ᠲᠠᠶᠢᠹᠤᠰᠧ ᠬᠤᠰᠢᠭᠤ ︽ᠬᠤᠶᠠᠷ ᠰᠢᠨ᠎ᠡ︾ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠬᠢᠭᠰᠡᠨ
ᠨᠡᠶᠢᠲᠡᠯᠡᠭᠰᠡᠨ ᠴᠠᠭ᠄
2024/9/4
  9 ᠰᠠᠷ᠎ᠠ ᠶᠢᠨ 2 ᠤᠨ ᠡᠳᠦᠷ᠂ ᠲᠠᠶᠢᠹᠤᠰᠧ ᠬᠤᠰᠢᠭᠤ ︽ᠬᠤᠶᠠᠷ ᠰᠢᠨ᠎ᠡ︾ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ  ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ᠂ ᠲᠠᠶᠢᠹᠤᠰᠧ ᠬᠤᠰᠢᠭᠤᠨ ᠤ ᠪᠠᠨ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠬᠤᠰᠢᠭᠤ ᠨᠠᠮ ᠤᠨ  ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠯᠢᠦ ᠶᠠ ᠱᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠲᠡᠭᠡᠭᠰᠢᠯᠡᠬᠦᠯᠦᠨ᠂ ᠰᠢᠨ᠎ᠡ ᠪᠠᠶᠢᠳᠠᠯ ᠳᠣᠣᠷᠠᠬᠢ ︽ᠬᠤᠶᠠᠷ ᠰᠢᠨ᠎ᠡ︾  ᠵᠤᠬᠢᠶᠠᠨ ᠪᠠᠶᠢᠭᠤᠯᠤᠯᠳᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ︽ᠠᠵᠢᠯ ᠲᠦᠷᠦᠯ ᠢ ᠬᠠᠮᠢᠶᠠᠷᠬᠤ ᠳᠤ ᠨᠠᠮ ᠤᠨ ᠪᠠᠶᠢᠭᠤᠯᠤᠯᠲᠠ ᠶᠢ ᠬᠠᠮᠢᠶᠠᠷᠬᠤ︾ ᠤᠬᠠᠮᠰᠠᠷ ᠢ ᠪᠠᠲᠤ ᠪᠤᠢ ᠪᠣᠯᠭᠠᠬᠤ ᠬᠡᠷᠡᠭᠲᠡᠢ᠃ ᠭᠤᠣᠯ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ︽ᠭᠤᠷᠪᠠ ᠶᠢ ᠠᠰᠠᠭᠤᠵᠤ ᠭᠤᠷᠪᠠ ᠶᠢ ᠪᠠᠶᠢᠭᠤᠯᠵᠤ ᠭᠤᠷᠪᠠ ᠶᠢ ᠳᠠᠭᠠᠭᠤᠯᠬᠤ︾ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠠᠮ ᠤᠨ ᠪᠠᠶᠢᠭᠤᠯᠤᠯᠲᠠ ᠶᠢᠨ ᠠᠵᠢᠯ ᠤᠨ ᠬᠢᠷᠢ ᠲᠦᠪᠰᠢᠨ ᠪᠣᠯᠤᠨ ᠨᠡᠶᠢᠭᠡᠮ ᠤᠨ ᠠᠵᠢᠯ ᠤᠨ ᠶᠡᠷᠦᠩᠬᠡᠢ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠡᠭᠦᠷᠭᠡ ᠬᠠᠷᠢᠭᠤᠴᠠᠯᠭ᠎ᠠ ᠲᠠᠢ ᠪᠠᠨ ᠬᠠᠷᠭᠤᠭᠤᠯᠵᠤ᠂ ︽ᠬᠤᠶᠠᠷ ᠰᠢᠨ᠎ᠡ︾ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠡᠯ᠎ᠡ ᠰᠤᠮᠤ ᠰᠢᠶᠠᠩ ᠪᠠᠯᠭᠠᠰᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂  ᠬᠤᠰᠢᠭᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠤᠨ ᠤᠳᠤᠷᠢᠳᠬᠤ ᠪᠠᠭ ᠤᠨ ᠭᠡᠰᠢᠬᠦᠳ ᠬᠤᠷᠠᠯ ᠳᠤ ᠣᠷᠣᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号