ᠠᠬᠠᠮᠠᠳ ᠬᠤᠪᠢᠰᠬᠠᠯᠴᠢᠳ ᠤᠨ ᠵᠣᠷᠢᠭ ᠰᠠᠨᠠᠭ᠎ᠠ ᠶᠢ ᠪᠠᠳᠠᠷᠠᠭᠤᠯᠵᠤ ᠬᠤᠪᠢᠰᠬᠠᠯ ᠤᠨ ᠠᠮᠢᠨ ᠰᠤᠳᠠᠰᠤ ᠶᠢ ᠦᠷᠬᠦᠯᠵᠢᠯᠡᠬᠦᠯᠦᠨ᠎ᠡ
ᠨᠡᠶᠢᠲᠡᠯᠡᠭᠰᠡᠨ ᠴᠠᠭ᠄
2024/9/5
  9 ᠰᠠᠷ᠎ᠠ ᠶᠢᠨ 3 ᠤ ᠡᠳᠦᠷ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠶᠠᠫᠣᠨ ᠢ ᠡᠰᠡᠷᠭᠦᠴᠡᠬᠦ ᠲᠠᠶᠢᠨ ᠵᠢᠴᠢ ᠳᠡᠯᠡᠬᠡᠢ ᠶᠢᠨ ᠹᠠᠱᠢᠰ ᠢ ᠡᠰᠡᠷᠭᠦᠴᠡᠬᠦ ᠲᠠᠶᠢᠨ ᠤ ᠢᠯᠠᠯᠲᠠ ᠣᠯᠤᠭᠰᠠᠨ 79 ᠵᠢᠯ ᠤᠨ ᠤᠢ ᠶᠢᠨ ᠲᠤᠷᠠᠰᠬᠠᠯ  ᠤᠨ ᠡᠳᠦᠷ ᠪᠣᠯᠤᠨ᠎ᠠ᠃ ᠶᠠᠫᠣᠨ ᠢ ᠡᠰᠡᠷᠭᠦᠴᠡᠬᠦ ᠳᠠᠶᠢᠨ ᠤ ᠢᠯᠠᠯᠲᠠ ᠶᠢ ᠲᠤᠷᠠᠰᠬᠠᠵᠤ᠂  ᠬᠤᠪᠢᠰᠬᠠᠯ ᠤᠨ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠤᠨ᠂ ᠰᠤᠷᠤᠭᠴᠢᠳ ᠤᠨ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠬᠥᠮᠥᠵᠢᠭᠦᠯᠬᠦ ᠶᠢᠨ ᠲᠥᠯᠥᠭᠡ᠂ ᠲᠠᠶᠢᠹᠤᠰᠧ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠡᠷᠬᠢᠯᠡᠬᠦ ᠲᠣᠪᠴᠢᠶ᠎ᠠ ᠨᠢ ᠲᠠᠶᠢᠹᠤᠰᠧ ᠬᠤᠰᠢᠭᠤᠨ ᠤ ᠳᠥᠷᠪᠡᠳᠦᠭᠡᠷ ᠳᠤᠮᠳᠠᠳᠤ ᠰᠤᠷᠭᠠᠭᠤᠯᠢ ᠳᠤ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠥᠷᠨᠢᠭᠦᠯᠪᠡ᠃ ᠦᠳᠡ ᠶᠢᠨ ᠡᠮᠦᠨᠡᠬᠢ 8 ᠴᠠᠭ ᠲᠤ᠂ ᠪᠠᠭᠰᠢ ᠪᠠ ᠰᠤᠷᠭᠠᠭᠴᠢ ᠶᠢᠨ ᠳᠠᠭᠠᠭᠤᠯᠭ᠎ᠠ ᠳᠣᠣᠷ᠎ᠠ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠠᠩᠬ᠎ᠠ ᠨᠢᠬᠡᠳᠦᠭᠡᠷ ᠤᠨ ᠤ 200 ᠭᠠᠷᠤᠢ ᠰᠤᠷᠤᠭᠴᠢ ᠨᠢ ᠨᠢᠭᠡᠳᠦᠯᠲᠡᠢ ᠴᠡᠷᠢᠭ ᠤᠨ ᠪᠣᠯᠪᠠᠰᠤᠷᠠᠯ ᠤᠨ ᠬᠤᠪᠴᠠᠰᠤ ᠪᠠᠨ ᠡᠮᠦᠰᠴᠦ᠂ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠳᠤ ᠠᠯᠬᠤᠨ ᠬᠦᠷᠴᠦ᠂ ᠡᠬᠡ ᠤᠯᠤᠰ ᠠᠷᠠᠳ ᠲᠦᠮᠡᠨ ᠤ ᠪᠠᠨ ᠲᠥᠯᠥᠭᠡ ᠠᠮᠢ ᠪᠡᠶ᠎ᠡ ᠪᠠᠨ ᠵᠣᠷᠢᠭᠤᠯᠤᠭᠰᠠᠨ   ᠬᠤᠪᠢᠰᠬᠠᠯᠴᠢ ᠪᠠᠭᠠᠲᠤᠷᠴᠤᠳ ᠲᠤ ᠬᠦᠨᠳᠦᠳᠬᠡᠯ ᠲᠡᠪᠰᠢᠬᠦᠯᠵᠦ ᠭᠠᠰᠢᠭᠤᠳᠠᠯ ᠢᠡᠯᠷᠭᠡᠶᠢᠯᠡᠭᠰᠡᠨ ᠪᠠᠶᠢᠨ᠎ᠠ᠃ ᠳᠠᠷᠠᠭ᠎ᠠ ᠨᠢ᠂ ᠣᠯᠠᠨ ᠢᠶᠠᠷ ᠢᠶᠠᠨ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ  ᠦᠵᠡᠭᠦᠯᠦᠯᠭᠡ ᠶᠢᠨ ᠣᠷᠳᠣᠨ ᠳᠤ ᠬᠦᠷᠴᠦ᠂ ᠬᠤᠪᠢᠰᠬᠠᠯ ᠤᠨ ᠭᠤᠤᠯ ᠰᠡᠳᠦᠪᠲᠦ ᠦᠵᠡᠭᠦᠯᠦᠯᠭᠡ ᠶᠢ ᠲᠣᠭᠤᠷᠢᠨ ᠦᠵᠡᠵᠦ᠂ ᠦᠷᠡᠭᠳᠡᠭᠰᠡᠨ ᠪᠠᠭᠠᠲᠤᠷᠴᠤᠳ ᠤᠨ ᠦᠯᠢᠭᠡᠷ ᠲᠡᠦᠭᠡ ᠶᠢ ᠰᠤᠨᠤᠰᠤᠨ᠂  ᠦᠷᠡᠭᠳᠡᠭᠰᠡᠨ ᠪᠠᠭᠠᠲᠤᠷᠴᠤᠳ ᠤᠨ ᠭᠠᠪᠢᠶ᠎ᠠ ᠵᠢᠳᠬᠦᠯ ᠢ ᠳᠤᠷᠠᠰᠤᠨ ᠰᠠᠨᠠᠭᠠᠯᠵᠠᠵᠤ᠂ ᠤᠶᠤᠨ ᠰᠠᠨᠠᠭᠠᠨ ᠤ ᠲᠡᠵᠢᠭᠡᠯ ᠬᠦᠷᠳᠡᠨ᠂ ᠬᠦᠰᠡᠯᠡᠩ ᠢᠲᠡᠭᠡᠯ ᠪᠢᠰᠢᠷᠡᠯ ᠢᠶᠠᠨ ᠪᠠᠳᠤᠳᠬᠠᠵᠠᠢ᠃  ᠡᠨᠡ ᠤᠳᠠᠭᠠᠨ ᠤ ᠠᠵᠢᠯᠯᠠᠭ᠎ᠠ ᠳᠤ ᠪᠠᠰᠠ  ᠸᠢᠶᠧᠲᠨᠠᠮ ᠢ ᠡᠰᠡᠷᠬᠦᠴᠡᠬᠦ ᠳᠠᠶᠢᠨ ᠳᠤ ᠤᠷᠤᠯᠴᠠᠭᠰᠠᠨ ᠠᠬᠠᠮᠠᠳ ᠪᠠᠶᠢᠯᠳᠤᠭᠴᠢ ᠴᠦ᠋ ᠹᠦ᠋ ᠶᠢ ᠤᠷᠢᠵᠤ ᠰᠤᠷᠤᠭᠴᠢᠳ ᠲᠤ ᠲᠤᠬᠠᠢ  ᠶᠢᠨ ᠦᠶ᠎ᠡ ᠶᠢᠨ ᠦᠯᠢᠭᠡᠷ ᠲᠡᠦᠬᠡ ᠶᠢ ᠶᠠᠷᠢᠭᠤᠯᠤᠭᠠᠳ᠂ ᠡᠩᠬᠡ ᠲᠠᠶᠢᠪᠤᠩ ᠪᠠ ᠠᠵᠠ ᠵᠢᠷᠭᠠᠯ ᠬᠢᠯᠪᠠᠷ ᠪᠤᠰᠤ ᠪᠠᠷ ᠢᠷᠡᠭᠰᠡᠨ ᠭᠡᠳᠡᠭ ᠢ ᠰᠤᠷᠤᠭᠴᠢᠳ ᠲᠤ ᠭᠦᠨᠵᠡᠭᠡᠶ  ᠤᠶᠢᠯᠠᠭᠠᠭᠤᠯᠤᠭᠰᠠᠨ ᠤ ᠬᠠᠮᠲᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠤᠬᠠᠢ ᠮᠡᠳᠡᠯᠭᠡ ᠶᠢ ᠨᠡᠮᠡᠭᠳᠡᠭᠦᠯᠵᠦ᠂  ᠡᠬᠡ ᠤᠷᠤᠨᠴᠢ ᠰᠡᠳᠬᠢᠯᠭᠡ ᠶᠢ ᠬᠦᠮᠦᠵᠢᠬᠦᠯᠦᠨ᠂ ᠡᠬᠡ ᠤᠯᠤᠰ ᠤᠨ ᠢᠶᠠᠨ ᠬᠥᠭᠵᠢᠯ ᠴᠡᠴᠡᠭᠯᠡᠯ ᠳᠤ ᠥᠪᠡᠷ ᠤᠨ ᠬᠦᠴᠦᠨ ᠴᠢᠳᠠᠯ ᠢᠶᠠᠨ ᠡᠷᠭᠦᠬᠦ ᠢᠳᠡᠭᠡᠯ ᠵᠣᠷᠢᠭ ᠢ ᠨᠢ ᠪᠠᠳᠤᠳᠬᠠᠭᠰᠠᠨ ᠪᠠᠶᠢᠨ᠎ᠠ᠃    ᠰᠤᠷᠤᠭᠴᠢ ᠵᠠᠩ ᠵᠢᠶᠠ ᠷᠦᠸᠧ᠄ ︽ ᠡᠨᠡ ᠬᠦ᠋ ᠠᠵᠢᠯᠯᠠᠭ᠎ᠠ ᠳᠤ ᠤᠷᠤᠯᠴᠠᠭᠠᠳ ᠥᠨᠥᠳᠦᠷ ᠤᠨ ᠰᠠᠶᠢᠨ ᠰᠠᠶᠢᠬᠠᠨ ᠠᠮᠢᠳᠤᠷᠠᠯ ᠬᠢᠯᠪᠠᠷ ᠪᠤᠰᠤ ᠪᠠᠷ ᠢᠷᠡᠭᠰᠡᠨ ᠭᠡᠳᠡᠭ ᠢ ᠤᠶᠢᠯᠠᠭᠠᠯ᠎ᠠ᠂ ᠳᠤᠮᠳᠠᠳᠤ ᠰᠤᠷᠭᠠᠭᠤᠯᠢ ᠶᠢᠨ ᠰᠣᠷᠣᠭᠴᠢ ᠪᠣᠯᠤᠭᠰᠠᠨ ᠤ ᠬᠤᠪᠢ ᠳᠤ ᠪᠢᠳᠡ ᠴᠢᠷᠮᠠᠶᠢᠨ ᠰᠤᠷᠤᠯᠴᠠᠵᠤ᠂ ᠲᠣᠮᠣ ᠪᠣᠯᠤᠭᠰᠠᠨ ᠤ ᠳᠠᠷᠠᠭ᠎ᠠ ᠡᠬᠡ ᠤᠯᠤᠰ ᠲᠠᠭᠠᠨ ᠬᠦᠴᠦ ᠪᠠᠨ ᠡᠷᠭᠦᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠬᠦᠰᠡᠯ ᠵᠡᠭᠦᠳᠦ ᠶᠢ ᠲᠡᠷᠭᠡᠯᠰᠢᠭᠦᠯᠬᠦ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠦᠨ᠎ᠡ︾᠃    ᠰᠤᠷᠤᠭᠴᠢ ᠸᠠᠩ ᠶᠦᠩ ᠬᠤᠢ᠄ ︽ᠠᠬᠠᠮᠠᠳ ᠬᠤᠪᠢᠰᠬᠠᠯᠴᠢᠳ ᠲᠠᠭᠠᠨ ᠬᠦᠨᠳᠦᠳᠬᠡᠯ ᠲᠡᠪᠰᠢᠬᠦᠯᠵᠦ ᠪᠠᠶᠢᠨ᠎ᠠ᠂ ᠬᠤᠶᠢᠰᠢᠳᠠ ᠪᠢᠳᠡ ᠰᠤᠷᠤᠯᠴᠠᠯᠭ᠎ᠠ ᠶᠢᠨ ᠳᠤᠮᠳᠠ ᠪᠠᠨ ᠬᠤᠪᠢᠰᠬᠠᠯ ᠤᠨ ᠲᠡᠦᠬᠡ ᠶᠢ ᠨᠡᠩ ᠢᠯᠡᠬᠦᠦ ᠣᠶᠢᠯᠠᠭᠠᠵᠤ᠂  ᠠᠬᠠᠮᠠᠳ ᠬᠤᠪᠢᠰᠬᠠᠯᠴᠢᠳ ᠢᠶᠠᠷ ᠦᠯᠢᠭᠡᠷ ᠳᠠᠭᠤᠷᠢᠶᠠᠯ ᠪᠤᠯᠭᠠᠨ᠂ ᠰᠢᠨ᠎ᠡ ᠴᠠᠭ ᠦᠶ᠎ᠡ ᠶᠢᠨ ᠰᠠᠶᠢᠨ ᠵᠠᠯᠠᠭᠤᠴᠤᠳ ᠪᠠᠭᠠᠴᠤᠳ ᠪᠣᠯᠬᠤ ᠪᠠᠷ ᠴᠢᠷᠮᠠᠶᠢᠨ᠎ᠠ︾᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号