ᠽᠦᠸᠧ ᡁᠢ ᠭᠦᠸᠧ  ᠠᠬᠠᠮᠠᠳ ᠨᠠᠮ ᠤᠨ ᠭᠡᠰᠢᠭᠦᠨ᠂ ᠰᠢᠯᠢᠳᠡᠭ ᠨᠠᠮ ᠤᠨ ᠠᠵᠢᠯᠳᠠᠨ ᠢ ᠲᠤᠬᠤᠨᠢᠭᠤᠯᠪᠠ
ᠨᠡᠶᠢᠲᠡᠯᠡᠭᠰᠡᠨ ᠴᠠᠭ᠄
2024/9/29
  9 ᠰᠠᠷ᠎ᠠ ᠶᠢᠨ 27 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠽᠦᠸᠧ ᡁᠢ ᠭᠦᠸᠧ ᠶᠦᠩ ᠹᠧᠩ ᠪᠠᠯᠭᠠᠰᠤᠨ ᠤ ᠰᠠᠨ ᠶᠦᠩ ᠲᠣᠰᠬᠤᠨ ᠳᠤ ᠬᠦᠨᠵᠡᠬᠡᠶᠢᠷᠡᠵᠦ᠂ ᠠᠬᠠᠮᠠᠳ ᠨᠠᠮ ᠤᠨ ᠭᠡᠰᠢᠭᠦᠨ᠂ ᠪᠥᠬᠦ ᠣᠷᠣᠨ ᠤ ᠰᠢᠯᠢᠳᠡᠭ ᠨᠠᠮ ᠤᠨ ᠠᠵᠢᠯᠳᠠᠨ ᠢ ᠬᠠᠯᠠᠮᠵᠢᠯᠠᠨ ᠲᠤᠬᠤᠨᠢᠭᠤᠯᠵᠤ᠂ ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠵᠦᠩᠨᠡᠯ ᠬᠦᠷᠭᠡᠭᠰᠡᠨ ᠪᠠᠶᠢᠨ᠎ᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠠᠩ ᠶᠦᠩ ᠯᠢ᠂ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ ᠸᠠᠩ ᠵᠢᠶᠦ᠋ᠨ ᠱᠧᠩ ᠪᠠᠷ᠎ᠠ ᠪᠣᠯᠵᠤ ᠲᠣᠬᠤᠨᠢᠭᠤᠯᠪᠠ᠃ ᠽᠦᠸᠧ ᡁᠢ ᠭᠦᠸᠧ ᠠᠬᠠᠮᠠᠳ ᠨᠠᠮ ᠤᠨ ᠭᠡᠰᠢᠭᠦᠨ᠂ ᠪᠦᠬᠦ ᠣᠷᠣᠨ ᠤ ᠰᠢᠯᠢᠳᠡᠭ ᠨᠠᠮ ᠤᠨ ᠠᠵᠢᠯᠲᠠᠨ ᠵᠦ ᠢᠦᠢ ᠮᠧᠢ ᠶᠢᠨ ᠭᠡᠷ ᠲᠤ ᠬᠦᠷᠴᠦ᠂ ᠨᠠᠰᠤᠲᠠᠨ ᠤ ᠰᠡᠳᠬᠢᠯ ᠤᠨ ᠦᠭᠡ ᠶᠢ ᠰᠤᠨᠤᠰᠤᠨ᠂ ᠲᠡᠭᠦᠨ ᠲᠠᠢ ᠳᠣᠲᠣᠨᠣᠰᠤᠭ ᠢᠶᠠᠷ ᠶᠠᠷᠢᠯᠴᠠᠵᠤ᠂  ᠡᠷᠡᠬᠦᠯ ᠮᠡᠨᠳᠦ ᠶᠢᠨ ᠪᠠᠶᠢᠳᠠᠯ᠂ ᠠᠮᠢᠳᠤᠷᠠᠯ ᠤᠨ ᠳᠤᠮᠳᠠᠬᠢ ᠬᠦᠴᠢᠷᠳᠡᠯ ᠢ ᠨᠢ ᠨᠠᠷᠢᠨ  ᠨᠢᠮᠪᠠᠢ ᠰᠠᠭᠤᠵᠤ ᠤᠶᠢᠯᠠᠭᠠᠭᠰᠠᠨ ᠤ ᠬᠠᠮᠲᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠪᠠ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ  ᠶᠢᠨ ᠠᠵᠢᠯ ᠤᠨ ᠲᠤᠬᠠᠢ ᠰᠠᠨᠠᠯ ᠢᠶᠠᠨ ᠰᠤᠯᠢᠯᠴᠠᠵᠠᠢ᠃ ᠽᠦᠸᠧ ᡁᠢ ᠭᠦᠸᠧ ᠪᠠᠰᠠ ᠨᠠᠰᠤᠲᠠᠨ ᠢ ᠪᠡᠶ᠎ᠡ ᠪᠠᠨ ᠰᠠᠶᠢᠬᠠᠨ ᠰᠤᠪᠢᠯᠠᠵᠤ᠂ ᠬᠥᠳᠡᠭᠡ ᠲᠣᠰᠬᠤᠨ ᠤ ᠴᠤᠭᠴᠠᠯᠠᠯᠳᠠ ᠬᠥᠭᠵᠢᠯᠲᠡ ᠳᠤ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠵᠤ ᠬᠦᠴᠦᠨ ᠴᠢᠳᠠᠯ ᠢᠶᠠᠨ  ᠡᠷᠬᠦᠳᠦᠬᠡᠢ ᠬᠡᠵᠦ ᠵᠤᠷᠢᠬᠵᠢᠭᠤᠯᠤᠭᠰᠠᠨ ᠪᠠᠶᠢᠨ᠎ᠠ᠃ ᠽᠦᠸᠧ ᡁᠢ ᠭᠦᠸᠧ ᠪᠠᠯᠭᠠᠰᠤ ᠲᠣᠰᠬᠤᠨ ᠤ ᠤᠳᠤᠷᠢᠳᠬᠤ ᠺᠠᠳ᠋ᠷᠴᠤᠳ ᠲᠤ ᠠᠬᠠᠮᠠᠳ ᠨᠠᠮ ᠤᠨ ᠭᠡᠰᠢᠭᠦᠨ᠂ ᠰᠢᠯᠢᠳᠡᠭ ᠨᠠᠮ ᠤᠨ ᠠᠵᠢᠯᠲᠠᠨ ᠤ ᠦᠢᠯᠡᠳᠪᠦᠷᠢᠯᠡᠯ ᠠᠮᠢᠳᠤᠷᠠᠯ ᠢ ᠦᠷᠭᠦᠯᠵᠢᠯᠡᠨ ᠬᠠᠯᠠᠮᠵᠢᠯᠠᠵᠤ᠂ ᠦᠢᠯᠡᠴᠢᠯᠡᠭᠡᠨ ᠤ ᠠᠵᠢᠯ ᠢ ᠤᠯᠠᠮ ᠰᠠᠶᠢᠨ ᠬᠢᠵᠦ᠂ ᠲᠡᠳᠡᠨ ᠤ ᠬᠦᠴᠢᠷ ᠵᠣᠪᠠᠭᠤᠷᠢ ᠶᠢ ᠴᠠᠭ ᠲᠤᠬᠠᠶ ᠳᠤᠨᠢ ᠰᠢᠢᠳᠪᠦᠷᠢᠯᠡᠨ᠂ ᠲᠡᠳᠡᠨ ᠳᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠬᠦᠷᠭᠡᠵᠦ᠂  ᠠᠵᠠ ᠵᠢᠷᠭᠠᠯ ᠤᠨ ᠲᠥᠷᠥᠭᠳᠡᠯ ᠢ   ᠨᠢ ᠲᠠᠰᠤᠷᠠᠯᠲᠠ ᠦᠭᠡᠢ ᠨᠡᠮᠡᠭᠳᠡᠬᠦᠯᠬᠦ ᠬᠡᠷᠡᠭᠲᠡᠶ ᠭᠡᠵᠦ ᠵᠠᠬᠢᠪᠠ᠃
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号