ᠣᠶᠢᠷ᠎ᠠ ᠶᠢᠨ ᠵᠢᠯ ᠳᠤ᠂ ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ | ᠬᠡᠯᠲᠡᠰ ᠨᠢ ︽ᠢᠲᠡᠭᠡᠵᠦ ᠬᠦᠨᠳᠦᠳᠬᠡᠬᠦ᠂ ᠪᠦᠯᠬᠦᠮᠳᠡᠭᠦᠯᠦᠨ ᠵᠢᠯᠣᠭᠤᠳᠬᠤ᠂ ᠵᠣᠬᠢᠶᠠᠨ ᠪᠠᠶᠢᠭᠤᠯᠬᠤ᠂ ᠦᠢᠯᠡᠳᠦᠯ ᠢ | ᠪᠠᠳᠠᠷᠠᠭᠤᠯᠬᠤ︾ ᠠᠵᠢᠯ ᠤᠨ ᠰᠡᠳᠬᠢᠴᠡ ᠶᠢ ᠪᠠᠷᠢᠮᠳᠠᠯᠠᠨ᠂ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ | ᠭᠠᠵᠠᠷ ᠤᠨ ᠪᠠᠶᠢᠭᠤᠯᠤᠯᠲᠠ ᠶᠢ ᠰᠢᠨ᠎ᠡ ᠨᠡᠶᠢᠭᠡᠮ ᠤᠨ ᠳᠠᠪᠬᠤᠷᠭ᠎ᠠ ᠶᠢᠨ ᠬᠥᠮᠥᠰ ᠢ ᠪᠦᠯᠬᠦᠮᠳᠡᠭᠦᠯᠦᠨ ᠨᠢᠭᠲᠠᠷᠠᠭᠤᠯᠬᠤ | ᠴᠢᠬᠤᠯᠠ ᠠᠴᠢᠶᠠᠯᠠᠪᠤᠷᠢ ᠪᠠ ᠭᠠᠷᠳᠠᠴᠠ ᠪᠣᠯᠭᠠᠵᠤ᠂ ᠰᠢᠨ᠎ᠡ ᠨᠡᠶᠢᠭᠡᠮ ᠤᠨ ᠳᠠᠪᠬᠤᠷᠭ᠎ᠠ ᠶᠢᠨ ᠬᠥᠮᠥᠰ ᠤᠨ | ᠨᠢᠭᠡᠳᠦᠮᠡᠯ ᠹᠷᠣᠨᠲ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠪᠦᠳᠦᠮᠵᠢ ᠶᠢ ᠨᠡᠮᠡᠭᠳᠡᠬᠦᠯᠦᠭᠰᠡᠨ | ᠪᠠᠶᠢᠨ᠎ᠠ᠃ | ︽ᠵᠢᠯᠤᠭᠤᠳᠤᠯᠭ᠎ᠠ︾ ᠶᠢᠨ ᠰᠠᠭᠤᠷᠢ ᠶᠢ ᠪᠠᠬᠢᠵᠢᠭᠦᠯᠵᠦ᠂ ᠰᠠᠭᠤᠷᠢᠨ ᠭᠠᠵᠠᠷ ᠢ ᠡᠬᠦᠳᠦᠨ ᠪᠠᠶᠢᠭᠤᠯᠤᠭᠰᠠᠨ᠃ | ᠨᠢᠭᠡ ᠳᠤ᠂ ︽ᠵᠢᠷᠭᠤᠭ᠎ᠠ ᠶᠢ ᠪᠦᠷᠢᠳᠦᠭᠦᠯᠬᠦ︾ ᠪᠠᠷᠢᠮᠵᠢᠶ᠎ᠠ ᠪᠠᠷ ᠲᠠᠶᠢᠹᠤᠰᠧ ᠬᠤᠰᠢᠭᠤᠨ ᠤ ᠰᠢᠨ᠎ᠡ ᠨᠡᠶᠢᠭᠡᠮ ᠤᠨ | ᠳᠠᠪᠬᠤᠷᠭ᠎ᠠ ᠶᠢᠨ ᠬᠥᠮᠥᠰ ᠤᠨ ᠨᠢᠭᠡᠳᠦᠮᠡᠯ ᠹᠷᠣᠨᠲ ᠤᠨ ᠠᠵᠢᠯ ᠤᠨ ᠦᠢᠯᠡᠳᠦᠯᠭᠡ ᠶᠢᠨ ᠰᠢᠨ᠎ᠡ ᠶᠢ ᠡᠭᠦᠳᠬᠦ | ᠰᠠᠭᠤᠷᠢᠨ ᠭᠠᠵᠠᠷ ᠪᠠ ᠴᠢᠯᠥᠭᠡᠲᠦ ᠠᠵᠢᠯ ᠮᠡᠷᠭᠡᠵᠢᠯ ᠤᠨ ᠠᠵᠢᠯᠲᠠᠨ ᠤ ᠨᠢᠭᠡᠳᠦᠮᠡᠯ ᠹᠷᠣᠨᠲ ᠤᠨ ᠠᠵᠢᠯ ᠤᠨ | ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠪᠠᠶᠢᠭᠤᠯᠵᠤ᠂ ︽ᠨᠢᠭᠡ ᠰᠠᠭᠤᠷᠢᠨ ᠭᠠᠵᠠᠷ ᠲᠤ ᠨᠢᠭᠡ | ᠨᠠᠷᠠᠲᠤ ᠲᠡᠮᠳᠡᠭ ᠲᠠᠢ᠂ ᠨᠢᠭᠡ ᠬᠦᠷᠢᠶ᠎ᠡ ᠴᠠᠷᠠᠭ᠎ᠠ ᠳᠤ ᠨᠢᠭᠡ ᠲᠤᠷᠠᠶᠢᠮ᠎ᠠ ᠴᠡᠭ ᠲᠠᠢ︾ ᠪᠤᠯᠭᠠᠨ᠂ 15 ᠵᠦᠢᠯ ᠤᠨ | ᠳᠦᠷᠢᠮ ᠲᠤᠭᠳᠠᠭᠠᠯ ᠢ ᠲᠤᠭᠳᠠᠭᠠᠨ ᠪᠦᠷᠢᠨᠰᠢᠭᠦᠯᠵᠦ᠂ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ | ᠭᠠᠵᠠᠷ ᠤᠨ ᠰᠢᠨᠵᠢᠯᠡᠬᠦ ᠤᠬᠠᠭᠠᠨᠴᠢ ᠪᠠᠷ ᠬᠠᠮᠢᠶᠠᠷᠬᠤ᠂ ᠡᠷᠡᠭᠦᠯ ᠢᠶᠠᠷ ᠬᠥᠭᠵᠢᠬᠦ᠂ ᠲᠦᠷᠢᠮᠵᠢᠯ ᠲᠠᠢ ᠠᠵᠢᠯᠯᠠᠬᠤ ᠶᠢ | ᠠᠬᠢᠭᠤᠯᠪᠠ᠃ ᠬᠤᠶᠠᠷ ᠲᠤ᠂ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠮᠵᠢ ᠬᠢᠬᠦ ᠶᠢ ᠰᠠᠭᠤᠷᠢᠨ | ᠭᠠᠵᠠᠷ ᠤᠨ ᠵᠢᠯ ᠤᠨ ᠠᠵᠢᠯ ᠤᠨ ᠲᠥᠯᠥᠪᠯᠡᠭᠡ ᠳᠤ ᠣᠷᠣᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠠᠵᠢᠯᠯᠠᠭ᠎ᠠ᠂ ᠨᠣᠮ ᠤᠩᠰᠢᠬᠤ ᠬᠤᠷᠠᠯ᠂ ︽ᠰᠡᠳᠬᠢᠯ ᠨᠢᠭᠡᠳᠦᠨ | ᠰᠠᠭᠤᠷᠢ ᠶᠢ ᠪᠠᠳᠤᠳᠬᠠᠵᠤ᠂ ᠰᠢᠨ᠎ᠡ ᠠᠶᠠᠨ ᠵᠠᠮ ᠳᠤ ᠪᠦᠯᠬᠦᠮᠳᠡᠨ ᠤᠷᠤᠭᠰᠢᠯᠠᠬᠤ ︾ ᠠᠵᠢᠯᠯᠠᠭ᠎ᠠ ᠵᠡᠷᠭᠡ ᠭᠤᠣᠯ | ᠰᠡᠳᠦᠪᠲᠦ ᠬᠦᠳᠡᠯᠪᠦᠷᠢ ᠠᠵᠢᠯᠯᠠᠭ᠎ᠠ ᠶᠢ 18 ᠤᠳᠠᠭ᠎ᠠ ᠵᠣᠬᠢᠶᠠᠨ ᠪᠠᠶᠢᠭᠤᠯᠵᠤ ᠦᠷᠨᠢᠬᠦᠯᠦᠭᠰᠡᠨ ᠤ ᠬᠠᠮᠲᠤ ︽ | ᠰᠢᠨ᠎ᠡ ᠨᠡᠶᠢᠭᠡᠮ ᠤᠨ ᠳᠠᠪᠬᠤᠷᠭ᠎ᠠ ᠶᠢᠨ ᠬᠥᠮᠥᠰ ᠤᠨ ᠬᠤᠯᠪᠤᠭ᠎ᠠ︾ ᠸᠢᠴᠠᠲ ᠴᠤᠭᠯᠠᠷᠠᠯ ᠳᠤ ᠲᠦᠰᠢᠭᠯᠡᠨ ᠨᠠᠮ ᠤᠨ | ᠲᠦᠷᠦ ᠶᠢᠨ ᠪᠤᠳᠤᠯᠭ᠎ᠠ ᠤᠨᠤᠯ ᠤᠨ ᠮᠡᠳᠡᠯᠭᠡ ᠶᠢ ᠬᠦᠷᠭᠡᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ | ᠬᠡᠯᠪᠡᠷᠢ ᠪᠠᠷ ᠤᠯᠤᠰ ᠲᠦᠷᠦ ᠶᠢᠨ ᠮᠡᠳᠡᠷᠡᠮᠵᠢ᠂ ᠦᠵᠡᠯ ᠰᠠᠨᠠᠭᠠᠨ ᠤ ᠮᠡᠳᠡᠷᠡᠮᠵᠢ᠂ ᠤᠨᠤᠯ ᠤᠨ ᠮᠡᠳᠡᠷᠡᠮᠵᠢ᠂ ᠬᠠᠶᠢᠷ᠎ᠠ | ᠰᠡᠳᠬᠢᠯᠭᠡ ᠶᠢᠨ ᠮᠡᠳᠡᠷᠡᠮᠵᠢ ᠶᠢ ᠲᠠᠰᠤᠷᠠᠯᠲᠠ ᠦᠭᠡᠢ ᠨᠡᠮᠡᠭᠳᠡᠬᠦᠯᠵᠡᠢ᠃ ᠭᠤᠷᠪᠠ ᠳᠤ᠂ ᠰᠢᠨ᠎ᠡ ᠨᠡᠶᠢᠬᠡᠮ ᠤᠨ | ᠳᠠᠪᠬᠤᠷᠭ᠎ᠠ ᠶᠢᠨ ᠬᠥᠮᠦᠰ ᠢ ᠵᠣᠬᠢᠶᠠᠨ ᠪᠠᠶᠢᠭᠤᠯᠵᠤ᠂ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ | ᠦᠵᠡᠭᠦᠯᠦᠯᠭᠡ ᠶᠢᠨ ᠣᠷᠳᠣᠨ᠂ ᠠᠷᠠᠳ ᠤᠨ ᠰᠢᠭᠦᠬᠦ ᠬᠤᠷᠢᠶᠠᠨ ᠤ ᠨᠠᠮ ᠤᠨ ᠲᠡᠦᠬᠡ ᠶᠢᠨ ᠬᠥᠮᠦᠵᠢᠯ ᠤᠨ ᠰᠠᠭᠤᠷᠢᠨ | ᠭᠠᠵᠠᠷ ᠵᠢᠴᠢ ᠰᠢ ᠪᠠᠶ ᠫᠦᠸᠧ ᠶᠢᠨ ᠬᠤᠪᠢᠰᠬᠠᠯ ᠤᠨ ᠰᠠᠭᠤᠷᠢᠨ ᠭᠠᠵᠠᠷ ᠢᠶᠠᠷ ᠲᠤᠭᠤᠷᠢᠭᠤᠯᠤᠨ ᠰᠤᠷᠤᠯᠴᠠᠭᠤᠯᠵᠤ | ᠰᠢᠨ᠎ᠡ ᠨᠡᠶᠢᠬᠡᠮ ᠤᠨ ᠳᠠᠪᠬᠤᠷᠭ᠎ᠠ ᠶᠢᠨ ᠬᠥᠮᠦᠰ ᠤᠨ ᠤᠯᠤᠰ ᠢᠶᠠᠨ ᠬᠠᠶᠢᠷᠠᠯᠠᠬᠤ᠂ ᠨᠠᠮ ᠢᠶᠠᠨ ᠬᠠᠶᠢᠷᠠᠯᠠᠬᠤ | ᠬᠠᠯᠠᠭᠤᠨ ᠰᠡᠳᠬᠢᠯᠭᠡ ᠶᠢ ᠨᠡᠮᠡᠭᠳᠡᠬᠦᠯᠦᠨ᠂ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠴᠠᠭ | ᠦᠶ᠎ᠡ ᠳᠤ ᠭᠠᠪᠢᠶ᠎ᠠ ᠵᠢᠳᠬᠦᠯ ᠪᠠᠶᠢᠭᠤᠯᠬᠤ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠪᠠ ᠦᠢᠯᠡ ᠠᠵᠢᠯᠯᠠᠭᠠᠨ ᠤ | ᠬᠠᠮᠲᠤ ᠶᠢᠨ ᠲᠠᠨᠢᠯᠲᠠ ᠶᠢ ᠴᠢᠩᠭᠠᠳᠬᠠᠭᠰᠠᠨ ᠪᠠᠶᠢᠨ᠎ᠠ᠃ | ︽ᠬᠤᠯᠪᠤᠭᠠᠯᠠᠯ︾ ᠤᠨ ᠬᠡᠮᠵᠢᠶ᠎ᠡ ᠶᠢ ᠥᠷᠭᠡᠳᠬᠡᠵᠦ ᠰᠠᠭᠤᠷᠢᠨ ᠭᠠᠵᠠᠷ ᠢ ᠬᠦᠭᠵᠢᠶᠡᠨᠳᠡᠢ | ᠠᠵᠢᠯᠯᠠᠭᠤᠯᠤᠭᠰᠠᠨ᠃ ᠨᠢᠭᠡ ᠳᠤ᠂ ᠰᠠᠭᠤᠷᠢᠨ ᠭᠠᠵᠠᠷ ᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢ | ᠲᠡᠭᠦᠯᠳᠡᠷᠵᠢᠭᠦᠯᠵᠦ᠂ ᠰᠢᠨ᠎ᠡ ᠨᠡᠶᠢᠬᠡᠮ ᠤᠨ ᠳᠠᠪᠬᠤᠷᠭ᠎ᠠ ᠶᠢᠨ ᠲᠥᠯᠥᠭᠡᠯᠡᠭᠴᠢ ᠬᠥᠮᠦᠰ ᠤᠨ ᠲᠤᠭ᠎ᠠ ᠪᠠᠷᠢᠮᠲᠠ ᠶᠢᠨ | ᠬᠥᠮᠥᠷᠭᠡ ᠪᠠ ᠰᠦᠯᠵᠢᠶᠡᠨ ᠤ ᠲᠥᠯᠥᠭᠡᠯᠡᠭᠴᠢ ᠶᠢᠨ ᠮᠡᠳᠡᠭᠡ ᠵᠠᠩᠭᠢ ᠶᠢᠨ ᠬᠥᠮᠥᠷᠭᠡ ᠶᠢ ᠪᠠᠶᠢᠭᠤᠯᠤᠨ᠂ 54 ᠨᠡᠷ᠎ᠡ | ᠰᠢᠨ᠎ᠡ ᠵᠠᠭᠤᠴᠢᠯᠠᠭᠤᠷ ᠤᠨ ᠬᠠᠷᠢᠭᠤᠴᠠᠯᠭᠠᠲᠠᠨ᠂ ᠪᠠᠶᠢᠭᠤᠯᠭ᠎ᠠ ᠶᠢᠨ ᠠᠵᠢᠯᠲᠠᠨ᠂ ᠰᠦᠯᠵᠢᠶᠡᠨ ᠤ ᠲᠤᠮᠤ V ᠵᠡᠷᠭᠡ | ᠪᠠᠷ ᠪᠦᠷᠢᠯᠳᠦᠭᠰᠡᠨ ︽ᠭᠤᠷᠪᠠᠨ ᠭᠤᠤᠯᠯᠠᠭᠴᠢ ᠶᠢᠨ ᠡᠩᠨᠡᠭᠡ︾ ᠶᠢ ᠪᠠᠶᠢᠭᠤᠯᠪᠠ᠃ ᠣᠲᠣ ᠪᠣᠯᠲᠠᠯ᠎ᠠ᠂ ᠰᠢᠨ᠎ᠡ | ᠨᠡᠶᠢᠬᠡᠮ ᠤᠨ ᠳᠠᠪᠬᠤᠷᠭ᠎ᠠ ᠶᠢᠨ ᠬᠥᠮᠦᠰ ᠤᠨ ᠬᠤᠯᠪᠤᠭ᠎ᠠ ᠠᠴᠠ 1 ᠬᠦᠮᠦᠨ ᠠᠶᠢᠮᠠᠭ ᠤᠨ ᠱᠠᠲᠤᠨ ᠤ ᠤᠯᠤᠰ | ᠲᠥᠷᠥ ᠶᠢᠨ ᠵᠥᠪᠯᠡᠯᠭᠡᠨ ᠤ ᠭᠡᠰᠢᠭᠦᠨ ᠪᠤᠯᠵᠤ᠂ 23 ᠬᠦᠮᠦᠨ ᠬᠤᠰᠢᠭᠤ ᠱᠠᠲᠤᠨ ᠤ ᠠᠷᠠᠳ ᠤᠨ ᠲᠥᠯᠥᠭᠡᠯᠡᠭᠴᠢ | ᠪᠤᠶᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠤᠯᠤᠭᠰᠠᠨ ᠪᠦᠭᠡᠳ 5 ᠬᠦᠮᠦᠨ ᠠᠶᠢᠮᠠᠭ ᠤᠨ ᠰᠢᠨ᠎ᠡ ᠨᠡᠶᠢᠬᠡᠮ | ᠤᠨ ᠳᠠᠪᠬᠤᠷᠭ᠎ᠠ ᠶᠢᠨ ᠬᠥᠮᠦᠰ ᠤᠨ ᠬᠤᠯᠪᠤᠭ᠎ᠠ ᠳᠤ ᠤᠷᠤᠭᠠᠳ ᠪᠤᠢ ᠃ ᠬᠤᠶᠠᠷ ᠲᠤ᠂ ᠦᠢᠯᠡᠳᠦᠯᠭᠡ ᠶᠢᠨ | ᠰᠢᠨ᠎ᠡ ᠶᠢ ᠡᠭᠦᠳᠬᠦ ᠬᠤᠶᠠᠷ ᠰᠠᠭᠤᠷᠢᠨ ᠭᠠᠵᠠᠷ ᠨᠢ ᠬᠤᠷᠠᠯ ᠤᠨ ᠭᠡᠷ᠂ ᠤᠩᠰᠢᠯᠭ᠎ᠠ ᠶᠢᠨ ᠲᠣᠭᠤᠷᠢᠭ᠂ | ᠶᠡᠷᠦᠩᠬᠡᠶᠢᠯᠡᠭᠰᠡᠨ ᠪᠣᠯᠪᠠᠰᠤᠷᠠᠯ ᠤᠨ ᠲᠠᠰᠤᠭ᠂ ᠣᠯᠠᠨ ᠴᠢᠳᠠᠮᠵᠢᠲᠤ ᠲᠢᠩᠬᠢᠮ ᠂ ᠰᠤᠶᠤᠯ ᠤᠷᠠᠯᠢᠭ ᠤᠨ | ᠰᠣᠯᠢᠯᠴᠠᠭᠠᠨ ᠤ ᠲᠠᠰᠤᠭ ᠵᠡᠷᠭᠡ ᠤᠯᠠᠨ ᠴᠢᠳᠠᠮᠵᠢ ᠶᠢ ᠪᠦᠷᠢᠳᠦᠬᠦᠯᠦᠭᠡᠳ ᠰᠢᠨ᠎ᠡ ᠨᠡᠶᠢᠬᠡᠮ ᠤᠨ ᠳᠠᠪᠬᠤᠷᠭ᠎ᠠ ᠶᠢᠨ | ᠬᠥᠮᠥᠰ ᠲᠤ ᠴᠢᠨᠠᠷ ᠰᠠᠶᠢᠲᠠᠢ ᠦᠢᠯᠡᠴᠢᠯᠡᠭᠡ ᠬᠠᠩᠭᠠᠵᠤ᠂ ᠣᠶᠢᠷ᠎ᠠ ᠶᠢᠨ ᠬᠤᠶᠠᠷ ᠵᠢᠯ ᠳᠤ ᠡᠯ᠎ᠡ ᠲᠥᠷᠥᠯ ᠤᠨ | ᠬᠦᠳᠡᠯᠪᠦᠷᠢ ᠠᠵᠢᠯᠯᠠᠭ᠎ᠠ ᠶᠢ 30 ᠭᠠᠷᠤᠢ ᠤᠳᠠᠭ᠎ᠠ ᠦᠷᠨᠢᠬᠦᠯᠵᠡᠢ᠃ ᠭᠤᠷᠪᠠ ᠳᠤ᠂ ᠰᠢᠨ᠎ᠡ ᠨᠡᠶᠢᠬᠡᠮ ᠤᠨ | ᠳᠠᠪᠬᠤᠷᠭ᠎ᠠ ᠶᠢᠨ ᠬᠥᠮᠥᠰ ᠤᠨ ᠬᠤᠯᠪᠤᠭᠠᠨ ᠤ ᠤᠳᠤᠷᠢᠳᠬᠤ ᠪᠠᠭ ᠨᠢ ᠲᠦᠷᠦᠭᠦᠯᠡᠨ ᠳᠤᠭᠤᠶᠢᠯᠠᠩ ᠬᠤᠪᠢᠶᠠᠵᠤ᠂ ︽ | ᠶᠠᠷᠢᠯᠴᠠᠬᠤ ᠬᠤᠷᠠᠯ︾ ᠵᠡᠷᠭᠡ ᠠᠵᠢᠯᠯᠠᠭ᠎ᠠ ᠶᠢ ᠡᠷᠬᠢᠯᠡᠨ᠂ ᠭᠡᠰᠢᠭᠦᠳ ᠢ ᠤᠷᠢᠵᠤ ᠦᠢᠯᠡᠳᠦᠯᠭᠡ ᠶᠢᠨ ᠰᠢᠨ᠎ᠡ ᠶᠢ | ᠡᠭᠦᠳᠬᠦ ᠰᠠᠭᠤᠷᠢᠨ ᠭᠠᠵᠠᠷ ᠲᠤ ᠣᠴᠢᠭᠤᠯᠤᠨ ᠰᠡᠳᠬᠢᠯ ᠤᠨ ᠦᠭᠡ ᠪᠠᠨ ᠰᠣᠯᠢᠯᠴᠠᠬᠤ᠂ ᠬᠥᠭᠵᠢᠯᠲᠡ ᠶᠢ | ᠬᠠᠮᠲᠤ ᠪᠠᠷ ᠵᠦᠪᠳᠡᠯᠴᠡᠬᠦ ᠠᠵᠢᠯᠯᠠᠭ᠎ᠠ ᠳᠤ ᠤᠷᠤᠯᠴᠠᠭᠤᠯᠬᠤ ᠶᠢᠨ ᠬᠠᠮᠳᠤ ︽ᠰᠡᠳᠬᠢᠯ ᠢᠶᠠᠨ ᠨᠢᠬᠡᠳᠭᠡᠬᠦ · | ᠬᠠᠷᠢᠯᠴᠠᠨ ᠰᠤᠷᠤᠯᠴᠠᠬᠤ · ᠬᠠᠷᠢᠯᠴᠠᠨ ᠬᠠᠪᠰᠤᠷᠤᠯᠴᠠᠬᠤ︾ ᠰᠢᠷᠢᠰ ᠠᠵᠢᠯᠯᠠᠭ᠎ᠠ ᠶᠢ ᠦᠷᠨᠢᠬᠦᠯᠵᠦ᠂ ᠭᠡᠰᠢᠬᠦᠳ ᠪᠠ | ᠠᠵᠤ ᠠᠬᠤᠶᠢᠯᠠᠯ ᠤᠨ ᠨᠦᠬᠦᠷᠯᠡᠯ ᠢᠶᠠᠨ ᠨᠡᠮᠡᠭᠳᠡᠬᠦᠯᠵᠦ ᠬᠠᠷᠢᠴᠠᠭ᠎ᠠ ᠪᠠᠨ ᠴᠢᠩᠭᠠᠳᠬᠠᠨ ᠲᠤᠷᠰᠢᠯᠭ᠎ᠠ ᠪᠠᠨ | ᠰᠣᠯᠢᠯᠴᠠᠬᠤ ᠶᠢ ᠠᠬᠢᠭᠤᠯᠤᠭᠰᠠᠨ ᠪᠠᠶᠢᠨ᠎ᠠ᠃ | ︽ ᠪᠤᠳᠠᠳᠠᠶᠢᠵᠢᠭᠰᠠᠨ︾ ᠠᠷᠭ᠎ᠠ ᠪᠠᠷᠢᠯ ᠢ ᠭᠡᠷᠡᠭᠵᠢᠬᠦᠯᠵᠦ᠂ ᠰᠠᠭᠤᠷᠢᠨ ᠭᠠᠵᠠᠷ ᠢ ᠬᠦᠴᠦᠷᠭᠡᠭᠵᠢᠬᠦᠯᠦᠨ | ᠪᠤᠵᠠᠭᠠᠶᠢᠷᠠᠭᠤᠯᠤᠭᠰᠠᠨ᠃ ᠨᠢᠭᠡ ᠳᠤ᠂ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠶᠢᠨ ᠲᠣᠭᠤᠷᠢᠨ ᠳᠤ ᠭᠡᠰᠢᠬᠦᠨ ᠠᠵᠤ ᠠᠬᠤᠶᠢᠯᠠᠯ ᠤᠨ ᠬᠠᠤᠯᠢ ᠴᠠᠭᠠᠵᠠ ᠶᠢᠨ ᠱᠠᠭᠠᠷᠳᠠᠯᠭ᠎ᠠ | ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠨᠡᠶᠢᠬᠡᠮ ᠤᠨ ᠳᠠᠪᠬᠤᠷᠭ᠎ᠠ ᠶᠢᠨ ᠬᠦᠮᠦᠰ ᠤᠨ ︽ᠬᠠᠤᠯᠢ | ᠶᠢᠨ ᠦᠢᠯᠡᠴᠢᠯᠡᠭᠡᠨ ᠤ ᠪᠦᠯᠬᠦᠮ︾ ᠢ ᠪᠠᠶᠢᠭᠤᠯᠤᠨ᠂ ︽ᠬᠠᠤᠯᠢ ᠶᠢ ᠪᠠᠶᠢᠭᠤᠯᠭ᠎ᠠ ᠳᠤ ᠬᠦᠷᠭᠡᠬᠦ︾᠂ ︽ᠬᠠᠤᠯᠢ ᠶᠢ | ᠠᠵᠤ ᠠᠬᠤᠶᠢᠯᠠᠯ ᠳᠤ ᠬᠦᠷᠭᠡᠬᠦ︾᠂ ︽ᠬᠠᠤᠯᠢ ᠶᠢᠨ ᠪᠠᠶᠢᠭᠤᠯᠭ᠎ᠠ ᠪᠠ ᠠᠵᠤ ᠠᠬᠤᠶᠢᠯᠠᠯ ᠤᠨ ᠬᠤᠯᠪᠤᠭᠠᠰᠤ | ᠬᠥᠭᠦᠷᠭᠡ ᠶᠢ ᠪᠠᠶᠢᠭᠤᠯᠬᠤ︾ ᠵᠡᠷᠭᠡ ᠠᠵᠢᠯᠯᠠᠭ᠎ᠠ ᠥᠷᠨᠢᠭᠦᠯᠵᠦ᠂ ᠭᠡᠰᠢᠭᠦᠨ ᠠᠵᠤ ᠠᠬᠤᠶᠢᠯᠠᠯ ᠤᠨ ᠴᠢᠨᠠᠷ ᠰᠠᠶᠢᠲᠠᠢ | ᠬᠥᠭᠵᠢᠯᠲᠡ ᠳᠤ ᠪᠠᠲᠤ ᠪᠠᠬᠢ ᠬᠠᠤᠯᠢ ᠴᠠᠭᠠᠵᠠ ᠶᠢᠨ ᠦᠢᠯᠡᠴᠢᠯᠡᠭᠡ ᠪᠠ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠵᠤ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ︽ᠵᠥᠭᠡᠯᠡᠨ ᠪᠣᠳᠠᠲᠤ ᠬᠦᠴᠦᠨ︾ ᠢ ᠴᠢᠩᠭᠠᠷᠠᠭᠤᠯᠵᠠᠢ᠃ | ᠬᠤᠶᠠᠷ ᠲᠤ᠂ ᠪᠠᠶᠢᠴᠠᠭᠠᠨ ᠰᠤᠳᠤᠯᠬᠤ ᠪᠤᠶᠤ ᠲᠤᠭᠤᠷᠢᠨ ᠰᠤᠷᠤᠯᠴᠠᠬᠤ ᠠᠵᠢᠯᠯᠠᠭ᠎ᠠ ᠶᠢ 8 ᠤᠳᠠᠭ᠎ᠠ ᠥᠷᠨᠢᠭᠦᠯᠵᠦ | ᠰᠢᠨ᠎ᠡ ᠨᠡᠶᠢᠬᠡᠮ ᠤᠨ ᠳᠠᠪᠬᠤᠷᠭ᠎ᠠ ᠶᠢᠨ ᠬᠥᠮᠦᠰ ᠤᠨ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ | ᠴᠢᠳᠠᠪᠤᠷᠢ ᠶᠢ ᠲᠡᠭᠡᠭᠰᠢᠯᠡᠬᠦᠯᠦᠭᠰᠡᠨ ᠪᠦᠭᠡᠳ ᠰᠢᠨ᠎ᠡ ᠨᠡᠶᠢᠬᠡᠮ ᠤᠨ ᠳᠠᠪᠬᠤᠷᠭ᠎ᠠ ᠶᠢᠨ ᠬᠥᠮᠦᠰ ᠢ ᠵᠣᠬᠢᠶᠠᠨ | ᠪᠠᠶᠢᠭᠤᠯᠵᠤ ︽ᠢᠵᠢᠯ ᠲᠦᠪᠳᠦ ᠮᠤᠳᠤ ᠶᠢ ᠲᠠᠷᠢᠵᠤ ᠢᠵᠢᠯ ᠲᠥᠪᠲᠦ ᠲᠣᠭᠤᠷᠢᠭ ᠢ ᠵᠢᠷᠤᠬᠤ︾᠂ ᠬᠤᠭ ᠨᠣᠪᠰᠢ | ᠴᠡᠪᠡᠷᠯᠡᠬᠦ ᠵᠡᠷᠭᠡ ᠨᠡᠶᠢᠭᠡᠮ ᠤᠨ ᠵᠠᠰᠠᠯᠲᠠ ᠶᠢᠨ ᠠᠵᠢᠯᠯᠠᠭ᠎ᠠ ᠳᠤ ᠣᠷᠣᠯᠴᠠᠭᠤᠯᠪᠠ᠃ ᠡᠬᠦᠨ ᠤ ᠬᠠᠮᠳᠤ᠂ ᠰᠢᠨ᠎ᠡ | ᠨᠡᠶᠢᠬᠡᠮ ᠤᠨ ᠳᠠᠪᠬᠤᠷᠭ᠎ᠠ ᠶᠢᠨ ᠬᠥᠮᠦᠰ ᠢ ᠤᠷᠢᠶᠠᠯᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠡᠳ᠋ | ᠮᠥᠩᠭᠦ ᠪᠠᠷ ᠰᠤᠷᠤᠯᠭ᠎ᠠ ᠶᠢ ᠲᠡᠳᠬᠦᠬᠦ ᠵᠡᠷᠭᠡ ᠠᠵᠢᠯᠯᠠᠭ᠎ᠠ ᠳᠤ ᠣᠷᠣᠯᠴᠠᠭᠤᠯᠵᠤ᠂ ᠰᠢᠨ᠎ᠡ ᠨᠡᠶᠢᠬᠡᠮ ᠤᠨ | ᠳᠠᠪᠬᠤᠷᠭ᠎ᠠ ᠶᠢᠨ ᠬᠥᠮᠦᠰ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠨᠡᠶᠢᠭᠡᠮ ᠤᠨ ᠬᠠᠷᠢᠭᠤᠴᠠᠯᠭ᠎ᠠ ᠪᠠᠨ | ᠭᠦᠢᠴᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢ ᠵᠣᠷᠢᠭᠵᠢᠭᠤᠯᠵᠤ᠂ | ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠨᠡᠶᠢᠬᠡᠮ ᠤᠨ ᠳᠠᠪᠬᠤᠷᠭ᠎ᠠ ᠶᠢᠨ ᠬᠥᠮᠦᠰ ᠤᠨ ᠨᠡᠶᠢᠭᠡᠮ ᠨᠡᠶᠢᠳᠡ ᠳᠤ | ᠦᠢᠯᠡᠴᠢᠯᠡᠬᠦ ᠬᠠᠷᠢᠭᠤᠴᠠᠯᠭ᠎ᠠ ᠡᠭᠦᠷᠭᠡᠯᠡᠯ ᠢ ᠢᠯᠡᠷᠡᠬᠦᠯᠦᠭᠰᠡᠨ ᠪᠠᠶᠢᠨ᠎ᠠ᠃ |