ᠬᠤᠰᠢᠭᠤᠨ ᠤ ᠤᠳᠤᠷᠢᠳᠤᠯᠭ᠎ᠠ ᠨᠠᠷ ︽ᠤᠯᠤᠰ ᠤᠨ ᠪᠠᠶᠠᠷ ︾ ᠠᠴᠠ ᠡᠮᠦᠨ᠎ᠡ ᠲᠤᠬᠤᠨᠢᠭᠤᠯᠭ᠎ᠠ ᠬᠢᠪᠡ
ᠨᠡᠶᠢᠲᠡᠯᠡᠭᠰᠡᠨ ᠴᠠᠭ᠄
2024/9/30
  ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠤᠭᠳᠤᠨ ᠪᠡᠯᠬᠡᠯᠡᠬᠦ ᠲᠠᠰᠢᠷᠠᠮ ᠢᠶᠠᠷ ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ᠳᠠᠷᠤᠭ᠎ᠠ ᠴᠧᠨ ᠶᠠᠨ ᠪᠦᠦ ᠵᠡᠷᠭᠡ ᠲᠦᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠨᠠᠷ ᠰᠢᠯᠢᠳᠡᠭ ᠨᠠᠮ ᠤᠨ ᠭᠡᠰᠢᠭᠦᠨ᠂ ᠰᠢᠯᠢᠳᠡᠭ ᠨᠠᠮ ᠤᠨ ᠠᠵᠢᠯᠳᠠᠨ᠂ ᠰᠢᠯᠢᠳᠡᠭ ᠨᠠᠮ ᠤᠨ ᠡᠬᠦᠷ ᠤᠨ ᠱᠦᠵᠢ᠂ ᠠᠬᠠᠮᠠᠳ ᠨᠠᠮ ᠤᠨ ᠭᠡᠰᠢᠭᠦᠨ᠂ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠨᠠᠮ ᠤᠨ ᠭᠡᠰᠢᠬᠦᠨ ᠤ ᠭᠡᠷ ᠢᠶᠠᠷ ᠬᠦᠷᠴᠦ᠂ ᠪᠠᠶᠠᠷ ᠤᠨ ᠡᠳᠦᠷ ᠤᠨ ᠮᠡᠨᠳᠦᠴᠢᠯᠡᠯ ᠪᠠ ᠰᠠᠶᠢᠨ ᠰᠠᠶᠢᠬᠠᠨ ᠵᠥᠩᠨᠡᠯ ᠳᠡᠪᠰᠢᠭᠦᠯᠵᠦ᠂ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠬᠦᠷᠭᠡᠵᠡᠢ᠃ ᠪᠢᠶᠠᠨ ᠴᠢᠶᠠᠩ ᠲᠣᠰᠬᠤᠨ ᠳᠤ᠂ ᠴᠧᠨ ᠶᠠᠨ ᠪᠦᠦ ᠥᠪᠡᠷᠲᠡᠭᠡᠨ ᠵᠠᠰᠠᠬᠤ ᠣᠷᠣᠨ ᠤ ᠰᠢᠯᠢᠳᠡᠭ ᠡᠪ ᠬᠠᠮᠲᠤ ᠨᠠᠮ ᠤᠨ ᠭᠡᠰᠢᠭᠦᠨ ᠸᠠᠩ ᠸᠧᠨ ᠴᠧᠩ ᠢ ᠲᠣᠬᠤᠨᠢᠭᠤᠯᠵᠤ᠂ ᠪᠢᠶᠠᠨ ᠴᠢᠶᠠᠩ ᠲᠣᠰᠬᠤᠨ ᠤ ᠬᠥᠭᠵᠢᠯᠲᠡ ᠶᠢᠨ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠰᠣᠨᠣᠰᠴᠤ᠂ ᠸᠠᠩ ᠸᠧᠨ ᠴᠧᠩ ᠪᠠ ᠲᠣᠰᠬᠤᠨ ᠤ ︽ᠬᠤᠶᠠᠷ ᠵᠥᠪᠯᠡᠯ︾ ᠤᠨ ᠬᠢᠨ ᠤ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠠᠶᠢᠭᠤᠯᠤᠯᠲᠠ ᠳᠤ ᠢᠳᠡᠪᠬᠢᠲᠡᠢ ᠣᠷᠣᠯᠴᠠᠭᠰᠠᠨ ᠵᠢᠳᠬᠦᠯ ᠴᠢᠷᠮᠠᠶᠢᠯᠭ᠎ᠠ ᠳᠤᠨᠢ ᠲᠠᠯᠠᠷᠬᠠᠵᠤ ᠪᠠᠶᠢᠬᠤ ᠪᠠᠨ ᠢᠯᠡᠳᠬᠡᠪᠡ᠃ ᠪᠤᠰᠤᠳ ᠭᠠᠵᠠᠷ ᠤᠨ ᠲᠡᠰ ᠤᠨ ᠤᠳᠤᠷᠢᠳᠤᠯᠭ᠎ᠠ ᠨᠠᠷ ᠴᠤ ᠲᠤᠰᠪᠤᠷᠢ ᠰᠢᠯᠢᠳᠡᠭ ᠨᠠᠮ ᠤᠨ ᠠᠵᠢᠯᠳᠠᠨ᠂ ᠠᠬᠠᠮᠠᠳ ᠨᠠᠮ ᠤᠨ ᠭᠡᠰᠢᠭᠦᠨ᠂  ᠰᠢᠯᠢᠳᠡᠭ ᠨᠠᠮ ᠤᠨ ᠡᠭᠦᠷ ᠤᠨ ᠱᠦᠵᠢ ᠪᠣᠯᠤᠨ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠨᠠᠮ ᠤᠨ ᠭᠡᠰᠢᠭᠦᠨ ᠤ ᠭᠡᠷ ᠪᠦᠯᠢ ᠪᠠᠷ ᠬᠦᠨᠵᠡᠬᠡᠶᠢᠷᠡᠵᠦ ᠬᠠᠯᠠᠮᠵᠢᠯᠠᠨ ᠲᠤᠬᠤᠨᠢᠭᠤᠯᠤᠭᠰᠠᠨ ᠪᠠᠶᠢᠨ᠎ᠠ᠃ ᠴᠧᠨ ᠶᠠᠨ ᠪᠦᠦ ᠢᠯᠡᠷᠬᠡᠶᠢᠯᠡᠬᠦ ᠳᠡᠭᠡᠨ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠪᠠᠨ ᠪᠠᠲᠤ ᠴᠡᠭᠡᠵᠢᠯᠡᠵᠦ᠂ ᠬᠤᠰᠢᠭᠤᠴᠢ ᠵᠢᠱᠢᠶᠡᠴᠢ ᠶᠢᠨ ᠦᠢᠯᠡᠳᠦᠯ ᠢᠶᠠᠨ ᠪᠠᠳᠠᠷᠠᠭᠤᠯᠤᠨ᠂ ᠦᠷᠭᠦᠯᠵᠢᠯᠡᠨ ᠡᠷᠴᠢ ᠵᠣᠷᠢᠭ ᠢᠶᠠᠨ ᠬᠥᠪᠴᠢᠯᠡᠵᠦ᠂  ᠬᠠᠷᠢᠭᠤᠴᠠᠯᠭ᠎ᠠ ᠡᠭᠦᠷᠭᠡᠯᠡᠨ ᠠᠵᠢᠯᠯᠠᠵᠤ᠂ ᠬᠠᠳᠠᠭᠤᠵᠢᠯᠳᠠᠢ ᠲᠡᠮᠡᠴᠡᠵᠦ ᠬᠤᠪᠢ ᠨᠡᠮᠡᠷᠢ ᠦᠵᠡᠬᠦᠯᠦᠨ᠂᠂ ᠲᠠᠶᠢᠹᠤᠰᠧ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠡᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号