ᠲᠠᠶᠢᠹᠤᠰᠧ ᠬᠤᠰᠢᠭᠤᠨ ᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠤᠳᠠᠯᠳᠤᠭᠠᠴᠢᠳ ᠤᠨ ᠡᠪᠯᠡᠯ ᠤᠨ ᠣᠨ ᠤ ᠬᠤᠷᠠᠯ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2025/1/14
   1 ᠰᠠᠷ᠎ᠠ ᠶᠢᠨ 11 ᠡᠳᠦᠷ᠂  ᠲᠠᠶᠢᠹᠤᠰᠧ ᠬᠤᠰᠢᠭᠤᠨ ᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠤᠳᠠᠯᠳᠤᠭᠠᠴᠢᠳ ᠤᠨ ᠡᠪᠯᠡᠯ ᠤᠨ 2025 ᠣᠨ ᠤ ᠴᠤᠭᠯᠠᠭᠠᠨ ᠵᠢᠴᠢ ᠨᠤᠲᠤᠭ ᠲᠠᠭᠠᠨ ᠪᠤᠴᠠᠭᠰᠠᠨ ᠡᠷᠳᠡᠮ ᠮᠡᠷᠭᠡᠳ ᠤᠨ ᠰᠢᠨ᠎ᠡ ᠵᠢᠯ ᠢᠶᠠᠨ ᠤᠭᠲᠤᠬᠤ ᠨᠥᠬᠦᠷᠯᠡᠯ ᠤᠨ ᠬᠤᠷᠠᠯ ᠠᠮᠵᠢᠯᠲᠠ ᠲᠠᠢ ᠶᠠᠪᠤᠭᠳᠠᠵᠤ᠂ ᠰᠡᠴᠡᠨᠴᠣᠭᠲᠤ᠂ ᠽᠦᠸᠧ ᡁᠢ ᠭᠦᠸᠧ᠂ ᠯᠢᠦ ᠲᠢᠩ ᠰᠢᠤ᠂ ᠵᠠᠩ ᠶᠦᠩ ᠯᠢ᠂ ᠢᠦᠢ ᠴᠧᠩ ᠭᠦᠸᠧ ᠬᠤᠷᠠᠯ ᠳᠤ ᠤᠷᠤᠯᠴᠠᠵᠠᠢ᠃ ᠬᠤᠷᠠᠯ ᠳᠡᠭᠡᠷ᠎ᠡ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠬᠤᠳᠠᠯᠳᠤᠭᠠᠴᠢᠳ ᠤᠨ ᠡᠪᠯᠡᠯ ᠤᠨ ᠬᠠᠷᠢᠭᠤᠴᠠᠯᠭᠠᠲᠠᠨ᠂ ᠠᠵᠤ ᠠᠬᠤᠶᠢᠯᠠᠯᠲᠠᠨ ᠤ ᠲᠥᠯᠥᠭᠡᠯᠡᠭᠴᠢ ᠠᠴᠠ ᠲᠤᠰ ᠲᠤᠰ ᠪᠠᠶᠠᠷ ᠤᠨ ᠦᠭᠡ ᠬᠡᠯᠡᠵᠦ᠂ ᠬᠠᠷᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠨ᠂ ᠬᠤᠳᠠᠯᠳᠤᠭᠠᠴᠢᠳ ᠤᠨ ᠡᠪᠯᠡᠯ ᠤᠨ ᠦᠷᠭᠦᠯᠵᠢᠯᠡᠨ ᠬᠥᠭᠵᠢᠬᠦ ᠶᠢ ᠠᠬᠢᠭᠤᠯᠵᠤ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ᠂ ᠡᠶ᠎ᠡ ᠵᠣᠬᠢᠴᠠᠩᠭᠤᠢ ᠨᠡᠶᠢᠭᠡᠮ ᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠠ ᠭᠡᠵᠦ ᠢᠯᠡᠳᠬᠡᠵᠡᠭᠡᠪᠡ᠃ ᠠᠵᠤ ᠠᠬᠤᠶᠢᠯᠠᠯ ᠤᠨ ᠠᠵᠢᠯᠲᠠᠨ ᠠᠵᠢᠯᠴᠢᠨ ᠠᠴᠠ ᠭᠤᠴᠤ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠲᠤᠬᠠᠶ ᠶᠢᠨ ᠲᠠᠯᠠᠪᠤᠷ ᠤᠨ ᠠᠭᠤᠷ ᠠᠮᠢᠰᠬᠤᠯ ᠢ ᠣᠷᠭᠢᠯ ᠳᠤ ᠨᠢ  ᠬᠦᠷᠭᠡᠭᠰᠡᠨ ᠪᠦᠭᠡᠳ ᠪᠠᠶᠠᠷ ᠪᠠᠶᠠᠰᠬᠤᠯᠠᠩ ᠲᠠᠢ ᠠᠭᠤᠷ ᠠᠮᠢᠰᠬᠤᠯ ᠤᠨ ᠳᠤᠮᠳᠠ᠂ ᠠᠵᠤ ᠠᠬᠤᠶᠢᠯᠠᠯᠲᠠᠳ ᠲᠤᠷᠰᠢᠯᠭ᠎ᠠ ᠪᠠᠨ ᠬᠤᠪᠢᠶᠠᠯᠴᠠᠨ᠂ ᠨᠥᠬᠦᠷᠯᠡᠯ ᠢᠶᠠᠨ ᠵᠤᠵᠠᠭᠠᠳᠬᠠᠵᠤ᠂ ᠬᠥᠭᠵᠢᠯᠲᠡ ᠶᠢ ᠬᠠᠮᠲᠤ ᠪᠠᠷ ᠰᠦᠪᠡᠭᠴᠢᠯᠡᠨ᠂ ᠢᠷᠡᠭᠡᠳᠦᠢ ᠶᠢ ᠬᠠᠮᠲᠤ ᠪᠠᠷ  ᠶᠠᠷᠢᠯᠴᠠᠭᠰᠠᠨ ᠪᠠᠶᠢᠨ᠎ᠠ᠃ 2024 ᠣᠨ ᠳᠤ ᠲᠠᠶᠢᠹᠤᠰᠧ ᠬᠤᠰᠢᠭᠤᠨ ᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠤᠳᠠᠯᠳᠤᠭᠠᠴᠢᠳ ᠤᠨ ᠡᠪᠯᠡᠯ ᠨᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠷᠭᠡᠨ ᠣᠯᠠᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠳᠠᠳ ᠢ ᠪᠦᠯᠬᠦᠮᠳᠡᠭᠦᠯᠦᠨ ᠳᠠᠭᠠᠭᠤᠯᠵᠤ᠂ ᠰᠡᠳᠬᠢᠯ ᠬᠦᠴᠦ ᠪᠠᠨ ᠨᠢᠭᠡᠳᠬᠡᠨ  ᠂ ᠢᠳᠡᠬᠡᠯ ᠵᠤᠷᠢᠭ ᠲᠠᠢ ᠤᠷᠤᠭᠰᠢᠯᠠᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠡᠢ᠃ 2025 ᠣᠨ ᠳᠤ᠂ ᠬᠤᠳᠠᠯᠳᠤᠭᠠᠴᠢᠳ ᠤᠨ ᠡᠪᠯᠡᠯ ᠨᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠨ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠵᠤ᠂ ᠥᠷᠭᠡᠨ ᠤᠯᠠᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠳᠠᠳ  ᠎ ᠢ ᠪᠦᠯᠬᠦᠮᠳᠡᠭᠦᠯᠦᠨ ᠳᠠᠭᠠᠭᠤᠯᠵᠤ᠂ ᠲᠠᠶᠢᠹᠤᠰᠧ ᠬᠤᠰᠢᠭᠤᠨ ᠤ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠤᠭ᠎ᠠ ᠬᠦᠴᠦᠨ ᠢ ᠨᠢᠬᠳᠠᠷᠠᠭᠤᠯᠤᠨ᠂ ᠲᠠᠶᠢᠹᠤᠰᠧ ᠬᠤᠰᠢᠭᠤᠨ ᠤ  ᠤᠳᠤᠬᠢᠴᠢᠯᠠᠭᠰᠠᠨ ᠪᠠᠶᠢᠭᠤᠯᠤᠯᠲᠠ ᠳᠤ ᠬᠦᠴᠦᠨ ᠴᠢᠳᠠᠯ ᠢᠶᠠᠨ ᠡᠷᠬᠦᠬᠦ ᠪᠤᠯᠤᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠤᠳᠠᠯᠳᠤᠭᠠᠴᠢᠳ ᠤᠨ ᠡᠪᠯᠡᠯ ᠤᠨ ᠭᠡᠰᠢᠬᠦᠳ᠂ ᠠᠵᠤ ᠠᠬᠤᠶᠢᠯᠠᠯᠲᠠᠨ ᠤ ᠲᠥᠯᠥᠭᠡᠯᠡᠭᠴᠢ᠂ ᠰᠤᠮᠤ ᠰᠢᠶᠠᠩ ᠪᠠᠯᠭᠠᠰᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ 150 ᠭᠠᠷᠤᠶ ᠬᠥᠮᠦᠨ ᠨᠥᠬᠦᠷᠯᠡᠯ ᠤᠨ ᠬᠤᠷᠠᠯ ᠳᠤ ᠣᠷᠣᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号