ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠪᠡᠯᠡᠳᠬᠡᠯ ᠬᠤᠷᠠᠯ ᠠᠴᠠ ︽ᠲᠠᠶᠢᠹᠤᠰᠧ ᠬᠤᠰᠢᠭᠤᠨ ᠤ ᠠᠷᠪᠠᠨ | ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ | ᠬᠤᠷᠠᠯᠳᠤᠭᠠᠨ ᠤ ᠵᠥᠪᠯᠡᠬᠦ ᠵᠦᠢᠯ︾ ︵ᠲᠥᠰᠦᠯ︶ ᠢ ᠪᠠᠲᠤᠯᠠᠪᠠ᠂ ᠡᠨᠡ ᠵᠢᠯ ᠤᠨ ᠵᠦᠪᠯᠡᠬᠦ ᠵᠦᠢᠯ ᠳᠤ ᠡᠲᠡᠭᠡᠷ | ᠠᠭᠤᠯᠭ᠎ᠠ ᠤᠳ ᠪᠠᠶᠢᠭ᠎ᠠ᠄ | ᠨᠢᠭᠡ᠂ ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠰᠣᠨᠣᠰᠴᠤ | ᠬᠢᠨᠠᠨ ᠵᠦᠪᠯᠡᠨ᠎ᠡ᠃ | ᠬᠤᠶᠠᠷ᠂ ᠲᠠᠶᠢᠹᠤᠰᠧ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠠᠵᠢᠯ ᠤᠨ ᠢᠯᠡᠳᠬᠡᠯ ᠢ ᠰᠣᠨᠣᠰᠴᠤ ᠬᠢᠨᠠᠨ ᠵᠦᠪᠯᠡᠨ᠎ᠡ᠃ | ᠭᠤᠷᠪᠠ᠂ ᠲᠠᠶᠢᠹᠤᠰᠧ ᠬᠤᠰᠢᠭᠤᠨ ᠤ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ | ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2025 ᠣᠨ ᠤ ᠤᠯᠤᠰ ᠠᠷᠠᠳ ᠤᠨ | ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠥᠯ ᠤᠨ ᠲᠤᠬᠠᠢ ᠬᠤᠰᠢᠭᠤ ᠵᠠᠰᠠᠭ ᠤᠨ | ᠣᠷᠳᠣᠨ ᠤ ᠮᠡᠳᠡᠭᠦᠯᠦᠯᠲᠡ ᠶᠢ ᠬᠢᠨᠠᠨ ᠵᠦᠪᠰᠢᠶᠡᠷᠡᠬᠦ ᠶᠢᠨ ᠬᠠᠮᠳᠤ᠂ 2025 ᠣᠨ ᠤ ᠲᠠᠶᠢᠹᠤᠰᠧ ᠬᠤᠰᠢᠭᠤᠨ ᠤ | ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠵᠦᠪᠰᠢᠶᠡᠷᠡᠨ᠎ᠡ᠃ | ᠳᠥᠷᠪᠡ᠂ ᠲᠠᠶᠢᠹᠤᠰᠧ ᠬᠤᠰᠢᠭᠤᠨ ᠤ 2024 ᠣᠨ ᠤ ᠡᠳ᠋ ᠤᠨ ᠵᠠᠰᠠᠭ ᠤᠨ ᠲᠥᠰᠥᠪ ᠢ ᠭᠦᠢᠴᠡᠳᠬᠡᠭᠰᠡᠨ | ᠪᠠᠶᠢᠳᠠᠯ ᠬᠢᠭᠡᠳ 2025 ᠣᠨ ᠤ ᠡᠳ᠋ ᠤᠨ ᠵᠠᠰᠠᠭ ᠤᠨ ᠲᠥᠰᠥᠪ ᠤᠨ ᠲᠥᠰᠥᠯ ᠤᠨ ᠲᠤᠬᠠᠢ ᠬᠤᠰᠢᠭᠤ | ᠵᠠᠰᠠᠭ ᠤᠨ ᠣᠷᠳᠣᠨ ᠤ ᠮᠡᠳᠡᠭᠦᠯᠦᠯᠲᠡ ᠶᠢ ᠬᠢᠨᠠᠨ ᠵᠦᠪᠰᠢᠶᠡᠷᠡᠵᠦ᠂ 2025 ᠣᠨ ᠤ ᠲᠠᠶᠢᠹᠤᠰᠧ ᠬᠤᠰᠢᠭᠤᠨ ᠤ | ᠡᠳ᠋ ᠤᠨ ᠵᠠᠰᠠᠭ ᠤᠨ ᠲᠥᠰᠦᠪ ᠢ ᠵᠦᠪᠰᠢᠶᠡᠷᠡᠨ᠎ᠡ᠃ | ᠲᠠᠪᠤ᠂ ᠲᠠᠶᠢᠹᠤᠰᠧ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠠᠵᠢᠯ ᠤᠨ ᠢᠯᠡᠳᠭᠡᠯ ᠢ ᠰᠣᠨᠣᠰᠴᠤ | ᠬᠢᠨᠠᠨ ᠵᠦᠪᠯᠡᠨ᠎ᠡ᠃ | ᠵᠢᠷᠭᠤᠭ᠎ᠠ᠂ ᠲᠠᠶᠢᠹᠤᠰᠧ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠢᠯᠡᠳᠬᠡᠯ ᠢ | ᠰᠣᠨᠣᠰᠴᠤ ᠬᠢᠨᠠᠨ ᠵᠦᠪᠯᠡᠨ᠎ᠡ᠃ | ᠲᠤᠯᠤᠭ᠎ᠠ᠂ ᠬᠤᠰᠢᠭᠤ ᠵᠠᠰᠠᠭ ᠤᠨ ᠣᠷᠳᠣᠨ ᠤ ᠲᠠᠶᠢᠹᠤᠰᠧ ᠬᠤᠰᠢᠭᠤᠨ ᠤ 2024 ᠣᠨ ᠤ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠡᠶᠡᠯᠡᠭᠦᠯᠦᠭᠰᠡᠨ ᠪᠠᠶᠢᠳᠠᠯ ᠪᠠ 2025 ᠣᠨ ᠤ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠴᠢ ᠲᠥᠷᠥᠯ ᠵᠦᠢᠯ ᠤᠨ ᠪᠦᠷᠢᠯᠳᠦᠭᠰᠡᠨ ᠪᠠᠶᠢᠳᠠᠯ ᠤᠨ | ᠲᠤᠬᠠᠢ ᠮᠡᠳᠡᠭᠦᠯᠦᠯᠲᠡ ᠶᠢ ᠰᠣᠨᠣᠰᠴᠤ ᠬᠢᠨᠠᠨ ᠵᠦᠪᠯᠡᠨ᠎ᠡ᠃ | ᠨᠠᠢᠮᠠ᠂ ᠰᠣᠩᠭᠤᠭᠤᠯᠢ ᠶᠠᠪᠤᠭᠤᠯᠤᠨ᠎ᠠ᠃ | ᠶᠢᠰᠦ᠂ 2025 ᠣᠨ ᠤ ᠲᠠᠶᠢᠹᠤᠰᠧ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠲᠥᠷᠥᠯ ᠵᠦᠢᠯ ᠢ ᠪᠢᠯᠧᠲ ᠢᠶᠠᠷ ᠲᠤᠭᠳᠠᠭᠠᠨ᠎ᠠ᠃ | ᠠᠷᠪᠠ᠂ ᠡᠯ᠎ᠡ ᠲᠦᠷᠦᠯ ᠤᠨ ᠰᠢᠢᠳᠪᠦᠷᠢ ︵ᠡᠬᠡ ᠨᠣᠣᠷᠠᠭ︶ ᠶᠢ ᠪᠠᠲᠤᠯᠠᠨ᠎ᠠ᠃ | ᠬᠤᠷᠠᠯ ᠤᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠡᠭᠦᠷᠭᠡ | ᠬᠠᠷᠢᠭᠤᠴᠠᠯᠭ᠎ᠠ ᠪᠠᠨ ᠬᠢᠨᠠᠮᠠᠭᠠᠶ ᠬᠦᠢᠴᠡᠳᠭᠡᠨ᠂ ᠬᠠᠤᠯᠢ ᠶᠣᠰᠣᠭᠠᠷ ᠡᠷᠬᠡ ᠪᠠᠨ ᠬᠡᠷᠡᠭᠵᠢᠭᠦᠯᠵᠦ᠂ ᠶᠡᠭᠡ ᠬᠤᠷᠠᠯ ᠤᠨ | ᠢᠯᠡᠳᠭᠡᠯ ᠮᠡᠳᠡᠭᠦᠯᠦᠯᠲᠡ ᠶᠢ ᠨᠠᠷᠢᠨ ᠨᠢᠮᠪᠠᠢ ᠬᠢᠨᠠᠨ ᠵᠦᠪᠯᠡᠵᠦ᠂ ᠬᠠᠮᠲᠤ ᠶᠢᠨ ᠲᠠᠨᠢᠯᠲᠠ ᠶᠢ ᠥᠷᠭᠡᠨ ᠢᠶᠠᠷ | ᠨᠢᠬᠳᠠᠷᠠᠭᠤᠯᠤᠨ ᠂ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠠᠷᠭ᠎ᠠ ᠤᠬᠠᠭᠠᠨ ᠭᠠᠷᠭᠠᠬᠤ ᠪᠤᠯᠤᠨ᠎ᠠ᠃ | |