1 ᠰᠠᠷ᠎ᠠ ᠶᠢᠨ 14 ᠤ ᠡᠳᠦᠷ ᠤᠨ ᠦᠳᠡ ᠶᠢᠨ ᠬᠤᠶᠢᠨ᠎ᠠ᠂ ᠤᠯᠤᠰ ᠲᠥᠷᠥ ᠶᠢᠨ ᠵᠥᠪᠯᠡᠯᠭᠡᠨ ᠤ ᠲᠠᠶᠢᠹᠤᠰᠧ | ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠲᠦᠷᠪᠡᠳᠦᠭᠡᠷ ᠬᠤᠷᠠᠯᠳᠤᠭᠠᠨ ᠤ ᠰᠠᠨᠠᠯ | ᠲᠤᠷᠠᠳᠤᠯᠭ᠎ᠠ ᠶᠢ ᠬᠢᠨᠠᠨ ᠪᠠᠶᠢᠴᠠᠭᠠᠬᠤ ᠵᠦᠪᠯᠡᠯ ᠤᠨ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠵᠤ᠂ ᠤᠯᠤᠰ | ᠲᠥᠷᠥ ᠶᠢᠨ ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ | ᠲᠦᠷᠪᠡᠳᠦᠭᠡᠷ ᠬᠤᠷᠠᠯᠳᠤᠭᠠᠨ ᠤ ᠰᠠᠨᠠᠯ ᠲᠤᠷᠠᠳᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠲᠠᠶᠢᠹᠤᠰᠧ | ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠰᠠᠨᠠᠯ ᠲᠤᠷᠠᠳᠤᠯᠭ᠎ᠠ ᠶᠢᠨ ᠵᠦᠪᠯᠡᠯ ᠤᠨ ᠠᠷᠪᠠᠨ | ᠨᠢᠬᠡᠳᠦᠭᠡᠷ ᠬᠤᠭᠤᠴᠠᠭᠠᠨ ᠤ ᠲᠦᠷᠪᠡᠳᠦᠭᠡᠷ ᠬᠤᠷᠠᠯᠳᠤᠭᠠᠨ ᠤ ᠰᠠᠨᠠᠯ ᠲᠤᠷᠠᠳᠤᠯᠭ᠎ᠠ ᠶᠢ ᠴᠤᠭᠯᠠᠭᠤᠯᠤᠭᠰᠠᠨ ᠪᠠ | ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠢ ᠮᠡᠳᠡᠬᠦᠯᠦᠯᠳᠡ ︵ᠲᠦᠰᠦᠯ︶ ᠢ ᠬᠢᠨᠠᠨ ᠪᠠᠶᠢᠴᠠᠭᠠᠪᠠ᠃ 1 | ᠰᠠᠷ᠎ᠠ ᠶᠢᠨ 14 ᠤ ᠡᠳᠦᠷ ᠤᠨ 12 ᠴᠠᠭ ᠪᠣᠯᠲᠠᠯ᠎ᠠ᠂ ᠶᠡᠭᠡ ᠬᠤᠷᠠᠯ ᠨᠢ ᠨᠡᠶᠢᠳᠡ 120 ᠬᠤᠪᠢ ᠰᠠᠨᠠᠯ | ᠲᠤᠷᠠᠳᠤᠯᠭ᠎ᠠ ᠶᠢ ᠬᠦᠯᠢᠶᠡᠨ ᠠᠪᠴᠤ᠂ ᠬᠢᠨᠠᠨ ᠪᠠᠶᠢᠴᠠᠭᠠᠬᠤ ᠪᠠᠷ ᠲᠠᠮᠵᠢᠭᠠᠳ 120 ᠬᠤᠪᠢ ᠶᠢ ᠨᠢ ᠬᠡᠷᠡᠭ ᠪᠣᠯᠭᠠᠨ | ᠲᠠᠩᠰᠠᠯᠠᠵᠠᠢ᠃ ᠡᠨᠡ ᠤᠳᠠᠭᠠᠨ ᠤ ᠬᠤᠷᠠᠯ ᠤᠨ ᠰᠠᠨᠠᠯ ᠳᠤᠷᠠᠳᠤᠯᠭ᠎ᠠ ᠨᠢ ᠭᠤᠤᠯᠳᠠᠭᠤ ᠲᠠᠶᠢᠹᠤᠰᠧ ᠬᠤᠰᠢᠭᠤᠨ ᠤ | ᠬᠤᠳᠠ ᠶᠢᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ᠂ ᠰᠣᠶᠣᠯ ᠰᠤᠷᠭᠠᠨ ᠬᠥᠮᠦᠵᠢᠯ᠂ ᠨᠡᠶᠢᠭᠡᠮ ᠤᠨ | ᠪᠠᠲᠤᠯᠠᠭ᠎ᠠ ᠵᠡᠷᠭᠡ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠷᠠᠳ ᠤᠯᠠᠨ ᠤ ᠲᠤᠰ ᠪᠡᠶ᠎ᠡ ᠶᠢᠨ ᠠᠰᠢᠭ ᠲᠤᠰᠠ | ᠯᠤᠭ᠎ᠠ ᠬᠤᠯᠪᠤᠭᠳᠠᠭᠰᠠᠨ ᠴᠢᠬᠤᠯᠠ ᠠᠰᠠᠭᠤᠳᠠᠯ ᠤᠳ ᠪᠠᠶᠢᠵᠤ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ | ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠪᠠ ᠠᠷᠠᠳ ᠤᠨ ᠲᠦᠯᠦᠭᠡᠨ ᠤ ᠰᠡᠳᠬᠢᠯᠭᠡ ᠶᠢ | ᠢᠯᠡᠷᠡᠬᠦᠯᠦᠭᠰᠡᠨ ᠪᠠᠶᠢᠨ᠎ᠠ᠃ |