9 ᠰᠠᠷ᠎ᠠ ᠶᠢᠨ 27 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ | ᠵᠡᠪᠰᠡᠭᠲᠦ ᠬᠦᠴᠦᠨ ᠤ ᠬᠡᠯᠲᠡᠰ ᠤᠨ ᠤᠯᠤᠰ ᠲᠥᠷᠥ ᠶᠢᠨ ᠭᠡᠰᠢᠭᠦᠨ ᠯᠢᠦ ᠰᠢᠨ ᠹᠧᠩ ᠯᠦᠸᠧ ᠲᠦᠸᠧ ᠱᠠᠨ | ᠪᠠᠯᠭᠠᠰᠤᠨ ᠳᠤ ᠬᠦᠨᠵᠡᠬᠡᠶᠢᠷᠡᠵᠦ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠲᠤᠰᠬᠠᠶ ᠰᠡᠳᠦᠪᠲᠦ | ᠤᠬᠠᠭᠤᠯᠭ᠎ᠠ ᠲᠠᠶᠢᠯᠤᠮᠵᠢ ᠬᠢᠵᠡᠢ᠃ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ᠂ ᠪᠦᠬᠦ ᠪᠠᠯᠭᠠᠰᠤᠨ ᠤ ᠺᠠᠳ᠋ᠷ | ᠠᠵᠢᠯᠲᠠᠨ ᠬᠤᠷᠠᠯ ᠳᠤ ᠣᠷᠣᠯᠴᠠᠪᠠ᠃ ᠯᠢᠦ ᠰᠢᠨ ᠹᠧᠩ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠭᠳᠠᠬᠤᠨ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠴᠢᠬᠤᠯᠠ ᠴᠢᠨᠠᠷ᠂ ᠠᠷᠠᠳ ᠢᠷᠭᠡᠳ ᠤᠨ ᠬᠠᠷᠢᠭᠤᠴᠠᠯᠭ᠎ᠠ ᠵᠡᠷᠭᠡ ᠲᠠᠯ᠎ᠠ | ᠠᠴᠠ ᠭᠤᠣᠯᠳᠠᠯᠭ᠎ᠠ ᠲᠠᠢ ᠲᠠᠶᠢᠯᠤᠮᠵᠢ ᠬᠢᠵᠦ ᠬᠦᠮᠦᠨ ᠪᠦᠬᠦᠨ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ | ᠳᠡᠷᠭᠡᠳᠡᠬᠢ ᠬᠥᠮᠦᠰ ᠢᠶᠠᠨ ᠳᠠᠶᠢᠴᠢᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ | ᠬᠠᠯᠠᠮᠵᠢᠯᠠᠵᠤ᠂ ᠳᠠᠮᠵᠢᠵᠤ᠂ ᠤᠷᠤᠯᠴᠠᠵᠤ᠂ ᠰᠠᠨᠠᠭᠠᠰᠢᠷᠠᠯ ᠤᠨ ᠤᠬᠠᠮᠰᠠᠷ᠂ ᠲᠦᠭᠰᠢᠭᠦᠷᠢ ᠶᠢᠨ ᠤᠬᠠᠮᠰᠠᠷ ᠲᠠᠢ | ᠪᠠᠶᠢᠵᠠᠭᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯ ᠤᠬᠠᠮᠰᠠᠷ ᠤᠨ ︽ᠣᠶᠤᠨ ᠰᠠᠨᠠᠭᠠᠨ ᠤ ᠣᠷᠳᠣ | ᠴᠠᠭᠠᠨ ᠬᠡᠷᠡᠮ︾ ᠢ ᠪᠠᠲᠤ ᠴᠤᠭᠴᠠᠯᠠᠬᠤ ᠭᠡᠷᠡᠭᠳᠡᠢ ᠬᠡᠵᠦ ᠤᠷᠢᠶᠠᠯᠠᠭᠰᠠᠨ ᠪᠠᠶᠢᠨ᠎ᠠ᠃ ᠲᠣᠰᠬᠤᠨ ᠤ ᠨᠠᠮ ᠤᠨ | ᠡᠭᠦᠷ ᠤᠨ ᠱᠦᠵᠢ ᠨᠠᠷ ᠢᠯᠡᠷᠭᠡᠶᠢᠯᠡᠬᠦ ᠳᠡᠭᠡᠨ ︽ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠪᠤᠯ ᠮᠠᠨ ᠤ | ᠠᠷᠠᠳ ᠢᠷᠭᠡᠨ ᠨᠢᠭᠡᠪᠦᠷᠢ ᠶᠢᠨ ᠬᠠᠷᠢᠭᠤᠴᠠᠯᠭ᠎ᠠ᠂ ᠮᠠᠨ ᠤ ᠤᠯᠤᠰ ᠤᠨ ᠠᠮᠤᠷ ᠲᠦᠪᠰᠢᠨ ᠤ ᠰᠠᠭᠤᠷᠢ ᠮᠥᠨ᠃ | ᠬᠠᠤᠯᠢ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠵᠦ᠂ ᠲᠤᠬᠠᠶᠢᠯᠠᠭᠰᠠᠨ | ᠠᠵᠢᠯ ᠢᠶᠠᠨ ᠰᠠᠶᠢᠲᠤᠷ ᠪᠡᠶᠡᠯᠡᠬᠦᠯᠦᠨ᠂ ᠰᠠᠶᠢᠨ ᠳᠤᠷ᠎ᠠ ᠶᠢᠨ ᠦᠢᠯᠡᠴᠢᠯᠡᠭᠡ ᠪᠠ ᠠᠪᠤᠷᠠᠨ ᠲᠤᠰᠠᠯᠠᠬᠤ ᠠᠵᠢᠯᠯᠠᠭ᠎ᠠ ᠳᠤ | ᠢᠳᠡᠪᠬᠢᠲᠡᠢ ᠣᠷᠣᠯᠴᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠳᠤ ᠬᠤᠪᠢ ᠨᠡᠮᠡᠷᠢ ᠪᠠᠨ ᠦᠵᠡᠭᠦᠯᠦᠨ᠎ᠡ︾ | ᠬᠡᠵᠡᠭᠡᠪᠡ᠃ ᠠᠵᠢᠯᠯᠠᠭᠠᠨ ᠤ ᠶᠠᠪᠤᠴᠠ ᠳᠤ ᠯᠦᠸᠧ ᠲᠦᠸᠧ ᠱᠠᠨ ᠪᠠᠯᠭᠠᠰᠤ ᠨᠢ ᠪᠠᠰᠠ 80 ᠭᠠᠷᠤᠶ ᠬᠤᠪᠢ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠵᠠᠷᠯᠠᠯ ᠢ ᠨᠠᠭᠠᠵᠤ᠂ ᠥᠷᠭᠡᠨ ᠲᠡᠯᠭᠡᠷ ᠤᠬᠠᠭᠤᠯᠭ᠎ᠠ ᠪᠠᠷ | ᠲᠠᠮᠵᠢᠭᠠᠳ ᠺᠠᠳ᠋ᠷ ᠣᠯᠠᠨ ᠲᠦᠮᠡᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠪᠠ ᠭᠡᠨᠡᠳᠲᠡ ᠶᠢᠨ | ᠬᠡᠷᠡᠭ ᠢ ᠠᠷᠭᠠᠴᠠᠬᠤ ᠴᠢᠳᠠᠪᠤᠷᠢ ᠶᠢ ᠴᠢᠨᠠᠭᠰᠢᠳᠠ ᠲᠡᠭᠡᠭᠰᠢᠯᠡᠬᠦᠯᠦᠭᠰᠡᠨ ᠪᠠᠶᠢᠨ᠎ᠠ᠃ |