ᠲᠠᠶᠢᠹᠤᠰᠧ ᠬᠤᠰᠢᠭᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/29
  ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠬᠥᠮᠥᠰ ᠤᠨ ᠰᠡᠳᠬᠢᠯ ᠳᠤ ᠬᠠᠳᠠᠩᠰᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠬᠠᠭᠤᠯᠭ᠎ᠠ ᠬᠦᠮᠦᠵᠢᠯ ᠢ ᠰᠠᠶᠢᠨ ᠬᠢᠬᠦ ᠲᠤᠬᠠᠢ ᠨᠠᠮ ᠤᠨ ᠲᠥᠪ ᠬᠤᠷᠢᠶᠠᠨ ᠤ ᠴᠢᠬᠤᠯᠠ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠦᠯᠦᠭᠡ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠤᠬᠠᠭᠤᠯᠭ᠎ᠠ ᠲᠠᠶᠢᠯᠤᠮᠵᠢ ᠶᠢ ᠬᠦᠨᠵᠡᠬᠡᠢ ᠦᠷᠨᠢᠬᠦᠯᠬᠦ ᠠᠵᠢᠯ ᠤᠨ ᠪᠠᠶᠢᠷᠢᠯᠠᠭᠤᠯᠤᠯᠳᠠ ᠶᠤᠰᠤᠭᠠᠷ ᠲᠠᠶᠢᠹᠤᠰᠧ ᠬᠤᠰᠢᠭᠤ ᠨᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠤᠬᠠᠭᠤᠯᠤᠨ ᠲᠠᠶᠢᠯᠪᠤᠷᠢᠯᠠᠬᠤ ᠠᠵᠢᠯ ᠤᠨ ᠲᠦᠰᠦᠪ︾ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠤᠬᠠᠭᠤᠯᠭ᠎ᠠ ᠲᠠᠶᠢᠯᠤᠮᠵᠢ ᠶᠢᠨ ᠬᠦᠳᠦᠯᠪᠦᠷᠢ︾ ᠶᠢ ᠳᠠᠷᠤᠮᠠᠯᠯᠠᠨ ᠲᠠᠷᠬᠠᠭᠠᠵᠤ᠂ ᠪᠥᠬᠦ ᠬᠤᠰᠢᠭᠤᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠤᠬᠠᠭᠤᠯᠭ᠎ᠠ ᠬᠥᠮᠦᠵᠢᠯ ᠢ ᠢᠳᠡᠪᠬᠢᠳᠡᠢ ᠦᠷᠨᠢᠬᠦᠯᠵᠦ ᠪᠤᠢ᠃ ᠲᠤᠰ ᠬᠤᠰᠢᠭᠤ ᠨᠢ ᠤᠤᠯ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠰᠠᠭᠤᠷᠢᠨ ᠳᠡᠭᠡᠷ᠎ᠡ ᠬᠤᠰᠢᠭᠤᠨ ᠤ ᠡᠯ᠎ᠡ ᠰᠠᠯᠠᠭ᠎ᠠ ᠮᠥᠴᠢᠷ ᠠᠴᠠ ᠰᠢᠯᠢᠳᠡᠭ ᠺᠠᠳ᠋ᠷ ᠠᠵᠢᠯᠳᠠᠳ ᠢ ᠰᠣᠩᠭᠤᠨ ︽ᠲᠠᠶᠢᠹᠤᠰᠧ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ︾ ᠳᠤ ᠣᠷᠣᠭᠤᠯᠵᠤ᠂ ᠪᠠᠶᠢᠭᠤᠯᠭ᠎ᠠ ᠨᠢᠬᠡᠴᠡ᠂ ᠰᠤᠷᠭᠠᠭᠤᠯᠢ᠂ ᠠᠵᠤ ᠠᠬᠤᠶᠢᠯᠠᠯ᠂ ᠰᠤᠮᠤ ᠰᠢᠶᠠᠩ ᠪᠠᠯᠭᠠᠰᠤ᠂ ᠨᠡᠶᠢᠭᠡᠮ ᠲᠣᠭᠤᠷᠢᠭ᠂ ᠱᠠᠰᠢᠨ ᠰᠤᠷᠲᠠᠬᠤᠨ ᠤ ᠲᠠᠯᠠᠪᠤᠷ᠂ ᠴᠡᠷᠢᠭ ᠠᠩᠬᠢ ᠳᠤ ᠬᠦᠨᠵᠡᠭᠡᠶᠢᠷᠡᠨ ᠤᠬᠠᠭᠤᠯᠭ᠎ᠠ ᠲᠠᠶᠢᠯᠤᠮᠵᠢ ᠬᠢᠭᠰᠡᠨ ᠪᠠᠶᠢᠨ᠎ᠠ᠃ ᠪᠦᠷᠢᠳᠬᠡᠯ ᠢ ᠦᠨᠳᠦᠰᠦᠯᠡᠪᠡᠯ᠂ ᠡᠨᠡ ᠵᠢᠯ 47 ᠤᠳᠠᠭᠠᠨ ᠤ ᠤᠬᠠᠭᠤᠯᠭ᠎ᠠ ᠲᠠᠶᠢᠯᠤᠮᠵᠢ ᠶᠢ ᠬᠢᠵᠦ᠂ 3600 ᠭᠠᠷᠤᠢ ᠬᠥᠮᠦᠨ ᠤᠳᠠᠭ᠎ᠠ ᠶᠢ ᠬᠠᠮᠤᠷᠴᠠᠢ᠃  ᠡᠯ᠎ᠡ ᠱᠠᠲᠤ ᠡᠯ᠎ᠡ ᠰᠠᠯᠠᠭ᠎ᠠ ᠮᠥᠴᠢᠷ ᠡᠯ᠎ᠡ ᠪᠠᠶᠢᠭᠤᠯᠭ᠎ᠠ ᠨᠢᠭᠡᠴᠡ ᠨᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ  ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠂ ᠨᠠᠮ ᠤᠨ ᠶᠡᠷᠦᠩᠬᠡᠶ ᠡᠭᠦᠷ ︵ᠨᠠᠮ ᠤᠨ ᠡᠭᠦᠷ︶ ᠶᠢᠨ ᠭᠤᠤᠯᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠣᠯᠪᠠᠰᠤᠷᠠᠯ ᠤᠨ ᠠᠭᠤᠯᠭ᠎ᠠ ᠶᠢ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠬᠤ ᠠᠭᠤᠯᠭ᠎ᠠ᠂ ᠨᠠᠮ ᠤᠨ ᠡᠭᠦᠷ ᠤᠨ ᠨᠢᠭᠡᠳᠦᠭᠡᠷ ᠰᠤᠷᠤᠯᠴᠠᠬᠤ ᠰᠡᠳᠦᠪ ᠳᠤ ᠣᠷᠣᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ  ᠤᠬᠠᠭᠤᠯᠭ᠎ᠠ ᠰᠤᠷᠤᠯᠴᠠᠯᠭ᠎ᠠ ᠶᠢ ᠺᠠᠳ᠋ᠷ ᠤᠨ ᠬᠥᠮᠦᠵᠢᠯ᠂ ᠨᠠᠮ ᠤᠨ ᠭᠡᠰᠢᠭᠦᠨ ᠤ ᠬᠥᠮᠦᠵᠢᠯ ᠤᠨ ᠴᠢᠬᠤᠯᠠ ᠠᠭᠤᠯᠭ᠎ᠠ ᠳᠤ ᠤᠷᠤᠭᠤᠯᠤᠭᠠᠳ᠂ ᠠᠳᠠᠯᠢ ᠪᠤᠰᠤ ᠬᠦᠯᠢᠶᠡᠨ ᠠᠪᠤᠭᠴᠢᠳ ᠤᠨ ᠣᠨᠴᠠᠯᠢᠭ ᠢ ᠦᠨᠳᠦᠰᠦᠯᠡᠵᠦ᠂ ᠤᠬᠠᠭᠤᠯᠤᠨ ᠲᠠᠶᠢᠯᠪᠤᠷᠢᠯᠠᠬᠤ ᠠᠷᠭ᠎ᠠ ᠮᠠᠶ᠋ᠢᠭ ᠤᠨ ᠰᠢᠨ᠎ᠡ ᠶᠢ ᠡᠬᠦᠳᠦᠨ᠂ ᠣᠯᠠᠨ ᠶᠠᠩᠵᠤ ᠶᠢᠨ᠂  ᠬᠦᠮᠦᠨ ᠠᠷᠠᠳ  ᠲᠤ ᠲᠠᠭᠠᠰᠢᠶᠠᠭᠳᠠᠭᠰᠠᠨ᠂ ᠪᠣᠳᠠᠲᠠᠶ ᠶᠢ ᠡᠷᠬᠢᠮᠯᠡᠭᠰᠡᠨ ᠤᠬᠠᠭᠤᠯᠭ᠎ᠠ ᠶᠢᠨ ᠠᠵᠢᠯᠯᠠᠭ᠎ᠠ ᠶᠢ ᠦᠷᠨᠢᠬᠦᠯᠵᠡᠢ᠃ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠳᠤ ᠠᠩᠬᠠᠷᠤᠯ ᠢᠶᠠᠨ ᠲᠦᠪᠯᠡᠷᠡᠬᠦᠯᠦᠨ᠂ ᠲᠤᠰᠬᠠᠢ ᠮᠡᠷᠭᠡᠵᠢᠯ ᠤᠨ ᠨᠡᠷ᠎ᠡ ᠲᠣᠮᠢᠶ᠎ᠠ ᠶᠢ ᠤᠯᠠᠨ ᠲᠦᠮᠡᠨ ᠤ ᠦᠭᠡ ᠶᠠᠷᠢᠶ᠎ᠠ ᠪᠣᠯᠭᠠᠨ ᠬᠤᠪᠢᠷᠠᠭᠤᠯᠵᠤ᠂ ᠠᠷᠠᠳ ᠤᠯᠠᠨ ᠤ   ᠰᠤᠨᠤᠰᠬᠤ ᠲᠤᠷᠠᠳᠠᠢ ᠪᠦᠭᠡᠳ ᠴᠡᠭᠡᠵᠢᠯᠡᠵᠦ ᠲᠡᠶᠢᠯᠬᠦ ᠭᠦᠨᠵᠡᠭᠡᠢ ᠪᠥᠭᠡᠳ ᠣᠶᠢᠯᠠᠭᠠᠮᠵᠢᠲᠠᠢ ᠦᠭᠡ ᠶᠢ ᠢᠯᠡᠭᠦᠬᠡᠨ ᠶᠠᠷᠢᠵᠤ᠂  ᠤᠬᠠᠭᠤᠯᠭ᠎ᠠ ᠲᠠᠶᠢᠯᠤᠮᠵᠢ ᠶᠢᠨ ᠬᠠᠨᠳᠤᠯᠭᠠᠲᠤ ᠴᠢᠨᠠᠷ ᠪᠣᠯᠤᠨ ᠪᠦᠲᠦᠮᠵᠢᠲᠦ ᠴᠢᠨᠠᠷ ᠢ ᠬᠦᠴᠦᠯᠡᠨ ᠴᠢᠩᠭᠠᠳᠬᠠᠪᠠ᠃
 
ᠢᠷᠡᠯᠲᠡ᠄ ᠲᠠᠶᠢᠹᠤᠰᠧ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号