ᠬᠠᠭᠤᠴᠢ  ᠪᠠᠭᠤᠷᠢ —  ᠬᠠᠰᠢᠶᠠᠳᠤ ᠶᠢᠨ ᠸᠠᠭᠠᠷ ᠲᠤᠭᠤᠰᠬᠠᠨ ᠦᠢᠯᠡᠳᠪᠦᠷᠢ ᠶᠢᠨ ᠪᠠᠭᠤᠷᠢ
ᠨᠡᠶᠢᠲᠡᠯᠡᠭᠰᠡᠨ ᠴᠠᠭ᠄
2024/9/5
  ᠬᠦᠨᠪᠤᠯᠠᠭ ᠰᠤᠮᠤᠨ ᠤ ᠬᠠᠰᠢᠶᠠᠳᠤ ᠭᠠᠴᠠᠭᠠᠨ ᠠᠴᠠ ᠵᠡᠬᠦᠨ ᠡᠮᠦᠨ᠎ᠡ ᠵᠦᠭ ᠲᠤ 3000 ᠮᠧᠲᠷ ᠪᠠ 2000 ᠮᠧᠲᠷ ᠤᠨ ᠵᠠᠶᠢᠳᠠᠢ  ᠲᠤᠰᠪᠤᠷᠢ ᠨᠢᠬᠡ ᠸᠠᠭᠠᠷ ᠲᠤᠭᠤᠰᠬᠠᠨ ᠦᠢᠯᠡᠳᠪᠦᠷᠢ ᠶᠢᠨ ᠪᠠᠭᠤᠷᠢ ᠪᠠᠶᠢᠭ᠎ᠠ᠃  ᠵᠡᠬᠦᠨ ᠦᠢᠯᠡᠳᠪᠦᠷᠢ  ᠎ ᠨᠢ1906 ᠤᠨ  ᠎ ᠳᠤ ᠪᠠᠶᠢᠭᠤᠯᠤᠭᠳᠠᠵᠤ᠂ 1907 ᠤᠨ ᠳᠤ ᠪᠠᠶᠢᠭᠤᠯᠤᠭᠰᠠᠨ ᠸᠠᠰᠠ ᠶᠢᠨ ᠶᠠᠮᠤᠨ ᠎ ᠤ ᠸᠠᠭᠠᠷ ᠲᠤᠭᠤᠰᠬ᠎ᠠ ᠶᠢ ᠠᠳᠡ ᠰᠢᠳᠠᠭᠠᠵᠤ  ᠦᠢᠯᠡᠳᠪᠦᠷᠢᠯᠡᠨ᠂ ᠪᠠᠷᠠᠭᠤᠨ ᠦᠢᠯᠡᠳᠪᠦᠷᠢ ᠨᠢ 1721 ᠤᠨ ᠳᠤ ᠪᠠᠶᠢᠭᠤᠯᠤᠭᠳᠠᠵᠤ᠂ 1724 ᠤᠨ ᠳᠤ ᠪᠠᠶᠢᠭᠤᠯᠤᠭᠰᠠᠨ ᠮᠠᠯᠠᠭᠠᠢ ᠶᠢᠨ ᠰᠦᠮ᠎ᠡ ᠶᠢᠨ ᠸᠠᠭᠠᠷ ᠲᠤᠭᠤᠰᠬ᠎ᠠ ᠶᠢ ᠲᠤᠰ ᠦᠢᠯᠡᠳᠪᠦᠷᠢ ᠠᠴᠠ ᠬᠠᠩᠭᠠᠭᠰᠠᠨ ᠪᠠᠶᠢᠵᠠᠢ᠃   ᠬᠤᠶᠠᠭᠤᠯᠠ  ᠎ ᠪᠠᠨ ᠪᠦᠷ ᠤᠷᠳᠤ ᠲᠦᠷᠪᠡᠯᠵᠢᠨ ᠬᠡᠯᠪᠡᠷᠢᠳᠡᠢ᠂  ᠵᠡᠬᠦᠨ ᠦᠢᠯᠡᠳᠪᠦᠷᠢ ᠨᠢ ᠵᠡᠬᠦᠨᠰᠢ ᠪᠠᠷᠠᠭᠤᠨᠰᠢ ᠤᠷᠳᠤ ᠪᠠᠷ ᠢᠶᠠᠨ 120 ᠮᠧᠲᠷ᠂ ᠡᠮᠦᠨᠡᠰᠢ ᠬᠤᠶᠢᠰᠢ ᠦᠷᠭᠡᠨ ᠢᠶᠠᠷ ᠎ ᠢᠶᠠᠨ 33 ᠮᠧᠲᠷ᠂ ᠲᠠᠯᠠᠪᠠᠢ ᠨᠢ 3960 ᠬᠠᠪᠳᠠᠭᠠᠢ ᠲᠦᠷᠪᠡᠯᠵᠢᠨ ᠮᠧᠲᠷ᠂  ᠪᠠᠷᠠᠭᠤᠨ ᠦᠢᠯᠡᠳᠪᠦᠷᠢ ᠨᠢ ᠵᠡᠬᠦᠨᠰᠢ ᠪᠠᠷᠠᠭᠤᠨᠰᠢ ᠤᠷᠳᠤ ᠪᠠᠷ ᠢᠶᠠᠨ 112 ᠮᠧᠲᠷ᠂ ᠡᠮᠦᠨᠡᠰᠢ ᠬᠤᠶᠢᠰᠢ ᠦᠷᠭᠡᠨ ᠢᠶᠠᠷ ᠢᠶᠠᠨ 60 ᠮᠧᠲᠷ᠂ ᠲᠠᠯᠠᠪᠠᠢ ᠨᠢ 6720 ᠬᠠᠪᠳᠠᠭᠠᠢ ᠲᠦᠷᠪᠡᠯᠵᠢᠨ ᠮᠧᠲᠷ  ᠃ ᠦᠢᠯᠡᠳᠪᠦᠷᠢ ᠶᠢᠨ ᠪᠠᠭᠤᠷᠢ ᠠᠴᠠ ᠤᠯᠠᠨ ᠠᠷᠪᠢᠨ ᠬᠦᠬᠡ ᠲᠤᠭᠤᠰᠬ᠎ᠠ ᠶᠢᠨ ᠬᠠᠭᠠᠷᠬᠠᠢ ᠪᠠ ᠦᠨᠡᠰᠦ ᠬᠦ᠋ ᠤᠯᠳᠠᠭᠰᠠᠨ ᠪᠠᠶᠢᠨ᠎ᠠ᠃ ᠬᠤᠶᠠᠷ ᠦᠢᠯᠡᠳᠪᠦᠷᠢ ᠨᠢ ᠪᠦᠷ ᠮᠤᠷᠢᠨ ᠲᠤᠭᠤᠷᠠᠢ ᠶᠢᠨ ᠬᠡᠯᠪᠡᠷᠢᠳᠦ ᠵᠤᠤᠬ᠎ᠠ  ᠭᠡᠷᠡᠭᠯᠡᠵᠦ ᠪᠠᠶᠢᠵᠠᠢ᠃
 
ᠢᠷᠡᠯᠲᠡ᠄ ︽ᠲᠠᠯ᠎ᠠ ᠨᠤᠳᠤᠭ ᠤᠨ ᠨᠡᠬᠦᠳᠡᠯ ᠰᠤᠶᠤᠯ ᠤᠨ ᠪᠡᠯᠬᠡ ᠲᠡᠮᠳᠡᠭ︾ ᠴᠤᠪᠤᠷᠠᠯ ᠪᠢᠴᠢᠭ — ᠲᠠᠶᠢᠹᠤᠰᠧ ᠬᠤᠰᠢᠭᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号