ᠲᠠᠶᠢᠹᠤᠰᠧ  ᠬᠤᠰᠢᠭᠤ 2095.8 ᠲᠦᠮᠡᠨ ᠲᠦᠭᠦᠷᠢᠭ ᠤᠨ ᠨᠦᠬᠦᠪᠦᠷᠢ ᠮᠦᠩᠬᠦ ᠶᠢ ᠤᠷᠢᠳᠴᠢᠯᠠᠨ ᠲᠠᠷᠬᠠᠭᠠᠪᠠ
ᠨᠡᠶᠢᠲᠡᠯᠡᠭᠰᠡᠨ ᠴᠠᠭ᠄
2025/1/14
  ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠳᠤᠯᠠᠭᠠᠨ ᠤ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠬᠦᠴᠢᠷᠳᠡᠯᠲᠡᠶ ᠣᠯᠠᠨ ᠲᠦᠮᠡᠨ ᠤ ᠠᠮᠤᠷ ᠲᠦᠪᠰᠢᠨ ᠢᠶᠠᠷ ᠡᠪᠦᠯᠵᠢᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠲᠠᠶᠢᠹᠤᠰᠧ ᠬᠤᠰᠢᠭᠤ ᠨᠢ ᠡᠯ᠎ᠡ ᠲᠦᠷᠦᠯ ᠤᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ 2025 ᠣᠨ ᠤ 1 - 2 ᠰᠠᠷ᠎ᠠ ᠶᠢᠨ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭᠠᠨ ᠤ ᠮᠦᠩᠬᠦ᠂ ᠣᠨᠴᠠ ᠬᠦᠴᠢᠷᠳᠡᠯᠲᠡᠶ ᠬᠥᠮᠥᠰ ᠤᠨ ᠠᠰᠠᠷᠠᠮᠵᠢ ᠶᠢᠨ ᠮᠦᠩᠬᠦ᠂ ᠵᠡᠮᠳᠡᠭᠴᠦᠳ ᠤᠨ ᠬᠤᠶᠠᠷ ᠲᠦᠷᠦᠯ ᠤᠨ ᠨᠥᠬᠦᠪᠥᠷᠢ ᠵᠡᠷᠭᠡ ᠡᠯ᠎ᠡ ᠲᠥᠷᠥᠯ ᠤᠨ ᠠᠪᠤᠷᠠᠨ ᠲᠤᠰᠠᠯᠠᠬᠤ ᠨᠥᠬᠦᠪᠥᠷᠢ ᠮᠦᠩᠬᠦ ᠶᠢ ᠲᠤᠭ᠎ᠠ ᠶᠤᠰᠤᠭᠠᠷ ᠤᠯᠭᠤᠭᠰᠠᠨ ᠪᠠᠶᠢᠨ᠎ᠠ᠃ ᠡᠨᠡ ᠤᠳᠠᠭ᠎ᠠ ᠨᠡᠶᠢᠲᠡ 46663 ᠨᠡᠷ᠎ᠡ ᠬᠦᠴᠢᠷᠳᠡᠯᠲᠡᠶ ᠣᠯᠠᠨ ᠲᠦᠮᠡᠨ ᠳᠤ 2095.8 ᠲᠦᠮᠡᠨ ᠲᠥᠭᠦᠷᠢᠭ ᠤᠨ ᠠᠪᠤᠷᠠᠨ ᠲᠤᠰᠠᠯᠠᠬᠤ ᠨᠥᠬᠦᠪᠥᠷᠢ ᠮᠥᠩᠭᠦ ᠶᠢ ᠣᠯᠭᠤᠪᠠ᠂ ᠡᠭᠦᠨ ᠳᠤ᠂ 27190 ᠬᠥᠮᠦᠨ ᠳᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭᠠᠨ ᠤ ᠮᠥᠩᠭᠦ 1592.9 ᠲᠦᠮᠡᠨ ᠲᠥᠭᠦᠷᠢᠭ ᠢ ᠤᠯᠭᠤᠵᠤ᠂ 828  ᠬᠦᠮᠦᠨ ᠳᠤ ᠣᠨᠴᠠ ᠬᠦᠴᠢᠷᠳᠡᠯᠲᠡᠶ ᠬᠦᠮᠦᠰ  ᠤᠨ ᠠᠰᠠᠷᠠᠮᠵᠢ ᠶᠢᠨ ᠮᠦᠩᠬᠦ 165.6 ᠲᠦᠮᠡᠨ ᠲᠥᠭᠦᠷᠢᠭ ᠢ ᠣᠯᠭᠤᠵᠤ᠂ 8266 ᠬᠦᠮᠦᠨ ᠳᠤ  ᠵᠡᠮᠳᠡᠭᠴᠤᠳ  ᠤᠨ ᠬᠤᠶᠠᠷ ᠲᠦᠷᠦᠯ ᠤᠨ ᠨᠥᠬᠦᠪᠥᠷᠢ 206.65 ᠲᠦᠮᠡᠨ ᠲᠥᠭᠦᠷᠢᠭ ᠢ ᠤᠯᠭᠤᠵᠤ᠂ 8 ᠬᠡᠦᠬᠡᠳ ᠲᠤ ᠦᠨᠦᠴᠢᠨ ᠬᠡᠦᠭᠡᠳ ᠤᠨ ᠬᠠᠷᠠᠭᠠᠯᠵᠠᠯ ᠤᠨ ᠮᠥᠩᠭᠦ 3.39 ᠲᠦᠮᠡᠨ ᠲᠥᠭᠦᠷᠢᠭ ᠢ ᠤᠯᠭᠤᠵᠤ᠂  ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ 68 ᠬᠡᠦᠭᠡᠳ ᠲᠤ ᠠᠮᠢᠳᠤᠷᠠᠯ ᠤᠨ ᠨᠥᠬᠦᠪᠥᠷᠢ 20.76 ᠲᠦᠮᠡᠨ ᠲᠥᠭᠦᠷᠢᠭ ᠤᠯᠭᠤᠵᠤ᠂ ᠠᠮᠢᠳᠤᠷᠠᠯ ᠢᠶᠠᠨ ᠠᠷᠭᠠᠴᠠᠵᠤ ᠳᠡᠶᠢᠯᠬᠦ ᠦᠭᠡᠢ 1077 ᠨᠠᠰᠤᠲᠠᠶᠢᠴᠤᠳ ᠲᠤ ᠠᠰᠠᠷᠠᠨ ᠰᠤᠪᠢᠯᠠᠬᠤ ᠨᠥᠬᠦᠪᠥᠷᠢ 14.49 ᠲᠦᠮᠡᠨ ᠲᠥᠭᠦᠷᠢᠭ ᠢ ᠤᠯᠭᠤᠵᠤ᠂ ᠠᠵᠤ ᠠᠬᠤᠶ ᠶᠢᠨ ᠲᠠᠯ᠎ᠠ ᠪᠠᠷ ᠬᠦᠴᠢᠷᠳᠡᠯ ᠲᠠᠢ 9226 ᠨᠠᠰᠤᠲᠠᠶᠢᠴᠤᠳ ᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠥᠬᠦᠪᠥᠷᠢ 92.01 ᠲᠦᠮᠡᠨ ᠲᠥᠭᠦᠷᠢᠭ ᠢ ᠤᠯᠭᠤᠵᠠᠢ᠃ ᠳᠠᠷᠠᠭᠠᠴᠢ ᠶᠢᠨ ᠠᠯᠬᠤᠮ ᠳᠤ᠂ ᠲᠠᠶᠢᠹᠤᠰᠧ ᠬᠤᠰᠢᠭᠤᠨ ᠤ ᠬᠢᠨ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠦᠷᠭᠦᠯᠵᠢᠯᠡᠨ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠦᠴᠢᠷᠳᠡᠯᠲᠡᠢ ᠤᠯᠠᠨ ᠲᠦᠮᠡᠨ ᠤ ᠰᠠᠨᠠᠭᠠᠰᠢᠷᠠᠵᠤ ᠵᠤᠪᠠᠵᠤ ᠬᠦᠰᠡᠵᠦ ᠬᠠᠷᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠨ᠂ ᠬᠦᠴᠢᠷᠳᠡᠯᠲᠡᠢ ᠤᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠵᠤ᠂ ᠡᠯ᠎ᠡ ᠲᠦᠷᠦᠯ ᠤᠨ ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ ᠬᠢᠵᠦ᠂ ᠠᠷᠠᠳ ᠤᠯᠠᠨ ᠤ ᠠᠮᠤᠷ ᠲᠦᠪᠰᠢᠨ ᠤ ᠲᠦᠷᠦᠭᠳᠡᠯ᠂  ᠤᠯᠤᠯᠳᠠ ᠬᠦᠷᠲᠡᠮᠵᠢ ᠶᠢᠨ ᠲᠦᠷᠦᠭᠳᠡᠯ᠂ ᠠᠵᠠ ᠵᠢᠷᠭᠠᠯ ᠤᠨ ᠲᠦᠷᠦᠭᠳᠡᠯ ᠢ ᠲᠠᠰᠤᠷᠠᠯᠳᠠ ᠦᠭᠡᠢ  ᠨᠡᠮᠡᠭᠳᠡᠬᠦᠯᠬᠦ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号