9 ᠰᠠᠷ᠎ᠠ ᠶᠢᠨ 3 ᠤ ᠡᠳᠦᠷ᠂ ᠪᠡᠭᠡᠵᠢᠩ ᠥᠪᠥᠷ ᠮᠣᠩᠭᠤᠯ ᠤᠨ ᠬᠠᠮᠳᠤᠷᠠᠯᠴᠠᠭᠠᠨ ᠤ ᠬᠥᠳᠡᠯᠮᠦᠷᠢ | ᠦᠢᠯᠡᠴᠢᠯᠡᠭᠡ ᠶᠢ ᠵᠣᠯᠭᠠᠭᠤᠯᠬᠤ ᠠᠵᠢᠯ ᠤᠨ ᠶᠠᠷᠢᠯᠴᠠᠬᠤ ᠬᠤᠷᠠᠯ ᠲᠠᠶᠢᠹᠤᠰᠧ ᠬᠤᠰᠢᠭᠤᠨ ᠳᠤ ᠬᠤᠷᠠᠯᠳᠤᠵᠤ᠂ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤ ᠳᠠᠷᠤᠭ᠎ᠠ ᠹᠠᠨ ᠬᠤᠸᠠ ᠮᠢᠨ ᠬᠤᠷᠠᠯ | ᠢ ᠡᠷᠭᠢᠯᠡᠪᠡ᠃ ᠬᠤᠷᠠᠯ ᠳᠡᠭᠡᠷ᠎ᠡ᠂ ᠪᠡᠭᠡᠵᠢᠩ ᠬᠤᠳᠠ ᠶᠢᠨ ᠴᠠᠩᠫᠢᠩ ᠲᠤᠭᠤᠷᠢᠭ ᠤᠨ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠳᠡᠳ᠋ ᠳᠠᠷᠤᠭ᠎ᠠ ᠴᠠᠢ ᠯᠦᠩ ᠭᠠᠩ ᠠᠴᠠ 2024 | ᠣᠨ ᠤ ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠦᠢᠯᠡᠴᠢᠯᠡᠭᠡ ᠶᠢᠨ ᠬᠠᠮᠵᠢᠯᠴᠠᠭᠠᠨ ᠤ ᠠᠵᠢᠯ ᠢ | ᠠᠬᠢᠭᠤᠯᠤᠭᠰᠠᠨ ᠪᠠᠶᠢᠳᠠᠯ ᠢ ᠲᠠᠨᠢᠯᠴᠠᠭᠤᠯᠵᠤ᠂ ᠲᠠᠶᠢᠹᠤᠰᠧ ᠬᠤᠰᠢᠭᠤᠨ ᠤ ᠠᠵᠢᠯ ᠣᠯᠭᠤᠯᠲᠠ ᠶᠢᠨ | ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠠᠴᠠ ᠠᠵᠢᠯ ᠣᠯᠭᠤᠬᠤ ᠡᠭᠦᠷᠭᠡ ᠬᠠᠷᠠᠯᠳᠠ᠂ ᠠᠵᠢᠯᠲᠠᠨ ᠡᠯᠰᠡᠬᠦ | ᠬᠤᠷᠠᠯ ᠴᠤᠭᠯᠠᠭᠠᠨ ᠤ ᠪᠠᠶᠢᠳᠠᠯ᠂ ᠤᠷ᠎ᠠ ᠴᠢᠳᠠᠪᠤᠷᠢ ᠶᠢᠨ ᠪᠣᠯᠪᠠᠰᠤᠷᠠᠯ᠂ ᠲᠦᠷᠦᠯ ᠵᠦᠢᠯ ᠤᠨ ᠬᠡᠷᠡᠭᠵᠢᠭᠦᠯᠦᠯᠲᠡ ᠪᠠ | ᠪᠡᠯᠡ ᠮᠥᠩᠭᠦ ᠶᠢᠨ ᠬᠡᠷᠡᠭᠯᠡᠯᠲᠡ᠂ ᠮᠠᠯᠴᠢᠨ ᠲᠠᠷᠢᠶᠠᠴᠢᠨ ᠤ ᠣᠶᠢᠷ᠎ᠠ ᠬᠠᠪᠢ ᠳᠠᠭᠠᠨ ᠠᠵᠢᠯ ᠣᠯᠤᠭᠰᠠᠨ ᠪᠠᠶᠢᠳᠠᠯ ᠤᠨ | ᠲᠤᠬᠠᠢ ᠬᠠᠷᠢᠭᠤ ᠮᠡᠳᠡᠬᠦᠯᠦᠯᠳᠡ ᠬᠢᠭᠰᠡᠨ ᠪᠦᠭᠡᠳ ᠬᠤᠶᠠᠷ ᠲᠠᠯ᠎ᠠ ᠪᠠᠷ ᠢᠶᠠᠨ ᠬᠥᠳᠡᠯᠮᠦᠷᠢ ᠦᠢᠯᠡᠴᠢᠯᠡᠭᠡᠨ ᠤ | ᠬᠠᠮᠵᠢᠯᠴᠠᠭ᠎ᠠ᠂ ᠤᠷ᠎ᠠ ᠴᠢᠳᠠᠪᠤᠷᠢ ᠶᠢᠨ ᠪᠣᠯᠪᠠᠰᠤᠷᠠᠯ ᠵᠡᠷᠭᠡ ᠬᠠᠮᠢᠶ᠎ᠠ ᠪᠦᠬᠦᠢ ᠠᠭᠤᠯᠭ᠎ᠠ ᠵᠢᠴᠢ ᠳᠠᠷᠠᠭᠠᠴᠢ ᠶᠢᠨ | ᠠᠯᠬᠤᠮ ᠤᠨ ᠠᠵᠢᠯ ᠤᠨ ᠲᠤᠬᠠᠢ ᠰᠠᠨᠠᠯ ᠢᠶᠠᠨ ᠰᠤᠯᠢᠯᠴᠠᠭᠰᠠᠨ ᠪᠠᠶᠢᠨ᠎ᠠ᠃ ᠬᠤᠶᠠᠷ ᠭᠠᠵᠠᠷ ᠤᠨ ᠬᠠᠷᠢᠭᠤᠴᠠᠯᠭᠠᠲᠠᠨ | ᠢᠯᠡᠷᠬᠡᠶᠢᠯᠡᠬᠦ ᠳᠡᠭᠡᠨ᠂ ᠬᠠᠮᠵᠢᠯᠴᠠᠭ᠎ᠠ ᠵᠣᠯᠭᠠᠯᠴᠠᠭ᠎ᠠ ᠪᠠᠨ ᠤᠯᠠᠮ ᠴᠢᠩᠭᠠᠳᠬᠠᠵᠤ᠂ ᠴᠡᠭ ᠢᠶᠠᠷ ᠨᠡᠶᠢᠳᠡᠮ ᠢ | ᠳᠠᠶᠢᠴᠢᠯᠠᠨ᠂ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠪᠥᠬᠦ ᠬᠦᠴᠦᠨ ᠢᠶᠠᠷ ᠥᠷᠨᠢᠭᠦᠯᠵᠦ᠂ ᠲᠠᠶᠢᠹᠤᠰᠧ | ᠬᠤᠰᠢᠭᠤᠨ ᠤ ᠠᠵᠢᠯ ᠣᠯᠭᠤᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ ᠭᠡᠵᠡᠢ᠃ ᠶᠠᠷᠢᠯᠴᠠᠬᠤ | ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠪᠡᠭᠡᠵᠢᠩ ᠤᠨ ᠬᠤᠶᠠᠷ ᠠᠵᠤ ᠠᠬᠤᠶᠢᠯᠠᠯ ᠨᠢ ᠲᠠᠶᠢᠹᠤᠰᠧ | ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠣᠯᠤᠨ | ᠲᠠᠶᠢᠹᠤᠰᠧ ᠬᠤᠰᠢᠭᠤᠨ ᠤ ᠱᠧᠩ ᠵᠢᠶᠧ ᠱᠦᠨ ᠰᠢᠨ ᠭᠡᠷ ᠤᠨ ᠠᠵᠢᠯ ᠤᠨ ᠦᠢᠯᠡᠴᠢᠯᠡᠭᠡᠨ ᠤ ᠲᠥᠪ ᠲᠠᠢ | ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠭᠲᠠᠪᠠ᠃ ᠲᠡᠳ᠋ ᠬᠤᠰᠢᠭᠤ ᠲᠠᠷᠤᠭ᠎ᠠ ᠤᠶᠤᠨᠴᠡᠴᠡᠭ᠂ | ᠴᠠᠩᠫᠢᠩ ᠲᠤᠭᠤᠷᠢᠭ ᠤᠨ ᠬᠦᠳᠡᠭᠡ ᠠᠵᠤ ᠠᠬᠤᠢ ᠬᠥᠳᠡᠭᠡ ᠲᠣᠰᠬᠤᠨ ᠤ ᠲᠣᠪᠴᠢᠶ᠎ᠠ᠂ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠠᠮᠢᠶ᠎ᠠ ᠪᠥᠬᠦᠶ ᠠᠵᠤ ᠠᠬᠤᠶᠢᠯᠠᠯ᠂ ᠲᠠᠶᠢᠹᠤᠰᠧ | ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠲᠠᠷᠢᠶᠠᠯᠠᠩ | ᠮᠠᠯ ᠠᠵᠤ ᠠᠬᠤᠢ ᠶᠢᠨ ᠲᠣᠪᠴᠢᠶ᠎ᠠ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ | ᠶᠠᠷᠢᠯᠴᠠᠬᠤ ᠬᠤᠷᠠᠯ ᠳᠤ ᠤᠷᠤᠯᠴᠠᠵᠠᠢ᠃ |