ᠤᠯᠤᠰ ᠲᠥᠷᠥ ᠶᠢᠨ ᠵᠥᠪᠯᠡᠯᠭᠡᠨ ᠤ ᠰᠠᠨᠠᠯ ᠲᠤᠷᠠᠳᠤᠯᠭ᠎ᠠ ᠶᠢ ᠬᠢᠨᠠᠨ ᠪᠠᠶᠢᠴᠠᠭᠠᠬᠤ ᠵᠦᠪᠯᠡᠯ ᠤᠨ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2025/1/14
 1 ᠰᠠᠷ᠎ᠠ ᠶᠢᠨ 13 ᠤ ᠡᠳᠦᠷ ᠤᠨ ᠦᠳᠡ ᠶᠢᠨ ᠬᠤᠶᠢᠨ᠎ᠠ᠂ ᠤᠯᠤᠰ ᠲᠥᠷᠥ ᠶᠢᠨ ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯᠳᠤᠭᠠᠨ ᠤ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠬᠤ ᠵᠥᠪᠯᠡᠯ ᠤᠨ ᠠᠩᠬᠠᠳᠤᠭᠠᠷ ᠬᠤᠷᠠᠯ ᠬᠤᠷᠠᠯᠳᠤᠵᠤ᠂ ᠤᠯᠤᠰ ᠲᠥᠷᠥ ᠶᠢᠨ ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯᠳᠤᠭᠠᠨ ᠤ  ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠪᠠ᠃ 1 ᠰᠠᠷ᠎ᠠ ᠶᠢᠨ 13 ᠤ ᠡᠳᠦᠷ ᠤᠨ 17 ᠴᠠᠭ ᠪᠣᠯᠲᠠᠯ᠎ᠠ᠂ ᠶᠡᠭᠡ ᠬᠤᠷᠠᠯ ᠨᠢ ᠨᠡᠶᠢᠲᠡ 65 ᠬᠤᠪᠢ ᠰᠠᠨᠠᠯ ᠳᠤᠷᠠᠳᠤᠯᠭ᠎ᠠ ᠶᠢ ᠭᠥᠯᠢᠶᠡᠨ ᠠᠪᠴᠤ᠂ ᠬᠢᠨᠠᠨ ᠪᠠᠶᠢᠴᠠᠭᠠᠬᠤ ᠪᠠᠷ  ᠲᠠᠮᠵᠢᠭᠠᠳ 65 ᠬᠤᠪᠢ ᠶᠢ ᠬᠡᠷᠡᠭ ᠪᠣᠯᠭᠠᠨ ᠲᠠᠩᠰᠠᠯᠠᠵᠠᠢ᠃  ᠡᠳᠡᠭᠡᠷ ᠰᠠᠨᠠᠯ ᠳᠤᠷᠠᠳᠤᠯᠭ᠎ᠠ ᠶᠢᠨ ᠬᠤᠯᠪᠣᠭᠳᠠᠬᠤ ᠬᠡᠪᠴᠢᠶ᠎ᠡ ᠨᠢ ᠥᠷᠭᠡᠨ᠂ ᠬᠠᠨᠳᠤᠯᠭᠠᠲᠤ ᠴᠢᠨᠠᠷ ᠢᠶᠠᠷ ᠴᠢᠩᠭ᠎ᠠ  ᠂ ᠰᠤᠩᠭᠤᠭᠰᠠᠨ ᠰᠡᠳᠦᠪ ᠨᠢ ᠣᠨᠣᠪᠴᠢᠲᠠᠢ᠂ ᠠᠭᠤᠯᠭ᠎ᠠ ᠨᠢ ᠨᠡᠩ ᠪᠠᠶᠠᠯᠢᠭ ᠪᠠᠶᠢᠵᠤ᠂ ᠲᠠᠶᠢᠹᠤᠰᠧ ᠬᠤᠰᠢᠭᠤᠨ ᠤ ᠠᠵᠤ ᠠᠬᠤᠢ ᠶᠢᠨ ᠬᠥᠭᠵᠢᠯᠲᠡ᠂ ᠬᠤᠲᠠ ᠬᠥᠳᠡᠭᠡ ᠶᠢᠨ ᠪᠠᠶᠢᠭᠤᠯᠤᠯᠲᠠ᠂ ᠨᠡᠶᠢᠭᠡᠮ ᠤᠨ ᠦᠢᠯᠡᠰ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠵᠡᠷᠭᠡ ᠲᠠᠯ᠎ᠠ ᠳᠤ ᠬᠤᠯᠪᠤᠭᠳᠠᠵᠤ᠂ ᠠᠷᠠᠳ ᠣᠯᠠᠨ ᠤ ᠬᠦᠰᠡᠯ  ᠱᠠᠭᠠᠷᠳᠠᠯᠭ᠎ᠠ ᠪᠠ ᠰᠡᠳᠬᠢᠯ ᠤᠨ ᠳᠠᠭᠤᠨ ᠢ ᠲᠤᠰᠬᠠᠭᠠᠳ᠂ ᠪᠥᠬᠦ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠵᠠᠰᠠᠭ ᠤᠨ ᠶᠠᠪᠤᠳᠠᠯ ᠳᠤ ᠤᠷᠤᠯᠴᠠᠨ ᠵᠠᠰᠠᠭ ᠤᠨ ᠶᠠᠪᠤᠳᠠᠯ ᠢ ᠵᠦᠪᠯᠡᠬᠦ ᠣᠷᠭᠢᠯᠤᠮ᠎ᠠ ᠬᠠᠯᠠᠭᠤᠨ ᠤᠷᠮ᠎ᠠ ᠰᠡᠳᠬᠢᠯᠭᠡ ᠪᠠ ᠡᠭᠦᠷᠭᠡ ᠬᠠᠷᠢᠭᠤᠴᠠᠯᠭ᠎ᠠ ᠶᠢ ᠢᠯᠡᠷᠡᠭᠦᠯᠦᠭᠰᠡᠨ ᠪᠠᠶᠢᠨ᠎ᠠ᠃ ᠰᠠᠨᠠᠯ ᠲᠤᠷᠠᠳᠤᠯᠭ᠎ᠠ ᠶᠢᠨ ᠺᠤᠮᠢᠰ ᠨᠢ ᠬᠦᠯᠢᠶᠡᠨ ᠠᠪᠤᠭᠰᠨ᠎ᠠ ᠰᠠᠨᠠᠯ ᠲᠤᠷᠠᠳᠤᠯᠭ᠎ᠠ ᠶᠢ ᠨᠠᠷᠢᠨ ᠨᠢᠮᠪᠠᠢ ᠡᠮᠬᠢᠯᠡᠨ ᠲᠢᠭᠯᠡᠬᠦ ᠶᠢᠨ ᠬᠠᠮᠳᠤ ᠲᠥᠷᠥᠯ  ᠬᠤᠪᠢᠶᠠᠵᠤ᠂ ᠬᠢᠨᠠᠨ ᠪᠠᠶᠢᠴᠠᠭᠠᠬᠤ ᠪᠣᠯᠤᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号