ᠠᠶᠢᠮᠠᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ  ᠤᠨ ᠬᠢᠨ ᠲᠠᠶᠢᠹᠤᠰᠧ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/9/29
   9 ᠰᠠᠷ᠎ᠠ ᠶᠢᠨ 27 ᠤ ᠡᠳᠦᠷ᠂ ᠠᠶᠢᠮᠠᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠡᠷᠬᠢᠯᠡᠭᠴᠢ ᠳᠠᠯᠠᠩᠭᠤᠷᠪᠠ ᠵᠡᠷᠭᠡ ᠬᠦᠮᠦᠰ ᠲᠠᠶᠢᠹᠤᠰᠧ ᠬᠤᠰᠢᠭᠤᠨ ᠳᠤ ᠬᠦᠨᠵᠡᠬᠡᠶᠢᠷᠡᠵᠦ 2024 ᠣᠨ ᠤ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ ᠶᠢᠨ ᠪᠡᠯᠡ ᠮᠥᠩᠭᠦ ᠶᠢᠨ ᠲᠥᠷᠥᠯ ᠵᠦᠢᠯ ᠤᠨ ᠪᠠᠶᠢᠭᠤᠯᠤᠯᠲᠠ ᠶᠢᠨ ᠪᠠᠶᠢᠳᠠᠯ ᠪᠠᠢ ᠨᠠᠶᠢᠳᠠᠪᠤᠷᠢᠵᠢᠭᠤᠯᠤᠭᠰᠠᠨ ᠠᠬᠢᠴᠠ ᠶᠢ ᠪᠠᠶᠢᠴᠠᠭᠠᠨ  ᠰᠤᠳᠤᠯᠬᠤ ᠶᠢᠨ ᠬᠠᠮᠳᠤ ︽ᠨᠢᠭᠡ ᠨᠤᠳᠤᠭ ᠤᠨ ᠨᠢᠭᠡ ᠪᠦᠲᠦᠭᠡᠭᠳᠡᠬᠦᠨ︾ ᠤ ᠬᠠᠮᠢᠶ᠎ᠠ ᠪᠦᠬᠦᠢ ᠠᠵᠢᠯ ᠢ ᠰᠢᠨᠵᠢᠯᠡᠨ ᠪᠠᠶᠢᠴᠠᠭᠠᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠡᠴᠡᠨᠴᠣᠭᠲᠤ᠂  ᠳᠡᠳ᠋ ᠬᠤᠰᠢᠭᠤ ᠳᠠᠷᠤᠭ᠎ᠠ ᠡᠷᠳᠡᠨᠢᠪᠠᠭᠠᠲᠤᠷ᠂  ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠤᠳᠤᠷᠢᠳᠤᠯᠭ᠎ᠠ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠵᠡᠢ᠃  ᠶᠠᠷᠢᠯᠴᠠᠬᠤ ᠬᠤᠷᠠᠯ ᠳᠤ ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ᠳᠠᠷᠤᠭ᠎ᠠ ᠴᠧᠨ ᠶᠠᠨ ᠪᠦᠦ ᠤᠷᠤᠯᠴᠠᠵᠤ᠂ ᠲᠠᠶᠢᠹᠤᠰᠧ ᠬᠤᠰᠢᠭᠤᠨ ᠤ ᠲᠦᠮᠦᠰᠦᠨ ᠤ ᠠᠵᠤ ᠦᠢᠯᠡᠰ ᠤᠨ ᠬᠦᠭᠵᠢᠯᠳᠡ ᠶᠢᠨ ᠤᠳᠤᠬᠢ ᠪᠠᠶᠢᠳᠠᠯ ᠵᠢᠴᠢ ᠲᠠᠷᠠᠭ᠎ᠠ ᠠᠯᠬᠤᠮ ᠤᠨ ᠬᠦᠭᠵᠢᠯᠳᠡ ᠶᠢᠨ ᠲᠦᠯᠦᠪᠵᠢᠬᠦᠯᠭᠡ ᠶᠢ ᠲᠠᠨᠢᠯᠴᠠᠭᠤᠯᠤᠨ᠂ ᠥᠪᠥᠷ ᠮᠣᠩᠭᠤᠯ ᠤᠨ ᠦᠨᠳᠦᠰᠦᠲᠡᠨ ᠤ ᠠᠷᠠᠯᠵᠢᠶ᠎ᠠ ᠶᠢ ᠠᠬᠢᠭᠤᠯᠬᠤ ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ᠂ ︽ᠨᠢᠭᠡ ᠨᠤᠳᠤᠭ ᠤᠨ ᠨᠢᠭᠡ ᠪᠦᠳᠦᠭᠡᠭᠳᠡᠬᠦᠨ︾  ᠤ ᠥᠪᠥᠷ ᠮᠣᠩᠭᠤᠯ ᠤᠨ ᠠᠵᠤ ᠦᠢᠯᠡᠰ ᠢ ᠠᠬᠢᠭᠤᠯᠬᠤ ᠲᠥᠪ ᠤᠨ ᠡᠷᠬᠢᠯᠡᠭᠴᠢ ᠹᠧᠩ ᠪᠢᠶᠤᠤ ᠠᠴᠠ ︽ᠨᠢᠭᠡ ᠨᠤᠳᠤᠭ ᠤᠨ ᠨᠢᠭᠡ ᠪᠦᠳᠦᠭᠡᠭᠳᠡᠬᠦᠨ︾ ᠤ ᠠᠵᠤ ᠦᠢᠯᠡᠰ ᠢ ᠠᠬᠢᠭᠤᠯᠬᠤ ᠲᠥᠯᠥᠪᠯᠡᠭᠡ ᠪᠠᠨ ᠨᠠᠷᠢᠨ ᠲᠠᠨᠢᠯᠴᠠᠭᠤᠯᠤᠭᠰᠠᠨ ᠤ ᠬᠠᠮᠲᠤ᠂ ᠣᠷᠣᠨ ᠨᠤᠲᠤᠭ ᠤᠨ ᠳᠠᠪᠠᠭᠤᠯᠢᠭ ᠡᠬᠢ ᠪᠠᠶᠠᠯᠢᠭ ᠢ ᠬᠡᠷᠬᠢᠨ ᠰᠠᠶᠢᠲᠤᠷ ᠠᠰᠢᠭᠯᠠᠬᠤ᠂ ᠪᠦᠳᠦᠭᠡᠭᠳᠡᠬᠦᠨ ᠢ ᠰᠠᠶᠢᠲᠤᠷ ᠬᠢᠬᠦ  ᠵᠡᠷᠭᠡ ᠲᠠᠯ᠎ᠠ ᠪᠠᠷ ᠵᠢᠯᠣᠭᠤᠳᠣᠯᠭ᠎ᠠ ᠬᠢᠭᠰᠡᠨ ᠪᠠᠶᠢᠨ᠎ᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠥᠪᠥᠷ ᠮᠣᠩᠭᠤᠯ ᠤᠨ ᠭᠧ ᠷᠦᠢ ᠳ᠋ᠧ ᠲᠦᠮᠦᠰᠦᠨ ᠤ ᠦᠢᠯᠡᠰ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠵᠦ᠂ ᠦᠢᠯᠡᠳᠪᠦᠷᠢᠯᠡᠯ ᠤᠨ ᠪᠠᠶᠢᠳᠠᠯ ᠢ ᠲᠤᠬᠠᠶ ᠶᠢᠨ ᠭᠠᠵᠠᠷ ᠲᠤᠨᠢ  ᠪᠠᠶᠢᠴᠠᠭᠠᠨ ᠰᠤᠷᠪᠤᠯᠵᠢᠯᠠᠬᠤ ᠶᠢᠨ ᠬᠠᠮᠲᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠶᠠᠷᠢᠯᠴᠠᠵᠤ ᠲᠦᠮᠦᠰᠦᠨ ᠤ ᠦᠢᠯᠡᠰ ᠤᠨ ᠬᠥᠭᠵᠢᠯᠲᠡ ᠶᠢᠨ ᠣᠷᠴᠢᠨ ᠨᠦᠬᠦᠴᠡᠯ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠥᠭᠵᠢᠯᠲᠡ ᠶᠢᠨ ᠪᠠᠶᠢᠳᠠᠯ᠂  ᠵᠠᠬ᠎ᠠ ᠳᠡᠯᠭᠡᠭᠦᠷ ᠤᠨ ᠬᠡᠷᠡᠭᠴᠡᠭᠡ ᠪᠠ ᠥᠷᠢᠰᠥᠯᠳᠦᠭᠡᠨ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠪᠠᠶᠢᠳᠠᠯ ᠢ ᠤᠶᠢᠯᠠᠭᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠠᠴᠠ ᠴᠢᠬᠤᠯᠠᠴᠢᠯᠠᠬᠤ ᠳᠠᠭᠠᠨ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠤᠯ ᠰᠢᠵᠢᠮ ᠢ ᠡᠵᠡᠮᠳᠡᠨ᠂ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ ᠶᠢᠨ ᠪᠠᠯᠠ ᠮᠥᠩᠭᠦ ᠶᠢ ᠦᠨᠡᠨ ᠬᠦ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ᠂ ᠪᠠᠯᠠ ᠮᠥᠩᠭᠦ ᠶᠢᠨ ᠦᠷ᠎ᠡ ᠠᠰᠢᠭ ᠢ ᠭᠦᠢᠴᠡᠳ ᠪᠠᠳᠠᠷᠠᠭᠤᠯᠬᠤ ᠬᠡᠷᠡᠭᠲᠡᠶ᠃ ᠨᠢᠭᠡ ᠳᠤ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠴᠢᠩᠭ᠎ᠠ ᠵᠢᠷᠤᠮᠯᠠᠨ᠂  ᠪᠠᠯᠠ ᠮᠥᠩᠭᠦ ᠶᠢᠨ ᠲᠥᠷᠥᠯ ᠵᠦᠢᠯ ᠢ ᠳᠣᠭᠢᠷᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠤᠭ ᠤᠨ ᠲᠤᠯᠭᠠᠮ᠎ᠠ᠂ ᠬᠠᠮᠤᠭ ᠤᠨ ᠰᠢᠭᠤᠳ᠂ ᠬᠠᠮᠤᠭ ᠤᠨ ᠠᠩᠬᠠᠷᠴᠤ ᠪᠠᠶᠢᠭ᠎ᠠ ᠦᠢᠯᠡᠳᠪᠦᠷᠢᠯᠡᠯ ᠠᠮᠢᠳᠤᠷᠠᠯ ᠤᠨ ᠠᠰᠠᠭᠤᠳᠠᠯ ᠢ ᠰᠢᠢᠳᠪᠦᠷᠢᠯᠡᠬᠦ ᠶᠠᠪᠤᠴᠠ ᠳᠤ ᠪᠠᠯᠠ ᠮᠥᠩᠭᠦ ᠶᠢᠨ ᠦᠷ᠎ᠡ ᠠᠰᠢᠭ ᠢ ᠭᠦᠢᠴᠡᠳ ᠪᠠᠳᠠᠷᠠᠭᠤᠯᠬᠤ ᠬᠡᠷᠡᠭᠲᠡᠶ᠃ ᠬᠤᠶᠠᠷ ᠲᠤ ᠡᠳ᠋ ᠬᠥᠷᠥᠩᠭᠡ ᠶᠢᠨ ᠡᠵᠡᠩᠨᠡᠯᠲᠡ ᠬᠠᠮᠢᠶᠠᠷᠤᠯᠲᠠ ᠶᠢᠨ ᠪᠠᠶᠢᠳᠠᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠲᠥᠷᠥᠯ ᠵᠦᠢᠯ ᠤᠨ ᠬᠠᠮᠤᠭ ᠤᠨ ᠶᠡᠭᠡ ᠠᠵᠤ ᠠᠬᠤᠶ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠢ ᠦᠷᠭᠦᠯᠵᠢᠯᠡᠨ ᠪᠠᠳᠠᠷᠠᠭᠤᠯᠬᠤ ᠬᠡᠷᠡᠭᠲᠡᠶ᠃ ᠭᠤᠷᠪᠠ ᠳᠤ 2025 ᠣᠨ ᠤ ᠬᠥᠮᠥᠷᠭᠡ ᠳᠤ ᠣᠷᠣᠭᠤᠯᠬᠤ ᠲᠥᠷᠥᠯ ᠵᠦᠢᠯ ᠢ ᠤᠷᠢᠳᠴᠢᠯᠠᠨ ᠰᠠᠶᠢᠲᠤᠷ ᠲᠥᠯᠥᠪᠵᠢᠭᠦᠯᠵᠦ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠪᠠᠶᠢᠴᠠᠭᠠᠨ ᠰᠤᠳᠤᠯᠵᠤ ᠮᠠᠭᠠᠳᠯᠠᠨ ᠲᠤᠭᠳᠠᠭᠠᠬᠤ ᠠᠵᠢᠯ ᠢ ᠰᠠᠶᠢᠲᠤᠷ ᠬᠢᠵᠦ᠂ ᠬᠥᠮᠥᠷᠭᠡ ᠳᠤ ᠣᠷᠣᠭᠤᠯᠬᠤ ᠲᠥᠷᠥᠯ ᠵᠦᠢᠯ ᠤᠨ ᠬᠡᠷᠡᠭᠵᠢᠭᠦᠯᠵᠦ ᠪᠣᠯᠬᠤᠶᠢᠴᠠ ᠴᠢᠨᠠᠷ ᠢ ᠦᠨᠡᠨ ᠬᠦ ᠪᠠᠲᠤᠯᠠᠬᠤ ᠬᠡᠷᠡᠭᠲᠡᠶ ᠭᠡᠪᠡ᠃
 
ᠢᠷᠡᠯᠲᠡ᠄ ᠲᠠᠶᠢᠹᠤᠰᠧ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号