᠤᠰᠢᠭᠤᠨ ᠤ ᠬᠢᠨ  ᠪᠡᠭᠡᠵᠢᠩ ᠬᠤᠳᠠ ᠳᠠᠬᠢ ᠤᠮᠠᠷᠠᠲᠤ ᠣᠷᠣᠨ ᠤ ᠴᠠᠬᠢᠯᠭᠠᠨ ᠬᠦᠴᠦᠨ ᠤ ᠶᠡᠭᠡ ᠰᠤᠷᠭᠠᠭᠤᠯᠢ ᠳᠤ ︽ᠲᠠᠷᠢᠶᠠᠯᠠᠩ ᠤᠨ ᠣᠨᠴᠠ ᠭᠠᠷᠤᠯᠳᠠ ᠪᠠᠨ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ  ︾ ᠠᠵᠢᠯᠯᠠᠭ᠎ᠠ ᠦᠷᠨᠢᠬᠦᠯᠪᠡ᠃ ᠡᠨᠡ ᠤᠳᠠᠭᠠᠨ ᠤ ᠠᠵᠢᠯᠯᠠᠭ᠎ᠠ ᠳᠤ ᠨᠡᠶᠢᠲᠡ ᠬᠤᠷᠢᠭᠠᠳ ᠲᠥᠷᠥᠯ ᠤᠨ 100 ᠭᠠᠷᠤᠶ ᠪᠦᠲᠦᠭᠡᠭᠳᠡᠬᠦᠨ ᠢ ᠲᠡᠯᠭᠡᠨ ᠪᠤᠷᠤᠯᠠᠭᠤᠯᠤᠭᠠᠳ᠂ ᠲᠠᠶᠢᠹᠤᠰᠧ ᠬᠤᠰᠢᠭᠤᠨ ᠤ ᠲᠠᠷᠢᠶᠠᠯᠠᠩ ᠤᠨ ᠣᠨᠴᠠ ᠭᠠᠷᠤᠯᠳᠠ ᠶᠢᠨ ᠥᠪᠡᠷᠮᠢᠴᠡ ᠷᠢᠳᠢ ᠰᠢᠳᠢ ᠶᠢ ᠢᠯᠡᠷᠡᠬᠦᠯᠦᠭᠰᠡᠨ ᠪᠠᠶᠢᠨ᠎ᠠ᠃ ᠠᠬᠤᠢ ᠲᠠᠯᠠᠪᠠᠢ ᠳᠤ᠂ ᠲᠠᠷᠢᠶᠠᠯᠠᠩ ᠤᠨ ᠣᠨᠴᠠ ᠭᠠᠷᠤᠯᠳᠠ ᠶᠢᠨ ᠦᠵᠡᠰᠬᠦᠯᠡᠩ ᠢ ᠲᠣᠬᠢᠷᠠᠭᠤᠯᠤᠭᠰᠠᠨ ᠢᠶᠠᠷ ᠪᠠᠷᠠᠬᠤ ᠦᠭᠡᠢ᠂  ᠦᠨᠳᠦᠰᠦᠳᠡᠨ ᠤ ᠳᠠᠭᠤᠤ ᠬᠥᠭᠵᠢᠮ ᠪᠥᠵᠢᠭ ᠵᠡᠷᠭᠡ ᠤᠷᠠᠨ ᠰᠠᠶᠢᠬᠠᠨ ᠤ ᠲᠣᠭᠯᠠᠯᠲᠠ ᠶᠢ ᠲᠤᠬᠢᠷᠠᠭᠤᠯᠵᠤ᠂ ᠲᠠᠷᠢᠶᠠᠯᠠᠩ ᠤᠨ ᠣᠨᠴᠠ  ᠭᠠᠷᠤᠯᠳᠠ ᠶᠢᠨ ᠪᠣᠷᠣᠯᠠᠭᠤᠯᠭ᠎ᠠ ᠳᠤ ᠭᠦᠨ ᠵᠤᠵᠠᠭᠠᠨ ᠰᠣᠶᠣᠯ ᠤᠨ ᠥᠩᠭᠡ ᠪᠤᠳᠤᠭ ᠨᠡᠮᠡᠷᠢᠯᠡᠭᠡᠳ᠂  ᠶᠡᠭᠡ ᠰᠤᠷᠭᠠᠭᠤᠯᠢ ᠶᠢᠨ ᠪᠠᠭᠰᠢ ᠰᠤᠷᠤᠭᠴᠢᠳ ᠤᠨ ᠠᠩᠬᠠᠷᠤᠯ ᠰᠣᠨᠢᠷᠬᠠᠯ ᠢ ᠲᠠᠳᠠᠵᠠᠢ᠃  ᠠᠵᠢᠯᠯᠠᠭᠠᠨ ᠤ ᠶᠠᠪᠤᠴᠠ ᠳᠤ ᠪᠠᠰᠠ 500 ᠭᠠᠷᠤᠶ ᠬᠤᠪᠢ  ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠭᠰᠠᠨ ᠪᠠᠶᠢᠨ᠎ᠠ᠃  ᠡᠨᠡ ᠤᠳᠠᠭ᠎ᠠ ᠠᠬᠤᠢ ᠲᠠᠯᠠᠪᠠᠶ ᠶᠢᠨ ᠪᠤᠷᠤᠯᠠᠭᠤᠯᠭ᠎ᠠ ᠶᠢᠨ ᠣᠷᠣᠯᠭ᠎ᠠ 5 ᠲᠦᠮᠡ ᠭᠠᠷᠤᠶ ᠲᠥᠭᠦᠷᠢᠭ ᠲᠤ ᠬᠦᠷᠦᠭᠰᠡᠨ ᠪᠦᠭᠡᠳ ᠤᠮᠠᠷᠠᠲᠤ ᠣᠷᠣᠨ ᠤ ᠴᠠᠬᠢᠯᠭᠠᠨ ᠬᠦᠴᠦᠨ ᠤ ᠶᠡᠭᠡ ᠰᠤᠷᠭᠠᠭᠤᠯᠢ ᠲᠠᠢ 50 ᠲᠦᠮᠡᠨ ᠲᠥᠭᠦᠷᠢᠭ ᠤᠨ ᠤᠯᠠᠭᠠᠨ ᠢᠳᠡᠭᠡᠨ ᠤ ᠬᠠᠩᠭᠠᠯᠭ᠎ᠠ ᠶᠢᠨ ᠬᠡᠯᠡᠯᠴᠡᠭᠡᠷ ᠲᠣᠭᠲᠠᠪᠠ᠃  
 
ᠢᠷᠡᠯᠲᠡ᠄ ᠲᠠᠶᠢᠹᠤᠰᠧ ᠬᠤᠰᠢᠭᠤᠨ ᠤ ᠤ ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号