1 ᠰᠠᠷ᠎ᠠ ᠶᠢᠨ 10 ᠤ ᠡᠳᠦᠷ᠂ ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ | ᠬᠡᠯᠲᠡᠰ᠂ ᠲᠠᠶᠢᠹᠤᠰᠧ ᠬᠤᠰᠢᠭᠤᠨ ᠤ ᠰᠢᠨ᠎ᠡ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠥᠰ ᠤᠨ ᠬᠤᠯᠪᠤᠭ᠎ᠠ ᠨᠢ | ᠰᠢᠨ᠎ᠡ ᠵᠢᠯ ᠢᠶᠠᠨ ᠤᠭᠲᠤᠬᠤ ᠴᠠᠶᠢᠯᠠᠯᠭ᠎ᠠ ᠡᠷᠬᠢᠯᠡᠵᠦ᠂ ᠨᠢᠭᠡᠳᠦᠮᠡᠯ ᠹᠷᠣᠨᠲ ᠤᠨ ᠬᠡᠯᠲᠡᠰ ᠤᠨ ᠬᠠᠮᠢᠶ᠎ᠠ ᠪᠦᠬᠦᠢ | ᠬᠥᠮᠦᠰ ᠪᠠ ᠰᠢᠨ᠎ᠡ ᠨᠡᠶᠢᠭᠡᠮ ᠤᠨ ᠳᠠᠪᠬᠤᠷᠭ᠎ᠠ ᠶᠢᠨ ᠬᠥᠮᠥᠰ ᠤᠨ ᠬᠤᠯᠪᠤᠭᠠᠨ ᠤ ᠭᠡᠰᠢᠭᠦᠳ ᠨᠡᠶᠢᠲᠡ 30 ᠬᠥᠮᠦᠨ | ᠣᠷᠣᠯᠴᠠᠪᠠ᠃ ᠴᠠᠶᠢᠯᠠᠯᠭ᠎ᠠ ᠲᠡᠭᠡᠷ᠎ᠡ᠂ ᠲᠠᠶᠢᠹᠤᠰᠧ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ | ᠠᠷᠪᠠᠳᠤᠭᠠᠷ ᠤᠳᠠᠭᠠᠨ ᠤ ᠪᠥᠬᠦᠳᠡ ︵ᠥᠷᠭᠡᠳᠬᠡᠭᠰᠡᠨ︶ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠢ ᠶᠢᠨ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ 2024 ᠣᠨ ᠤ ᠠᠵᠢᠯ ᠢᠶᠠᠨ ᠳ᠋ᠦᠩᠨᠡᠬᠦ ᠶᠢᠨ ᠬᠠᠮᠲᠤ | 2025 ᠣᠨ ᠤ ᠠᠵᠢᠯ ᠡᠬᠦᠷᠭᠡ ᠶᠢ ᠪᠠᠶᠢᠷᠢᠯᠠᠭᠤᠯᠵᠠᠢ᠃ ᠲᠠᠷᠠᠭ᠎ᠠ ᠨᠢ᠂ ᠬᠤᠷᠠᠯ ᠳᠤ ᠣᠷᠣᠯᠴᠠᠭᠰᠠᠳ ᠠᠵᠤ | ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠤᠯᠤᠨ 2025 ᠣᠨ ᠤ ᠠᠵᠢᠯ ᠤᠨ ᠲᠣᠭᠤᠷᠢᠨ ᠳᠤ | ᠢᠳᠡᠪᠬᠢᠲᠡᠢ ᠪᠠᠷ ᠶᠠᠷᠢᠶ᠎ᠠ ᠲᠠᠯᠪᠢᠵᠤ᠂ ᠰᠠᠨᠠᠯ ᠵᠦᠪᠯᠡᠯᠭᠡ ᠪᠠᠨ ᠲᠤᠷᠠᠳᠤᠭᠰᠠᠨ ᠪᠦᠭᠡᠳ ᠰᠢᠨ᠎ᠡ ᠵᠢᠯ ᠤᠨ ᠪᠠᠶᠠᠷ ᠤᠨ | ᠦᠭᠡ ᠪᠠ ᠬᠤᠣᠰ ᠤᠶᠠᠩᠭ᠎ᠠ ᠪᠢᠴᠢᠵᠦ᠂ ᠰᠢᠨ᠎ᠡ ᠵᠢᠯ ᠤᠨ ᠵᠥᠩᠨᠡᠯ ᠳᠡᠪᠰᠢᠭᠦᠯᠦᠭᠰᠡᠨ ᠸᠢᠳᠢᠣ᠋ ᠶᠢ ᠰᠢᠩᠭᠡᠭᠡᠭᠡᠳ᠂ | ᠠᠬᠤᠢ ᠲᠠᠯᠠᠪᠠᠢ ᠬᠦᠷ ᠬᠥᠭᠵᠢᠶᠡᠨ ᠢᠶᠠᠷ ᠪᠢᠯᠬᠠᠪᠠ᠃ ᠰᠢᠨ᠎ᠡ ᠨᠡᠶᠢᠭᠡᠮ ᠤᠨ ᠳᠠᠪᠬᠤᠷᠭ᠎ᠠ ᠶᠢᠨ ᠬᠥᠮᠥᠰ ᠤᠨ | ᠬᠤᠯᠪᠤᠭᠠᠨ ᠤ ᠭᠡᠰᠢᠬᠦᠳ ᠪᠦᠷ ᠄ ︽ ᠦᠨᠦᠳᠦᠷ ᠪᠢᠳᠡ ᠲᠠᠶᠢᠹᠤᠰᠧ ᠬᠤᠰᠢᠭᠤᠨ ᠤ ᠪᠠᠨ ᠦᠩᠭᠡᠷᠡᠭᠰᠡᠨ ᠨᠢᠬᠡ | ᠵᠢᠯ ᠤᠨ ᠠᠵᠤ ᠠᠬᠤᠢ ᠶᠢᠨ ᠬᠥᠭᠵᠢᠯᠲᠡ ᠶᠢ ᠡᠷᠬᠢᠴᠡᠬᠦᠯᠵᠦ᠂ ᠥᠪᠡᠷ ᠥᠪᠡᠷ ᠤᠨ ᠠᠵᠢᠯ ᠤᠨ ᠲᠤᠷᠰᠢᠯᠭ᠎ᠠ ᠪᠠᠨ | ᠬᠤᠪᠢᠶᠠᠯᠴᠠᠨ᠂ ᠰᠠᠨᠠᠵᠤ ᠪᠤᠳᠤᠭᠰᠠᠨ ᠢᠶᠠᠨ ᠠᠭᠤᠵᠢᠷᠠᠲᠠᠯ᠎ᠠ ᠶᠠᠷᠢᠵᠠᠭᠠᠯ᠎ᠠ᠃ ᠲᠠᠶᠢᠹᠤᠰᠧ ᠬᠤᠰᠢᠭᠤᠨ ᠤ ᠰᠢᠨ᠎ᠡ | ᠨᠡᠶᠢᠬᠡᠮ ᠤᠨ ᠲᠠᠪᠬᠤᠷᠭ᠎ᠠ ᠶᠢᠨ ᠬᠦᠮᠦᠰ ᠤᠨ ᠬᠤᠯᠪᠤᠭᠠᠨ ᠤ ᠭᠡᠰᠢᠭᠦᠨ ᠪᠣᠯᠤᠭᠰᠠᠨ ᠳᠠᠭᠠᠨ ᠲᠤᠩ ᠤᠮᠤᠭᠰᠢᠵᠤ | ᠪᠠᠶᠢᠨ᠎ᠠ᠂ 2025 ᠣᠨ ᠳᠤ ᠪᠢᠳᠡ ᠬᠤᠯᠪᠤᠭᠠᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠤᠭ ᠰᠠᠨᠠᠭ᠎ᠠ ᠪᠠᠨ | ᠦᠯᠦ ᠮᠠᠷᠲᠠᠵᠤ᠂ ᠨᠡᠶᠢᠭᠡᠮ ᠤᠨ ᠵᠦᠪ ᠡᠨᠧᠷᠬᠢ ᠶᠢ ᠲᠠᠮᠵᠢᠭᠤᠯᠤᠨ᠂ ᠲᠠᠶᠢᠹᠤᠰᠧ ᠬᠤᠰᠢᠭᠤ ᠪᠠᠨ ᠴᠤᠭᠴᠠᠯᠠᠨ | ᠬᠦᠭᠵᠢᠬᠦᠯᠬᠦ ᠳᠤ ᠬᠦᠴᠦᠨ ᠴᠢᠳᠠᠯ ᠢᠶᠠᠨ ᠡᠷᠭᠦᠨ᠎ᠡ︾ ᠬᠡᠵᠦ ᠢᠯᠡᠷᠬᠡᠶᠢᠯᠡᠵᠡᠭᠡᠨ᠎ᠡ᠃ ᠡᠨᠡ ᠤᠳᠠᠭᠠᠨ ᠤ | ᠴᠠᠶᠢᠯᠠᠯᠭ᠎ᠠ ᠨᠢ ᠲᠠᠶᠢᠹᠤᠰᠧ ᠬᠤᠰᠢᠭᠤᠨ ᠤ ᠰᠢᠨ᠎ᠡ ᠨᠡᠶᠢᠭᠡᠮ ᠤᠨ ᠳᠠᠪᠬᠤᠷᠭ᠎ᠠ ᠶᠢᠨ ᠬᠥᠮᠥᠰ ᠤᠨ ᠪᠦᠯᠬᠦᠮᠳᠡᠨ | ᠨᠢᠭᠡᠳᠴᠦ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ ᠰᠢᠨ᠎ᠡ ᠨᠢᠭᠡ ᠵᠢᠯ ᠤᠨ | ᠬᠥᠭᠵᠢᠯᠲᠡ ᠳᠤ ᠣᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠤᠭᠰᠠᠨ ᠪᠠᠶᠢᠨ᠎ᠠ᠃ |