ᠨᠠᠭᠤᠷ ᠭᠤᠣᠯ ᠤᠨ ᠤᠷᠴᠢᠨ ᠲᠤᠭᠤᠷᠢᠨ ᠤ ᠬᠠᠮᠢᠶᠠᠷᠤᠯᠲᠠ ᠶᠢ ᠤᠯᠠᠮ ᠴᠢᠩᠭᠠᠳᠬᠠᠵᠤ᠂ ᠨᠠᠭᠤᠷ ᠭᠤᠣᠯ ᠤᠨ | ᠤᠷᠴᠢᠨ ᠲᠤᠭᠤᠷᠢᠨ ᠤ ᠡᠮᠬᠢ ᠲᠢᠭᠯᠡᠮ ᠦᠬᠡᠢ ᠮᠠᠭᠤ ᠮᠠᠭᠤᠬᠠᠢ ᠦᠵᠡᠭᠳᠡᠯ ᠢ ᠠᠷᠢᠯᠭᠠᠨ᠂ ᠨᠠᠭᠤᠷ ᠭᠤᠤᠯ ᠤᠨ ᠠᠮᠢ | ᠠᠬᠤᠶ ᠶᠢ ᠬᠠᠮᠠᠭᠠᠯᠠᠵᠤ᠂ ᠦᠶᠡᠷ ᠵᠠᠯᠠᠬᠤ ᠠᠮᠤᠷ ᠲᠦᠪᠰᠢᠨ ᠢ ᠪᠠᠳᠤᠯᠠᠨ᠂ ᠠᠷᠠᠳ ᠣᠯᠠᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠤᠰᠤᠨ ᠤ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ | ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ | ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠭᠤᠷ ᠭᠤᠤᠯ ᠤᠨ ᠤᠷᠴᠢᠨ ᠲᠤᠭᠤᠷᠢᠨ ᠤ | ᠬᠠᠮᠢᠶᠠᠷᠤᠯᠳᠠ ᠶᠢᠨ ᠲᠦᠷᠢᠮ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ | ᠠᠰᠢᠭᠯᠠᠯᠲᠠ ᠶᠢᠨ ᠶᠠᠮᠤᠨ ᠤ ᠵᠠᠷᠯᠢᠭ︾ ᠵᠡᠷᠭᠡ ᠬᠠᠤᠯᠢ ᠲᠦᠷᠢᠮ ᠢ ᠦᠨᠳᠦᠰᠦᠯᠡᠨ᠂ ᠡᠳᠦᠭᠡ ᠬᠤᠯᠪᠣᠭᠳᠠᠯ ᠪᠦᠬᠦᠢ | ᠤᠴᠢᠷ ᠢ ᠳᠣᠣᠷᠠᠬᠢ ᠮᠡᠲᠦ ᠵᠠᠷᠯᠠᠨ ᠮᠡᠳᠡᠭᠳᠡᠵᠦ ᠪᠠᠶᠢᠨ᠎ᠠ᠄ | ᠨᠢᠭᠡ᠂ ᠨᠠᠭᠤᠷ ᠭᠤᠣᠯ ᠤᠨ ᠬᠠᠮᠢᠶᠠᠷᠤᠯᠲᠠ ᠶᠢᠨ ᠭᠡᠪᠴᠢᠶᠡᠨ ᠳᠠᠬᠢ 20 ᠮᠧᠲᠷ ᠤᠨ ᠳᠣᠲᠣᠷ᠎ᠠ ᠲᠦᠷ | ᠴᠠᠭ ᠤᠨ ᠪᠤᠶᠤ ᠥᠨᠢᠳᠡ ᠶᠢᠨ ᠴᠢᠨᠠᠷᠲᠠᠢ ᠪᠠᠷᠢᠯᠭ᠎ᠠ ᠪᠠᠷᠢᠬᠤ᠂ ᠦᠶᠡᠷ ᠤᠨ ᠤᠰᠤ ᠶᠢ ᠵᠠᠯᠠᠬᠤ ᠳᠤ ᠬᠠᠷᠰᠢ ᠪᠤᠯᠬᠤ | ᠪᠠᠷᠢᠯᠭ᠎ᠠ ᠶᠢᠨ ᠵᠦᠢᠯᠡᠰ ᠪᠠᠷᠢᠵᠤ ᠪᠠᠶᠢᠭᠤᠯᠬᠤ ᠶᠢ ᠡᠷᠡᠰ ᠴᠠᠭᠠᠵᠠᠯᠠᠨ᠎ᠠ᠃ ᠭᠡᠷᠪᠡ ᠪᠠᠷᠢᠵᠤ ᠪᠠᠶᠢᠭᠤᠯᠤᠭᠰᠠᠨ ᠪᠤᠯ | 2025 ᠣᠨ ᠤ 3 ᠰᠠᠷ᠎ᠠ ᠶᠢᠨ ᠡᠴᠦᠰ ᠠᠴᠠ ᠡᠮᠦᠨ᠎ᠡ ᠡᠷᠬᠡᠪᠰᠢ ᠨᠤᠷᠠᠭᠠᠵᠤ ᠨᠡᠬᠦᠯᠭᠡᠨ᠂ ᠤᠤᠯ ᠪᠠᠶᠢᠳᠠᠯ ᠢ | ᠰᠡᠷᠭᠦᠭᠡᠬᠦ ᠬᠡᠷᠡᠭᠲᠡᠢ᠂ ᠲᠤᠭᠳᠠᠭᠰᠠᠨ ᠬᠤᠭᠤᠴᠠᠭᠠᠨ ᠳᠤ ᠨᠤᠷᠠᠭᠠᠵᠤ ᠨᠡᠬᠦᠯᠬᠡᠬᠦ ᠦᠭᠡᠢ᠂ ᠤᠤᠯ ᠪᠠᠶᠢᠳᠠᠯ ᠢ | ᠰᠡᠷᠭᠦᠭᠡᠬᠦ ᠦᠭᠡᠢ ᠪᠣᠯ ᠬᠤᠰᠢᠭᠤ ᠵᠠᠰᠠᠭ ᠤᠨ ᠣᠷᠳᠣᠨ ᠠᠴᠠ ᠠᠯᠪᠠᠳᠠᠯᠭ᠎ᠠ ᠪᠠᠷ ᠨᠤᠷᠠᠭᠠᠨ᠎ᠠ᠂ ᠡᠭᠦᠨ ᠠᠴᠠ | ᠪᠣᠯᠤᠭᠰᠠᠨ ᠠᠯᠢᠪᠠ ᠬᠤᠬᠢᠷᠠᠯ ᠢ ᠬᠠᠤᠯᠢ ᠲᠦᠷᠢᠮ ᠵᠥᠷᠢᠴᠡᠭᠰᠡᠨ ᠨᠢᠬᠡᠴᠡ ᠪᠤᠶᠤ ᠬᠤᠪᠢ ᠬᠥᠮᠥᠨ ᠥᠪᠡᠰᠦᠪᠡᠨ | ᠡᠭᠦᠷᠭᠡᠯᠡᠨ᠎ᠡ᠃ | ᠬᠤᠶᠠᠷ᠂ ᠨᠠᠭᠤᠷ ᠭᠤᠣᠯ ᠤᠨ ᠬᠠᠮᠢᠶᠠᠷᠤᠯᠲᠠ ᠶᠢᠨ ᠭᠡᠪᠴᠢᠶᠡᠨ ᠳᠠᠬᠢ 20 ᠮᠧᠲᠷ ᠤᠨ ᠳᠣᠲᠣᠷ᠎ᠠ | ᠬᠠᠭᠠᠯᠪᠤᠷᠢᠯᠠᠵᠤ ᠲᠠᠷᠢᠬᠤ᠂ ᠲᠡᠵᠢᠭᠡᠨ ᠦᠷᠡᠵᠢᠭᠦᠯᠬᠦ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠡᠷᠡᠰ ᠴᠠᠭᠠᠵᠠᠯᠠᠨ᠎ᠠ᠂ ᠶᠠᠮᠠᠷᠪᠠ ᠨᠢᠭᠡᠴᠡ ᠪᠠ ᠬᠤᠪᠢ ᠬᠥᠮᠦᠨ ᠡᠵᠡᠯᠡᠨ ᠬᠡᠷᠡᠭᠯᠡᠵᠦ ᠪᠣᠯᠬᠤ ᠦᠭᠡᠶ᠃ ᠨᠢᠭᠡᠨᠲᠡ | ᠬᠠᠭᠠᠯᠪᠤᠷᠢᠯᠠᠵᠤ ᠲᠠᠷᠢᠭᠰᠠᠨ ᠪᠤᠯ᠂ ᠭᠠᠴᠠᠭ᠎ᠠ ᠲᠣᠰᠬᠤᠨ ᠤ ᠵᠥᠪᠯᠡᠯ ᠲᠦᠷᠦᠭᠦᠯᠡᠨ ᠠᠶᠢᠯ ᠡᠷᠦᠬᠡ ᠲᠠᠢ | ᠵᠣᠬᠢᠴᠠᠭᠤᠯᠵᠤ ᠪᠠᠶᠢᠭᠠᠳ ᠥᠪᠡᠰᠦᠪᠡᠨ ᠰᠢᠢᠳᠪᠦᠷᠢᠯᠡᠵᠦ᠂ ᠤᠤᠯ ᠪᠠᠶᠢᠳᠠᠯ ᠢ ᠰᠡᠷᠭᠦᠭᠡᠨ᠎ᠡ᠃ ᠲᠤᠭᠳᠠᠭᠰᠠᠨ | ᠬᠤᠭᠤᠴᠠᠭᠠᠨ ᠳᠤ ᠰᠢᠢᠳᠪᠦᠷᠢᠯᠡᠬᠦ ᠦᠭᠡᠢ ᠪᠤᠯ᠂ ᠤᠰᠤᠨ ᠠᠰᠢᠭᠯᠠᠯᠳᠠ ᠶᠢᠨ ᠰᠠᠯᠠᠭ᠎ᠠ ᠮᠦᠴᠢᠷ ᠠᠴᠠ ᠪᠤᠰᠤᠳ | ᠰᠠᠯᠠᠭ᠎ᠠ ᠮᠦᠴᠢᠷ ᠲᠠᠢ ᠬᠠᠮᠳᠤᠷᠠᠵᠤ ᠪᠠᠶᠢᠭᠠᠳ ᠬᠠᠮᠢᠶ᠎ᠠ ᠪᠦᠬᠦᠢ ᠬᠠᠤᠯᠢ ᠲᠦᠷᠢᠮ ᠤᠨ ᠲᠠᠭᠠᠤ ᠴᠢᠩᠭ᠎ᠠ ᠰᠢᠳᠭᠡᠵᠤ᠂ | ᠦᠢᠯᠡ ᠪᠠᠶᠢᠳᠠᠯ ᠨᠢ ᠬᠦᠨᠳᠤ ᠨᠤᠴᠢᠳᠠᠢ ᠪᠤᠯ ᠬᠠᠤᠯᠢ ᠴᠠᠭᠠᠵᠠ ᠶᠢᠨ ᠪᠠᠶᠢᠭᠤᠯᠭ᠎ᠠ ᠠᠴᠠ ᠬᠠᠤᠯᠢ ᠶᠤᠰᠤᠭᠠᠷ | ᠡᠷᠡᠭᠦᠤ ᠶᠢᠨ ᠬᠠᠷᠢᠭᠤᠴᠠᠯᠭ᠎ᠠ ᠨᠡᠭᠡᠮᠵᠢᠯᠡᠨ᠎ᠠ᠃ | ᠭᠤᠷᠪᠠ᠂ ᠨᠠᠭᠤᠷ ᠭᠤᠣᠯ ᠤᠨ ᠬᠠᠮᠢᠶᠠᠷᠤᠯᠲᠠ ᠶᠢᠨ ᠭᠡᠪᠴᠢᠶᠡᠨ ᠳᠠᠬᠢ 20 ᠮᠧᠲᠷ ᠤᠨ ᠳᠣᠲᠣᠷ᠎ᠠ ᠤᠰᠤᠨ ᠤ | ᠴᠣᠭᠴᠠ ᠳᠤ ᠪᠤᠬᠢᠷᠳᠤᠯ ᠪᠤᠯᠬᠤ ᠡᠳ᠋ ᠪᠣᠳᠠᠰ ᠢ ᠣᠪᠣᠭᠠᠯᠠᠬᠤ᠂ ᠴᠢᠳᠬᠤᠬᠤ᠂ ᠪᠤᠯᠠᠬᠤ ᠪᠤᠶᠤ ᠭᠠᠳᠠᠭᠰᠢᠯᠠᠭᠤᠯᠬᠤ | ᠶᠢ ᠡᠷᠡᠰ ᠴᠠᠭᠠᠵᠠᠯᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠵᠥᠪᠰᠢᠶᠡᠷᠡᠯ ᠥᠬᠡᠶ ᠪᠠᠷ ᠨᠠᠭᠤᠷ ᠭᠤᠣᠯ ᠤᠨ | ᠬᠠᠮᠢᠶᠠᠷᠤᠯᠲᠠ ᠶᠢᠨ ᠭᠡᠪᠴᠢᠶᠡᠨ ᠳᠠᠬᠢ 20 ᠮᠧᠲᠷ ᠤᠨ ᠲᠤᠳᠤᠷᠠᠬᠢ ᠬᠤᠲᠠ ᠶᠢᠨ ᠵᠦᠯᠭᠡ ᠭᠠᠵᠠᠷ᠂ ᠰᠠᠭᠤᠭᠠᠯᠢ | ᠲᠣᠭᠤᠷᠢᠭ ᠤᠨ ᠵᠦᠯᠭᠡ ᠭᠠᠵᠠᠷ ᠲᠤ ︽ ᠵᠦᠯᠭᠡ ᠡᠵᠡᠯᠡᠵᠦ ᠡᠪᠡᠰᠦ ᠲᠠᠷᠢᠬᠤ︾ ᠶᠢ ᠡᠷᠡᠰ ᠴᠠᠭᠠᠵᠠᠯᠠᠨ᠎ᠠ᠂ ᠳᠡᠭᠡᠷ᠎ᠡ | ᠳᠤᠷᠠᠳᠤᠭᠰᠠᠨ ᠦᠢᠯᠡ ᠠᠵᠢᠯᠯᠠᠭ᠎ᠠ ᠢᠯᠡᠷᠡᠪᠡᠯ ᠬᠠᠤᠯᠢ ᠲᠦᠷᠢᠮ ᠤᠨ ᠴᠢᠩᠭ᠎ᠠ ᠰᠢᠳᠬᠡᠨ᠎ᠡ᠃ | ᠲᠦᠷᠪᠡ᠂ ᠬᠤᠰᠢᠭᠤᠨ ᠤ ᠭᠤᠣᠯ ᠤᠨ ᠳᠠᠷᠤᠭ᠎ᠠ ᠶᠢᠨ ᠠᠯᠪᠠᠨ ᠭᠡᠷ᠂ ᠰᠤᠮᠤ ᠰᠢᠶᠠᠩ ᠪᠠᠯᠭᠠᠰᠤᠨ ᠤ ᠭᠤᠣᠯ | ᠤᠨ ᠳᠠᠷᠤᠭ᠎ᠠ ᠨᠠᠷ ᠨᠢ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠡᠳᠦᠷ ᠲᠤᠳᠤᠮ ᠤᠨ ᠲᠣᠭᠤᠷᠢᠨ | ᠪᠠᠶᠢᠴᠠᠭᠠᠬᠤ ᠤᠳᠠᠭ᠎ᠠ ᠲᠠᠷᠠᠭ᠎ᠠ ᠶᠢ ᠨᠡᠮᠡᠭᠳᠡᠬᠦᠯᠦᠨ ᠴᠢᠩᠭᠠᠳᠬᠠᠨ᠂ ᠨᠠᠭᠤᠷ ᠭᠤᠣᠯ ᠤᠨ ᠬᠠᠮᠢᠶᠠᠷᠤᠯᠲᠠ ᠶᠢᠨ | ᠭᠡᠪᠴᠢᠶᠡᠨ ᠳᠠᠬᠢ 20 ᠮᠧᠲᠷ ᠤᠨ ᠲᠤᠳᠤᠷ᠎ᠠ ᠬᠠᠭᠠᠯᠪᠤᠷᠢᠯᠠᠨ ᠲᠠᠷᠢᠬᠤ᠂ ᠡᠯᠡᠰᠦ ᠰᠢᠷᠣᠢ ᠮᠠᠯᠳᠠᠬᠤ᠂ ᠬᠤᠭ | ᠨᠣᠪᠰᠢ ᠬᠠᠶᠠᠬᠤ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠠᠭᠤᠷ ᠭᠤᠣᠯ | ᠤᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠨ᠂ ᠤᠯᠠᠨ ᠨᠡᠶᠢᠲᠡ ᠶᠢᠨ ᠠᠮᠤᠷ ᠲᠦᠪᠰᠢᠨ ᠢ ᠪᠠᠳᠤᠯᠠᠬᠤ | ᠬᠡᠷᠡᠭᠲᠡᠢ᠃ | ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2025 ᠣᠨ ᠤ 1 ᠰᠠᠷ᠎ᠠ ᠶᠢᠨ 7 ᠤ ᠡᠳᠦᠷ |