ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠨᠡᠷ᠎ᠡ ᠪᠠᠨ ᠮᠡᠳᠡᠬᠦᠯᠪᠡ
ᠨᠡᠶᠢᠲᠡᠯᠡᠭᠰᠡᠨ ᠴᠠᠭ᠄
2025/1/14
  ᠤᠯᠤᠰ ᠲᠥᠷᠥ ᠶᠢᠨ ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯᠳᠤᠭᠠᠨ 1 ᠰᠠᠷ᠎ᠠ ᠶᠢᠨ 14 ᠤ ᠡᠳᠦᠷ ᠤᠨ ᠦᠳᠡ ᠶᠢᠨ ᠡᠮᠦᠨᠡᠬᠢ 9 ᠴᠠᠭ ᠳᠤ ᠵᠠᠰᠠᠭ ᠵᠠᠬᠢᠷᠭᠠᠨ ᠤ ᠲᠥᠪ ᠲᠤ ᠦᠪᠡᠳᠡᠭᠰᠢ ᠶᠡᠭᠡ ᠪᠠᠷ ᠡᠬᠢᠯᠡᠬᠦ ᠪᠣᠯᠤᠨ᠎ᠠ᠃ 1 ᠰᠠᠷ᠎ᠠ ᠶᠢᠨ 13 ᠤ ᠡᠳᠦᠷ᠂  ᠠᠷᠠᠳ ᠤᠯᠠᠨ ᠤ ᠬᠦᠰᠡᠯ ᠨᠠᠶᠢᠳᠠᠯᠭ᠎ᠠ ᠶᠢ ᠬᠦᠯᠢᠶᠡᠭᠰᠡᠨ ᠬᠤᠷᠠᠯ ᠳᠤ ᠤᠷᠤᠯᠴᠠᠬᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠨᠡᠷ᠎ᠡ ᠮᠡᠳᠡᠭᠦᠯᠬᠦ ᠭᠠᠵᠠᠷ ᠲᠤ ᠬᠦᠷᠴᠦ  ᠨᠡᠷ᠎ᠡ ᠪᠠᠨ ᠮᠡᠳᠡᠬᠦᠯᠵᠡᠬᠡᠯ᠎ᠡ᠃ ᠬᠤᠷᠠᠯ ᠤᠨ ᠬᠤᠭᠤᠴᠠᠭᠠᠨ ᠳᠤ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠯᠤᠰ ᠲᠦᠷᠦ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠵᠠᠰᠠᠭ ᠤᠨ ᠶᠠᠪᠤᠳᠠᠯ ᠢ ᠵᠥᠪᠯᠡᠬᠦ ᠦᠢᠯᠡᠳᠦᠯ ᠴᠢᠳᠠᠮᠵᠢ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠶᠡᠭᠡ ᠬᠤᠷᠠᠯ ᠤᠨ ᠡᠯ᠎ᠡ ᠵᠦᠢᠯ ᠤᠨ ᠵᠥᠪᠯᠡᠬᠦ ᠵᠦᠢᠯ ᠤᠨ ᠲᠣᠭᠤᠷᠢᠨ ᠳᠤ ᠡᠭᠦᠷᠭᠡ ᠲᠤᠰᠢᠶᠠᠯ ᠢᠶᠠᠨ ᠢᠳᠡᠪᠬᠢᠲᠡᠢ ᠬᠦᠢᠴᠡᠳᠭᠡᠨ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠪᠣᠯᠤᠨ᠎ᠠ᠃    ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠵᠤᠤ ᠲᠤᠤ᠄ ︽ᠪᠢ ᠪᠣᠯ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠠᠴᠠ ᠢᠷᠡᠭᠰᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠡᠨᠡ ᠤᠳᠠᠭ᠎ᠠ ᠰᠤᠷᠭᠠᠨ ᠬᠦᠮᠦᠵᠢᠯ  ᠤᠨ ᠲᠤᠬᠠᠶᠢᠳᠠᠢ ᠰᠠᠨᠠᠯ ᠲᠤᠷᠠᠳᠤᠯᠭ᠎ᠠ ᠪᠠᠨ ᠲᠡᠪᠰᠢᠬᠦᠯᠬᠦ ᠪᠠᠷ ᠪᠠᠶᠢᠨ᠎ᠠ  ︾᠃     ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠵᠠᠩ ᠱᠧᠩ ᠮᠧᠩ᠄ ︽ᠡᠨᠡ ᠵᠢᠯ ᠪᠢ ᠬᠤᠶᠠᠷ ᠬᠤᠪᠢ ᠰᠠᠨᠠᠯ ᠳᠤᠷᠠᠳᠤᠯᠭ᠎ᠠ ᠶᠢ ᠲᠡᠪᠰᠢᠬᠦᠯᠬᠦ ᠪᠠᠷ ᠪᠠᠶᠢᠭ᠎ᠠ᠂  ᠲᠤᠬᠠᠶᠢᠯᠠᠪᠠᠯ ᠢᠳᠡᠭᠡᠨ ᠤᠮᠳᠠᠭᠠᠨ ᠤ ᠬᠡᠷᠡᠭᠯᠡᠭᠡᠨ ᠤ ᠬᠦᠴᠦᠨ ᠤ ᠨᠡᠮᠡᠭᠳᠡᠯ ᠢ ᠠᠬᠢᠭᠤᠯᠬᠤ ᠲᠤᠬᠠᠶ ᠰᠠᠨᠠᠯ ᠳᠤᠷᠠᠳᠤᠯᠭ᠎ᠠ  ᠪᠠ  ᠲᠠᠷᠢᠶᠠᠨ ᠦᠷ᠎ᠡ ᠶᠢᠨ ᠵᠠᠬ᠎ᠠ ᠲᠡᠯᠬᠡᠬᠦᠷ ᠤᠨ ᠪᠣᠷᠣᠯᠠᠭᠤᠯᠭ᠎ᠠ ᠶᠢ ᠲᠦᠷᠢᠮᠵᠢᠬᠦᠯᠬᠦ ᠲᠤᠬᠠᠶ ᠰᠠᠨᠠᠯ ᠳᠤᠷᠠᠳᠤᠯᠭ᠎ᠠ ᠪᠣᠯᠤᠨ᠎ᠠ᠃ ᠢᠳᠡᠭᠡᠨ ᠤᠮᠳᠠᠭᠠᠨ ᠪᠣᠯ  ᠠᠷᠠᠳ ᠢᠷᠭᠡᠳ ᠤᠨ ᠡᠳᠦᠷ ᠲᠤᠲᠤᠮ ᠤᠨ ᠬᠡᠷᠡᠭᠯᠡᠭᠡᠨ ᠤ ᠴᠢᠬᠤᠯᠠ ᠪᠦᠷᠢᠯᠳᠦᠬᠦᠨ ᠬᠡᠰᠡᠭ  ᠂ ᠲᠡᠷᠡ ᠨᠢ ᠵᠥᠪᠬᠡᠨ ᠬᠥᠮᠦᠰ ᠤᠨ ᠡᠳᠦᠷ ᠲᠤᠲᠤᠮ ᠤᠨ ᠠᠮᠢᠳᠤᠷᠠᠯ ᠤᠨ ᠢᠳᠡᠵᠦ ᠤᠤᠭᠤᠬᠤ ᠬᠡᠷᠡᠭᠴᠡᠭᠡ ᠶᠢ ᠬᠠᠩᠭᠠᠬᠤ ᠲᠡᠳᠦᠢ ᠪᠢᠰᠢ᠂ ᠨᠠᠩ ᠴᠤ ᠠᠵᠤ ᠠᠬᠤᠶ ᠬᠢᠭᠡᠳ ᠨᠡᠶᠢᠭᠡᠮ ᠤᠨ ᠬᠥᠭᠵᠢᠯᠲᠡ ᠶᠢ ᠬᠤᠯᠪᠣᠬᠤ ᠴᠢᠬᠤᠯᠠ ᠬᠤᠯᠪᠣᠭᠠᠰᠤ ᠪᠣᠯᠬᠤᠷ ᠬᠡᠷᠡᠭᠯᠡᠭᠡ ᠶᠢ ᠬᠥᠭᠵᠢᠭᠡᠵᠦ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠨᠢ ᠨᠠᠩ ᠴᠢᠬᠤᠯᠠ ᠶᠤᠮ᠃  ᠡᠨᠡ ᠤᠳᠠᠭᠠᠨ ᠤ ᠶᠡᠭᠡ ᠬᠤᠷᠠᠯ ᠢᠶᠠᠷ ᠳᠡᠮᠵᠢᠨ᠂ ᠮᠠᠨ ᠤ ᠬᠤᠰᠢᠭᠤᠨ ᠤ ᠠᠵᠤ ᠠᠬᠤᠶ ᠶᠢᠨ ᠬᠥᠭᠵᠢᠯᠲᠡ ᠵᠢᠴᠢ ᠠᠷᠠᠳ ᠤᠨ ᠠᠮᠢᠳᠤᠷᠠᠯ ᠤᠨ ᠦᠢᠯᠡᠴᠢᠯᠡᠭᠡ ᠶᠢ ᠦᠨᠡᠨᠬᠦ ᠠᠬᠢᠭᠤᠯᠵᠤ᠂ ᠣᠯᠠᠨ ᠲᠦᠮᠡᠨ ᠤ ᠪᠣᠳᠠᠲᠠᠶ ᠠᠰᠠᠭᠤᠳᠠᠯ ᠢ ᠰᠢᠢᠳᠪᠦᠷᠢᠯᠡᠬᠦ ᠶᠢ ᠬᠦᠰᠡᠵᠦ ᠪᠠᠶᠢᠨ᠎ᠠ︾᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号