ᠪᠤᠤᠴᠠᠩ ᠪᠠᠯᠭᠠᠰᠤᠨ ᠤ ᠵᠢᠶᠧ ᠹᠠᠩ ᠵᠡᠭᠡᠯᠢ ᠳᠠᠬᠢ ᠮᠠᠰᠢᠨ ᠲᠡᠷᠭᠡ ᠲᠤᠷ᠎ᠠ ᠪᠠᠷ ᠵᠤᠭᠰᠤᠭᠠᠬᠤ ᠠᠵᠢᠯᠯᠠᠭ᠎ᠠ ᠎ ᠳᠤ ᠴᠡᠭᠴᠡᠯᠡᠯᠳᠡ ᠬᠢᠬᠦ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2024/9/4
  ᠪᠤᠤᠴᠠᠩ ᠪᠠᠯᠭᠠᠰᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢ ᠤᠯᠠᠮ ᠴᠢᠩᠭᠠᠳᠬᠠᠵᠤ᠂ ᠵᠠᠮ ᠬᠠᠷᠢᠯᠴᠠᠭᠠᠨ ᠤ ᠡᠮᠬᠢ ᠲᠢᠭᠯᠢᠮ ᠢ ᠲᠦᠷᠢᠮᠵᠢᠬᠦᠯᠦᠨ᠂ ᠵᠠᠮ ᠨᠡᠪᠲᠡᠷᠡᠯᠭᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠡᠮᠬᠢ ᠵᠢᠷᠤᠮ ᠲᠠᠢ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠶᠢᠨ ᠲᠥᠯᠥᠭᠡ  ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾  ᠪᠤᠯᠤᠨ ᠬᠠᠮᠢᠶ᠎ᠠ ᠪᠥᠬᠦᠶ ᠬᠠᠤᠯᠢ ᠲᠦᠷᠢᠮ ᠢ ᠦᠨᠳᠦᠰᠦᠯᠡᠵᠦ᠂ ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠨᠢ ᠪᠤᠤᠴᠠᠩ ᠪᠠᠯᠭᠠᠰᠤᠨ ᠤ ᠵᠢᠶᠧ ᠹᠠᠩ ᠵᠡᠭᠡᠯᠢ ᠶᠢᠨ ᠲᠡᠷᠭᠡ ᠬᠦᠰᠭᠡ ᠲᠤᠷ᠎ᠠ ᠪᠠᠷ ᠵᠤᠭᠰᠤᠭᠠᠬᠤ ᠦᠵᠡᠭᠳᠡᠯ ᠢ ᠡᠯᠧᠺᠲᠷᠤᠨ ᠲᠤᠷᠠᠨ ᠢᠶᠠᠷ ᠰᠡᠬᠦᠳᠡᠷᠯᠡᠨ ᠰᠢᠩᠭᠡᠭᠡᠵᠦ ᠴᠡᠭᠴᠡᠯᠡᠯᠳᠡ ᠬᠢᠬᠦ ᠪᠠᠷ ᠲᠤᠭᠳᠠᠭᠠᠳ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠵᠠᠷᠯᠠᠨ ᠮᠡᠳᠡᠭᠳᠡᠵᠦ ᠪᠠᠶᠢᠨ᠎ᠠ᠄    ᠨᠢᠭᠡ᠂  ᠡᠬᠢᠯᠡᠬᠦ ᠴᠠᠭ          2024 ᠣᠨ ᠤ 9 ᠰᠠᠷ᠎ᠠ ᠶᠢᠨ 9᠎ ᠤ ᠡᠳᠦᠷ᠃     ᠬᠤᠶᠠᠷ᠂ ᠭᠡᠷᠡᠭᠵᠢᠬᠦᠯᠬᠦ ᠤᠷᠤᠨ    ᠪᠤᠤᠴᠠᠩ ᠪᠠᠯᠭᠠᠰᠤᠨ ᠤ ᠵᠢᠶᠧ ᠹᠠᠩ ᠵᠡᠭᠡᠯᠢ ᠶᠢᠨ ᠪᠦᠬᠦ ᠵᠠᠮ᠃    ᠭᠤᠷᠪᠠ᠂ ᠴᠡᠭᠴᠡᠯᠡᠬᠦ ᠠᠭᠤᠯᠭ᠎ᠠ    ᠲᠦᠷᠢᠮ ᠲᠤᠭᠳᠠᠭᠠᠯ ᠢ ᠵᠦᠷᠢᠴᠡᠵᠦ  ᠮᠠᠰᠢᠨ ᠲᠡᠷᠭᠡ ᠵᠤᠭᠰᠤᠭᠠᠬᠤ  ᠃    ᠥᠷᠭᠡᠨ ᠣᠯᠠᠨ ᠮᠠᠰᠢᠨ ᠲᠡᠷᠭᠡᠨ ᠤ ᠵᠢᠯᠣᠭᠤᠴᠢ ᠨᠠᠷ ᠵᠠᠮ ᠬᠠᠷᠢᠯᠴᠠᠭᠠᠨ ᠤ ᠬᠠᠤᠯᠢ ᠲᠦᠷᠢᠮ ᠢ ᠤᠬᠠᠮᠰᠠᠷ ᠠᠴᠠ ᠪᠠᠨ ᠵᠢᠷᠤᠮᠯᠠᠵᠤ᠂ ᠵᠠᠮ ᠬᠠᠷᠢᠯᠴᠠᠭᠠᠨ ᠤ ᠲᠡᠮᠳᠡᠭ ᠢᠯᠡᠷᠭᠡᠶᠢᠯᠡᠯ ᠶᠤᠰᠤᠭᠠᠷ ᠲᠡᠷᠭᠡ ᠬᠥᠰᠬᠡ ᠪᠠᠨ ᠵᠤᠭᠰᠤᠭᠠᠨ᠂ ᠠᠮᠤᠷ ᠲᠦᠪᠰᠢᠨ᠂ ᠡᠮᠬᠢ ᠵᠢᠷᠤᠮ ᠲᠠᠢ᠂ ᠬᠠᠷᠰᠢ ᠰᠠᠭᠠᠳ ᠦᠭᠡᠢ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠬᠠᠮᠲᠤᠪᠠᠷ ᠪᠤᠢ ᠪᠣᠯᠭᠠᠬᠤ ᠬᠡᠷᠡᠭᠲᠡᠶ᠃    ᠣᠨᠴᠠᠭᠠᠶᠢᠯᠠᠨ ᠵᠠᠷᠯᠠᠪᠡ᠃                        ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ  ᠲᠤᠪᠴᠢᠶᠠᠨ ᠤ                      ᠵᠠᠮ   ᠬᠠᠷᠢᠯᠴᠠᠭᠠᠨ   ᠎ ᠤ   ᠬᠠᠮᠢᠶᠠᠷᠤᠯᠲᠠ  ᠎ ᠶᠢᠨ   ᠶᠡᠭᠡ   ᠠᠩᠭᠢ                              2024 ᠣᠨ ᠤ 9 ᠰᠠᠷ᠎ᠠ ᠶᠢᠨ 3᠎ ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号