ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠦᠰᠡᠯ ᠡᠷᠡᠮᠡᠯᠵᠡᠯ ᠢ ᠠᠴᠢᠶᠠᠯᠠᠵᠤ᠂ ᠪᠦᠭᠦ ᠬᠤᠰᠢᠭᠤᠨ ᠤ ᠠᠷᠠᠳ | ᠲᠦᠮᠡᠨ ᠤ ᠬᠦᠨᠳᠦ ᠨᠠᠶᠢᠳᠠᠯᠭ᠎ᠠ ᠶᠢ ᠬᠦᠯᠢᠶᠡᠭᠰᠡᠨ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ | ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠲᠦᠷᠪᠡᠳᠦᠭᠡᠷ | ᠬᠤᠷᠠᠯᠳᠤᠭᠠᠨ 1 ᠰᠠᠷ᠎ᠠ ᠶᠢᠨ14 ᠤ ᠦᠳᠡ ᠶᠢᠨ ᠡᠮᠦᠨ᠎ᠡ ᠦᠪᠡᠳᠡᠭᠰᠢ ᠶᠡᠬᠡᠪᠡᠷ ᠡᠬᠢᠯᠡᠯ᠎ᠡ᠃ ᠬᠤᠰᠢᠭᠤ ᠨᠠᠮ ᠤᠨ | ᠬᠤᠷᠢᠶᠠᠨ ᠤ ᠱᠦᠵᠢ᠂ ᠬᠤᠰᠢᠭᠤ ᠳᠠᠷᠤᠭ᠎ᠠ ᠴᠧᠨ ᠶᠠᠨ ᠪᠦᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠠᠨ ᠷᠦᠢ᠂ ᠬᠤᠰᠢᠭᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠪᠠ ᠵᠠᠰᠠᠭ ᠤᠨ ᠣᠷᠳᠣᠨ ᠤ ᠤᠳᠤᠷᠢᠳᠤᠯᠭ᠎ᠠ᠂ ᠰᠢᠭᠦᠬᠦ ᠬᠤᠷᠢᠶ᠎ᠠ᠂ | ᠪᠠᠶᠢᠴᠠᠭᠠᠬᠤ ᠬᠤᠷᠢᠶᠠᠨ ᠤ ᠳᠠᠷᠤᠭ᠎ᠠ ᠤᠷᠢᠯᠭ᠎ᠠ ᠪᠠᠷ ᠬᠤᠷᠠᠯ ᠳᠤ ᠤᠷᠤᠯᠴᠠᠵᠤ ᠲᠡᠷᠢᠭᠦᠯᠡᠭᠴᠢ ᠶᠢᠨ ᠲᠠᠶᠢᠰᠠᠨ ᠳᠤ | ᠰᠠᠭᠠᠲᠠᠪᠠ᠃ ᠡᠨᠡ ᠤᠳᠠᠭᠠᠨ ᠤ ᠶᠡᠭᠡ ᠬᠤᠷᠠᠯ ᠳᠤ ᠤᠷᠤᠯᠴᠠᠬᠤ ᠶᠤᠰᠤᠳᠠᠢ ᠭᠡᠰᠢᠬᠦᠨ 166 ᠬᠦᠮᠦᠨ᠂ | ᠪᠤᠳᠠᠳᠠᠢ ᠣᠷᠣᠯᠴᠠᠭᠰᠠᠨ ᠨᠢ 131 ᠬᠥᠮᠥᠨ ᠪᠠᠶᠢᠵᠤ᠂ ︽ᠳᠤᠮᠳᠠᠳᠤ ᠤᠯᠤᠰ ᠤᠨ ᠠᠷᠠᠳ ᠤᠨ ᠤᠯᠤᠰ | ᠲᠦᠷᠦ ᠶᠢᠨ ᠵᠥᠪᠯᠡᠯᠭᠡᠨ ᠤ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠵᠡᠢ᠃ ᠤᠯᠤᠰ | ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠢ ᠵᠢᠦ ᠴᠧᠩ ᠬᠤᠷᠠᠯ ᠡᠷᠬᠢᠯᠡᠵᠦ᠂ ᠤᠯᠤᠰ ᠲᠥᠷᠥ ᠶᠢᠨ | ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠬᠦᠯᠡᠭᠴᠢ ᠶᠠᠩ ᠶᠢᠨ ᠮᠢᠩ ᠤᠯᠤᠰ | ᠲᠥᠷᠥ ᠶᠢᠨ ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ | ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠠᠵᠢᠯ ᠤᠨ ᠢᠯᠡᠳᠬᠡᠯ ᠬᠢᠪᠡ᠃ ᠢᠯᠡᠳᠬᠡᠯ ᠳᠤ᠂ ᠥᠩᠭᠡᠷᠡᠭᠰᠡᠨ ᠨᠢᠭᠡ | ᠵᠢᠯ ᠳᠤ᠂ ᠬᠤᠰᠢᠭᠤ ᠨᠠᠮ ᠤᠨ ᠬᠤᠷᠢᠶᠠᠨ ᠤ ᠪᠠᠲᠤ ᠤᠳᠤᠷᠢᠳᠤᠯᠭ᠎ᠠ ᠂ ᠬᠤᠰᠢᠭᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠤ ᠬᠦᠴᠦᠲᠡᠢ ᠳᠡᠮᠵᠢᠯᠭᠡ ᠲᠤᠤᠷ᠎ᠠ ᠂ ᠬᠤᠰᠢᠭᠤ | ᠤᠯᠤᠰ ᠲᠦᠷᠦ ᠶᠢᠨ ᠵᠥᠪᠯᠡᠯᠭᠡᠨ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠨᠢ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠣᠯᠭᠠᠬᠤ ᠶᠢ ᠪᠠᠷᠢᠮᠳᠠᠯᠠᠨ᠂ ᠲᠤᠰᠬᠠᠢ ᠵᠥᠪᠯᠡᠬᠦ ᠪᠠᠶᠢᠭᠤᠯᠤᠮᠵᠢ ᠶᠢᠨ ᠴᠢᠬᠤᠯᠠ ᠦᠢᠯᠡᠳᠦᠯ ᠢᠶᠠᠨ ᠭᠦᠢᠴᠡᠳ | ᠪᠠᠳᠠᠷᠠᠭᠤᠯᠵᠤ᠂ ᠤᠯᠤᠰ ᠲᠦᠷᠦ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ | ᠶᠠᠪᠤᠳᠠᠯ ᠳᠤ ᠣᠷᠣᠯᠴᠠᠨ ᠵᠠᠰᠠᠭ ᠤᠨ ᠶᠠᠪᠤᠳᠠᠯ ᠢ ᠵᠥᠪᠯᠡᠬᠦ ᠡᠭᠦᠷᠭᠡ ᠴᠢᠳᠠᠪᠬᠢ ᠪᠠᠨ ᠨᠠᠷᠢᠨ ᠬᠢᠨᠠᠮᠠᠭᠠᠢ ᠬᠦᠢᠴᠡᠳᠭᠡᠨ | ᠤᠯᠤᠰ ᠲᠦᠷᠦ ᠶᠢᠨ ᠵᠥᠪᠯᠡᠯᠭᠡᠨ ᠤ ᠪᠠᠶᠢᠷᠢ ᠰᠠᠭᠤᠷᠢ ᠪᠠᠨ ᠡᠵᠡᠮᠳᠡᠵᠦ᠂ ᠤᠯᠤᠰ ᠲᠦᠷᠦ ᠶᠢᠨ ᠵᠥᠪᠯᠡᠯᠭᠡᠨ ᠤ ᠬᠢᠷᠢ | ᠴᠢᠳᠠᠪᠤᠷᠢ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠵᠥᠪᠯᠡᠯᠭᠡᠨ ᠤ ᠵᠢᠳᠬᠦᠯ ᠴᠢᠷᠮᠠᠶᠢᠯᠭ᠎ᠠ ᠪᠠᠨ ᠢᠯᠡᠷᠡᠭᠦᠯᠵᠦ᠂ | ᠬᠠᠮᠲᠤ ᠶᠢᠨ ᠲᠠᠨᠢᠯᠲᠠ ᠶᠢ ᠤᠯᠠᠮ ᠨᠢᠬᠳᠠᠷᠠᠭᠤᠯᠤᠨ᠂ ᠣᠳᠣᠬᠢᠴᠢᠯᠠᠭᠰᠠᠨ ᠲᠠᠶᠢᠹᠤᠰᠧ ᠬᠤᠰᠢᠭᠤ ᠶᠢ ᠪᠦᠬᠦ ᠲᠠᠯ᠎ᠠ ᠪᠠᠷ | ᠪᠠᠶᠢᠭᠤᠯᠬᠤ ᠶᠠᠪᠤᠴᠠ ᠳᠤ ᠰᠢᠨ᠎ᠡ ᠠᠮᠵᠢᠯᠳᠠ ᠵᠢᠳᠬᠦᠯ ᠢ ᠭᠠᠷᠭᠠᠭᠰᠠᠨ ᠪᠠᠶᠢᠨ᠎ᠠ᠃ 2025 ᠤᠨ ᠳᠤ᠂ ᠬᠤᠰᠢᠭᠤ | ᠤᠯᠤᠰ ᠲᠥᠷᠥ ᠶᠢᠨ ᠵᠥᠪᠯᠡᠯᠭᠡᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠤᠯᠭᠠᠨ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠤᠯ ᠰᠢᠵᠢᠮ ᠪᠣᠯᠭᠠᠵᠤ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠶᠢᠹᠤᠰᠧ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ | ᠬᠤᠷᠢᠶᠠᠨ ᠤ ᠠᠷᠪᠠᠳᠤᠭᠠᠷ ᠪᠥᠬᠦᠳᠡ ︵ᠥᠷᠭᠡᠳᠬᠡᠭᠰᠡᠨ︶ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ | ᠠᠵᠢᠯ ᠤᠨ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ | ᠠᠷᠠᠳᠴᠢᠯᠠᠯ ᠢ ᠪᠠᠳᠠᠷᠠᠭᠤᠯᠬᠤ ᠪᠠ ᠪᠦᠯᠬᠦᠮᠳᠡᠯ ᠢ ᠴᠢᠩᠭᠠᠳᠬᠠᠬᠤ᠂ ᠰᠠᠨᠠᠯ ᠳᠤᠷᠠᠳᠴᠤ ᠵᠠᠰᠠᠭ ᠲᠤ ᠲᠤᠰᠠᠯᠠᠬᠤ ᠪᠠ | ᠬᠠᠮᠲᠤ ᠶᠢᠨ ᠲᠠᠨᠢᠯᠲᠠ ᠶᠢ ᠨᠢᠬᠳᠠᠷᠠᠭᠤᠯᠬᠤ᠂ ᠤᠯᠤᠰ ᠲᠥᠷᠥ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ | ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠵᠠᠰᠠᠭ ᠤᠨ ᠶᠠᠪᠤᠳᠠᠯ ᠢ ᠵᠥᠪᠯᠡᠬᠦ ᠬᠢᠷᠢ ᠲᠦᠪᠰᠢᠨ ᠢᠶᠠᠨ | ᠲᠠᠰᠤᠷᠠᠯᠲᠠ ᠥᠬᠡᠶ ᠳᠡᠭᠡᠭᠰᠢᠯᠡᠭᠦᠯᠵᠦ᠂ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠪᠠ | ᠪᠦᠯᠬᠦᠮᠳᠡᠨ ᠲᠡᠮᠡᠴᠡᠬᠦ ᠴᠢᠩᠭ᠎ᠠ ᠪᠣᠳᠠᠲᠠᠶ ᠤᠪᠤᠷ ᠰᠤᠷᠲᠠᠯ ᠢᠶᠠᠷ ᠬᠤᠰᠢᠭᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠲᠣᠭᠲᠠᠭᠠᠭᠰᠠᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ | ᠡᠷᠭᠦᠨ᠎ᠡ ᠬᠡᠵᠦ ᠵᠢᠭᠠᠨ ᠭᠠᠷᠭᠠᠰᠭᠠᠨ ᠪᠠᠶᠢᠨ᠎ᠠ᠃ ᠤᠯᠤᠰ ᠲᠦᠷᠦ ᠶᠢᠨ ᠵᠥᠪᠯᠡᠯᠭᠡᠨ ᠤ ᠲᠡᠳ᠋ ᠲᠡᠷᠢᠬᠦᠯᠡᠭᠴᠢ ᠢᠦᠢ | ᠴᠧᠩ ᠬᠦᠸᠧ ᠤᠯᠤᠰ ᠲᠦᠷᠦ ᠶᠢᠨ ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠨ ᠨᠢᠭᠡᠳᠦᠭᠡᠷ | ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠠᠷᠪᠠᠨ ᠨᠢᠭᠡᠳᠦᠭᠡᠷ ᠬᠤᠭᠤᠴᠠᠭᠠᠨ ᠤ | ᠭᠤᠷᠪᠠᠳᠤᠭᠠᠷ ᠬᠤᠷᠠᠯᠳᠤᠭᠠᠨ ᠠᠴᠠ ᠨᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠢᠯᠡᠳᠭᠡᠯ ᠬᠢᠵᠦ᠂ ᠬᠤᠰᠢᠭᠤ | ᠨᠠᠮ ᠤᠨ ᠬᠤᠷᠢᠶᠠᠨ ᠤ ᠳᠡᠳ᠋ ᠱᠦᠵᠢ ᠳ᠋ᠠᠢ ᡁᠢ ᠷᠦᠢ ᠬᠤᠰᠢᠭᠤ ᠨᠠᠮ ᠤᠨ ᠬᠤᠷᠢᠶ᠎ᠠ ᠶᠢ ᠲᠦᠯᠦᠭᠡᠯᠡᠨ ᠶᠡᠭᠡ | ᠬᠤᠷᠠᠯ ᠤᠨ ᠠᠮᠵᠢᠯᠳᠠᠳᠠᠢ ᠬᠤᠷᠠᠯᠳᠤᠭᠰᠠᠨ ᠳᠤ ᠪᠠᠶᠠᠷ ᠬᠦᠷᠭᠡᠪᠡ᠃ ᠳ᠋ᠠᠢ ᡁᠢ ᠷᠦᠢ ᠶᠠᠷᠢᠶᠠᠨ ᠳᠠᠭᠠᠨ᠂ ᠨᠢᠭᠡ | ᠵᠢᠯ ᠤᠨ ᠲᠤᠷᠰᠢ ᠬᠤᠰᠢᠭᠤ ᠤᠯᠤᠰ ᠲᠥᠷᠥ ᠶᠢᠨ ᠵᠥᠪᠯᠡᠯᠭᠡᠨ ᠨᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ | ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠭᠡᠷᠡᠭᠵᠢᠬᠦᠯᠬᠦ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ | ᠰᠢᠯᠢᠳᠡᠭᠵᠢᠭᠦᠯᠬᠦ ᠵᠡᠷᠭᠡ ᠭᠤᠤᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠲᠥᠷᠥ ᠶᠢᠨ | ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠵᠠᠰᠠᠭ ᠤᠨ | ᠶᠠᠪᠤᠳᠠᠯ ᠢ ᠵᠥᠪᠯᠡᠬᠦ ᠡᠭᠦᠷᠭᠡ ᠴᠢᠳᠠᠪᠤᠷᠢ ᠪᠠᠨ ᠬᠢᠨᠠᠮᠠᠭᠠᠢ ᠬᠦᠢᠴᠡᠳᠭᠡᠨ᠂ ᠮᠠᠰᠢ ᠣᠯᠠᠨ ᠦᠨᠳᠦᠷᠴᠡ ᠲᠠᠢ ᠬᠦᠨᠴᠡ | ᠲᠠᠢ ᠰᠠᠨᠠᠯ ᠲᠤᠷᠠᠳᠤᠯᠭ᠎ᠠ ᠶᠢ ᠲᠡᠪᠰᠢᠬᠦᠯᠵᠦ᠂ ᠮᠠᠰᠢ ᠣᠯᠠᠨ ᠠᠷᠠᠳ ᠢᠷᠭᠡᠳ ᠤᠨ ᠰᠡᠳᠬᠢᠯ ᠳᠤ ᠬᠦᠷᠦᠭᠰᠡᠨ | ᠪᠣᠳᠠᠲᠤ ᠶᠠᠪᠤᠳᠠᠯ ᠰᠠᠶᠢᠨ ᠶᠠᠪᠤᠳᠠᠯ ᠤᠨ ᠪᠡᠶᠡᠯᠡᠭᠳᠡᠬᠦ ᠶᠢ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠶ | ᠨᠡᠶᠢᠭᠡᠮ ᠤᠨ ᠬᠥᠭᠵᠢᠯᠲᠡ ᠳᠤ ᠶᠡᠭᠡᠭᠡᠨ ᠬᠤᠪᠢ ᠨᠡᠮᠡᠷᠢ ᠦᠵᠡᠬᠦᠯᠵᠡᠢ᠃ 2025 ᠳᠤ᠂ ᠬᠤᠰᠢᠭᠤ ᠤᠯᠤᠰ | ᠲᠥᠷᠥ ᠶᠢᠨ ᠵᠥᠪᠯᠡᠯᠭᠡᠨ ᠪᠠ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠨᠢ ᠡᠷᠭᠡᠪᠰᠢ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠭᠤᠤᠯᠳᠠᠯᠭ᠎ᠠ ᠲᠠᠢ ᠠᠵᠢᠯ ᠤᠨ | ᠲᠣᠭᠤᠷᠢᠨ ᠳᠤ ᠭᠦᠨᠵᠡᠭᠡᠶ ᠪᠠᠶᠢᠴᠠᠭᠠᠨ ᠰᠤᠳᠤᠯᠤᠯᠲᠠ ᠬᠢᠬᠦ᠂ ᠵᠠᠰᠠᠭ ᠤᠨ ᠶᠠᠪᠤᠳᠠᠯ ᠳᠤ ᠤᠷᠤᠯᠴᠠᠨ ᠵᠠᠰᠠᠭ ᠤᠨ | ᠶᠠᠪᠤᠳᠠᠯ ᠢ ᠵᠥᠪᠯᠡᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠠᠵᠢᠯ ᠢ ᠬᠦᠨᠵᠡᠬᠡᠢ ᠥᠷᠨᠢᠭᠦᠯᠵᠦ᠂ ᠬᠤᠰᠢᠭᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠳᠦ ᠪᠣᠳᠣᠯᠭ᠎ᠠ | ᠲᠣᠭᠲᠠᠭᠠᠬᠤ ᠳᠤ ᠢᠯᠡᠭᠦᠬᠡᠨ ᠰᠠᠨᠠᠯ ᠰᠠᠨᠠᠭᠤᠯᠭ᠎ᠠ ᠳᠤᠷᠠᠳᠴᠤ᠂ ᠢᠯᠡᠭᠦᠬᠡᠨ ᠠᠷᠭ᠎ᠠ ᠪᠣᠳᠣᠯᠭ᠎ᠠ ᠲᠡᠪᠰᠢᠬᠦᠯᠬᠦ | ᠬᠡᠷᠡᠭᠲᠡᠶ᠃ ᠦᠨᠳᠦᠰᠦᠨ ᠱᠠᠲᠤᠨ ᠳᠤ ᠬᠦᠨᠵᠡᠬᠡᠶᠢᠷᠡᠵᠦ ᠠᠷᠠᠳ ᠤᠨ ᠪᠠᠶᠢᠳᠠᠯ ᠢ ᠤᠶᠢᠯᠠᠭᠠᠨ᠂ ᠠᠷᠠᠳ ᠤᠯᠠᠨ ᠤ | ᠬᠦᠰᠡᠯ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠦᠷ᠎ᠡ | ᠪᠦᠲᠦᠮᠵᠢ ᠶᠢ ᠲᠠᠰᠤᠷᠠᠯᠲᠠ ᠦᠭᠡᠢ ᠨᠡᠮᠡᠭᠳᠡᠭᠦᠯᠦᠨ᠂ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠰᠢᠨ᠎ᠡ | ᠪᠠᠶᠢᠳᠠᠯ ᠢ ᠴᠢᠷᠮᠠᠶᠢᠨ ᠡᠭᠦᠳᠴᠦ᠂ ᠲᠠᠶᠢᠹᠤᠰᠧ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ | ᠬᠠᠭᠤᠳᠠᠰᠤ ᠶᠢ ᠪᠢᠴᠢᠭᠯᠡᠬᠦ ᠪᠠᠷ ᠴᠢᠷᠮᠠᠶᠢᠬᠤ ᠭᠡᠷᠡᠭᠳᠡᠢ ᠬᠡᠵᠦ ᠵᠢᠭᠠᠨ ᠭᠠᠷᠭᠠᠭᠰᠨᠠ ᠪᠠᠶᠢᠨ᠎ᠠ᠃ ᠶᠡᠭᠡ ᠬᠤᠷᠠᠯ | ᠲᠡᠭᠡᠷ᠎ᠡ᠂ ᠬᠠᠮᠢᠶ᠎ᠠ ᠪᠦᠬᠦᠢ ᠠᠵᠢᠯᠳᠠᠨ ᠤ ᠶᠠᠪᠤᠳᠠᠯ ᠤᠨ ᠲᠤᠳᠤᠷᠬᠠᠶᠢᠯᠠᠯᠳᠠ᠂ ᠶᠡᠭᠡ ᠬᠤᠷᠠᠯ ᠤᠨ | ᠰᠣᠩᠭᠤᠭᠤᠯᠢ ᠶᠢᠨ ᠠᠷᠭ᠎ᠠ ︵ᠲᠥᠰᠦᠯ︶ ᠶᠢᠨ ᠲᠤᠬᠠᠢ ᠲᠣᠳᠣᠷᠬᠠᠶᠢᠯᠠᠯᠲᠠ ᠶᠢ ᠰᠤᠨᠤᠰᠴᠠᠢ᠃ ᠬᠤᠰᠢᠭᠤᠨ ᠤ | ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠨᠠᠷ ᠪᠠ ᠠᠵᠤ ᠠᠬᠤᠶᠢᠯᠠᠯ ᠤᠨ ᠡᠲᠡᠭᠡᠳ ᠤᠨ ᠲᠥᠯᠥᠭᠡᠯᠡᠭᠴᠢ | ᠬᠤᠷᠠᠯ ᠳᠤ ᠰᠤᠯᠠ ᠣᠷᠣᠯᠴᠠᠪᠠ᠃ |