1 ᠰᠠᠷ᠎ᠠ ᠶᠢᠨ 14 ᠤ ᠦᠳᠡ ᠶᠢᠨ ᠬᠤᠶᠢᠨ᠎ᠠ᠂ ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯᠳᠤᠭᠠᠨ ᠤ | ᠲᠡᠷᠢᠭᠦᠯᠡᠭᠴᠢᠳ ᠤᠨ ᠪᠦᠯᠬᠦᠮ ᠤᠨ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠪᠠ᠃ ᠬᠤᠷᠠᠯ ᠳᠤ ᠤᠷᠤᠯᠴᠠᠬᠤ | ᠶᠤᠰᠤᠳᠠᠢ ᠲᠡᠷᠢᠭᠦᠯᠡᠭᠴᠢᠳ ᠤᠨ ᠪᠦᠯᠬᠦᠮ ᠤᠨ ᠭᠡᠰᠢᠬᠦᠨ 29 ᠬᠥᠮᠥᠨ᠂ ᠪᠤᠳᠠᠳᠠᠢ ᠤᠷᠤᠯᠴᠠᠭᠰᠠᠨ ᠨᠢ 28 | ᠬᠥᠮᠥᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠥᠨ ᠲᠤᠭ᠎ᠠ ᠳᠤ ᠨᠡᠶᠢᠴᠡᠵᠡᠢ᠃ ᠬᠤᠷᠠᠯ ᠲᠡᠭᠡᠷ᠎ᠡ᠂ ᠡᠯ᠎ᠡ | ᠲᠥᠯᠥᠭᠡᠯᠡᠭᠴᠢᠳ ᠤᠨ ᠪᠦᠯᠬᠦᠮ ᠤᠨ ︽ᠰᠣᠩᠭᠤᠭᠤᠯᠢ ᠶᠢᠨ ᠠᠷᠭ᠎ᠠ ︵ᠲᠥᠰᠥᠯ︶︾᠂ ︽ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠢᠯᠧᠲ ᠪᠠᠷ ᠲᠣᠭᠲᠠᠭᠠᠬᠤ ᠠᠷᠭ᠎ᠠ ︵ᠲᠥᠰᠥᠯ︶︾ | ᠶᠢ ᠬᠢᠨᠠᠨ ᠵᠥᠪᠯᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠤᠨᠤᠰᠴᠤ᠂ ᠬᠤᠰᠢᠭᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠴᠦᠨ ᠭᠤᠸᠠᠩ ᠤᠨ | ᠵᠢᠱᠢᠭᠳᠡᠭᠴᠢ ᠶᠢᠨ ᠰᠠᠨᠠᠭᠤᠯᠭ᠎ᠠ ᠶᠢᠨ ᠨᠡᠷᠡᠰ ᠤᠨ ᠲᠤᠬᠠᠢ ᠲᠣᠳᠣᠷᠬᠠᠶᠢᠯᠠᠯᠲᠠ ᠶᠢ ᠰᠤᠨᠤᠰᠤᠭᠰᠠᠨ ᠪᠦᠭᠡᠳ | ᠲᠡᠷᠢᠭᠦᠯᠡᠭᠴᠢᠳ ᠤᠨ ᠪᠦᠯᠬᠦᠮ ᠤᠨ ᠨᠡᠷ᠎ᠡ ᠳᠤᠷᠠᠳᠤᠭᠰᠠᠨ ᠵᠢᠱᠢᠭᠳᠡᠭᠰᠡᠳ ᠤᠨ ᠨᠡᠷᠡᠰ ᠢ ᠪᠠᠲᠤᠯᠠᠪᠠ᠃ | ᠲᠡᠷᠢᠭᠦᠯᠡᠭᠴᠢᠳ ᠤᠨ ᠪᠦᠯᠬᠦᠮ ᠤᠨ ᠬᠤᠶᠠᠳᠤᠭᠠᠷ ᠬᠤᠷᠠᠯ ᠠᠴᠠ ᠡᠮᠦᠨ᠎ᠡ ᠡᠯ᠎ᠡ ᠲᠥᠯᠥᠭᠡᠯᠡᠭᠴᠢᠳ ᠤᠨ ᠪᠦᠯᠬᠦᠮ ᠤᠨ | ᠬᠤᠷᠠᠯ ᠢ ᠬᠤᠷᠠᠯᠳᠤᠭᠤᠯᠵᠤ᠂ ᠡᠯ᠎ᠡ ᠲᠥᠯᠥᠭᠡᠯᠡᠭᠴᠢᠳ ᠤᠨ ᠪᠦᠯᠬᠦᠮ ᠨᠢ ︽ᠰᠣᠩᠭᠤᠭᠤᠯᠢ ᠶᠢᠨ ᠠᠷᠭ᠎ᠠ ︵ᠲᠥᠰᠥᠯ | ︶︾᠂ ︽ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠢᠯᠧᠲ ᠪᠠᠷ ᠲᠣᠭᠲᠠᠭᠠᠬᠤ ᠠᠷᠭ᠎ᠠ | ︵ᠲᠥᠰᠥᠯ︶︾ ᠶᠢ ᠬᠢᠨᠠᠨ ᠵᠦᠪᠯᠡᠭᠰᠡᠨ ᠪᠠᠶᠢᠨ᠎ᠠ᠃ |