︽ᠬᠤᠶᠠᠷ ᠬᠤᠷᠠᠯ︾ ᠠᠮᠵᠢᠯᠲᠠ ᠲᠠᠢ ᠬᠤᠷᠠᠯᠳᠤᠵᠤ ᠬᠦᠮᠦᠨ ᠠᠷᠠᠳ ᠤᠨ ᠠᠩᠬᠠᠷᠤᠯ ᠢ ᠲᠠᠳᠠᠯ᠎ᠠ
ᠨᠡᠶᠢᠲᠡᠯᠡᠭᠰᠡᠨ ᠴᠠᠭ᠄
2025/1/17
   ᠲᠦᠮᠡᠨ ᠣᠯᠠᠨ ᠤ ᠠᠩᠬᠠᠷᠤᠯ ᠳᠤ ᠬᠦᠷᠦᠭᠰᠡᠨ ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯᠳᠤᠭᠠᠨ ᠪᠣᠯᠣᠨ ᠤᠯᠤᠰ ᠲᠥᠷᠥ  ᠎ ᠶᠢᠨ ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠲᠦᠷᠪᠡᠳᠦᠭᠡᠷ ᠬᠤᠷᠠᠯᠳᠤᠭᠠᠨ ᠠᠮᠵᠢᠯᠳᠠ ᠲᠠᠢ ᠲᠡᠬᠦᠰᠦᠯ᠎ᠡ᠃ ᠬᠤᠷᠠᠯ ᠳᠡᠭᠡᠷ᠎ᠡ᠂ ᠠᠷᠠᠳ ᠤᠨ ᠲᠥᠯᠥᠭᠡᠯᠡᠭᠴᠢᠳ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤᠪᠠᠷ ᠵᠦᠪᠯᠡᠭᠰᠡᠨ ᠪᠠᠶᠢᠨ᠎ᠠ᠃  ᠥᠷᠭᠡᠨ ᠣᠯᠠᠨ ᠠᠷᠠᠳ ᠢᠷᠭᠡᠳ ᠷᠠᠳᠢᠣ᠋᠂ ᠲᠧᠯᠸᠢᠰ᠂ ᠸᠢᠴᠠᠲ ᠵᠡᠷᠭᠡ ᠲᠠᠪᠴᠠᠩ ᠢᠶᠠᠷ ᠲᠠᠮᠵᠢᠨ  ︽ᠬᠤᠶᠠᠷ ᠬᠤᠷᠠᠯ︾᠎ ᠤᠨ ᠬᠠᠮᠢᠶ᠎ᠠ ᠪᠦᠬᠦᠢ ᠪᠠᠶᠢᠳᠠᠯ  ᠎ ᠢ ᠴᠠᠭ ᠲᠤᠬᠠᠢ ᠳᠤᠨᠢ ᠣᠶᠢᠯᠠᠭᠠᠭᠰᠠᠨ ᠪᠥᠭᠡᠳ ︽ᠬᠤᠶᠠᠷ ᠬᠤᠷᠠᠯ︾᠎ ᠤᠨ ᠦᠷ᠎ᠡ ᠪᠦᠲᠦᠭᠡᠯ  ᠎ ᠢ ᠬᠥᠭᠵᠢᠶᠡᠨᠲᠡᠢ ᠶᠠᠷᠢᠯᠴᠠᠵᠤ᠂ ᠰᠠᠶᠢᠨ ᠰᠠᠶᠢᠬᠠᠨ ᠢᠷᠡᠭᠡᠳᠦᠢ ᠪᠠᠨ ᠬᠠᠮᠲᠤ ᠪᠠᠷ ᠪᠠᠷᠠᠯᠠᠨᠠᠮ᠃  ᠤᠯᠠᠨ ᠢᠶᠠᠷ ᠢᠶᠠᠨ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠎ ᠤᠨ ᠠᠭᠤᠯᠭ᠎ᠠ ᠨᠢ  ᠲᠤᠶᠢᠯ ᠤᠨ ᠨᠠᠷᠢᠯᠢᠭ ᠮᠦᠷᠳᠡᠭᠡᠨ ᠪᠤᠳᠠᠳᠠᠢ  ᠪᠠᠶᠢᠵᠤ᠂  ᠮᠠᠰᠢ ᠴᠢᠩᠭ᠎ᠠ ᠪᠠᠷᠠᠭᠠᠯᠬᠢᠯᠠᠯᠳᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠭᠡᠵᠦ ᠰᠠᠨᠠᠯ ᠨᠢᠭᠡᠲᠡᠢ ᠦᠵᠡᠵᠡᠭᠡᠨ᠎ᠡ᠃   ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠣᠯᠠᠨ ᠲᠦᠮᠡᠨ ᠤ ᠬᠦᠰᠡᠯ ᠡᠷᠡᠮᠡᠯᠵᠡᠯ ᠳᠤ ᠨᠡᠶᠢᠴᠡᠭᠦᠯᠵᠦ᠂ ᠠᠷᠠᠳ ᠤᠨ ᠠᠮᠢᠳᠤᠷᠠᠯ ᠢ ᠤᠯᠠᠮ ᠰᠠᠶᠢᠵᠢᠷᠠᠭᠤᠯᠤᠨ᠂ ᠠᠵᠠ ᠵᠢᠷᠭᠠᠯ ᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ ᠭᠡᠵᠦ ᠳᠤᠷᠠᠳᠤᠭᠰᠠᠨ ᠪᠠᠶᠢᠨ᠎ᠠ᠃ ᠡᠳᠡᠭᠡᠷ ᠦᠭᠡ ᠥᠭᠦᠯᠡᠪᠦᠷᠢ ᠪᠦᠷᠢ ᠎ ᠨᠢ ᠠᠷᠠᠳ ᠤᠨ ᠠᠮᠢᠳᠤᠷᠠᠯ ᠢ  ᠠᠩᠬᠠᠷᠴᠤ ᠬᠠᠯᠠᠮᠵᠢᠯᠠᠭ᠎ᠠ ᠶᠢ ᠬᠠᠷᠠᠭᠤᠯᠵᠤ ᠪᠠᠶᠢᠭ᠎ᠠ ᠶᠤᠮ᠃       ᠰᠠᠭᠤᠭᠠᠯᠢ ᠠᠷᠠᠳ ᠰᠢᠶᠤᠤ ᠬᠦᠸᠧ ᠵᠢᠶᠠᠩ᠄ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠠᠵᠢᠯ ᠣᠯᠭᠤᠯᠲᠠ᠂ ᠡᠮ ᠡᠮᠨᠡᠯᠭᠡ᠂ ᠰᠤᠷᠭᠠᠨ ᠬᠥᠮᠦᠵᠢᠯ᠂ ᠨᠠᠰᠤᠵᠢᠯ ᠤᠨ ᠠᠰᠠᠷᠠᠮᠵᠢ᠂ ᠣᠷᠣᠨ ᠰᠠᠭᠤᠴᠠ ᠵᠡᠷᠭᠡ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ  ᠲᠦᠪᠯᠡᠷᠡᠬᠦᠯᠵᠦ᠂ ᠨᠢᠭᠡ ᠪᠦᠯᠦᠭ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ᠂ ᠠᠷᠠᠳ ᠲᠤ ᠠᠰᠢᠭ ᠬᠦᠷᠲᠡᠭᠡᠬᠦ ᠲᠦᠷᠦᠯ ᠵᠦᠢᠯ ᠢ ᠪᠠᠶᠢᠷᠢᠯᠠᠭᠤᠯᠤᠭᠠᠳ᠂ ᠮᠠᠨ ᠤ ᠠᠮᠢᠳᠤᠷᠠᠯ ᠢ ᠨᠡᠩ ᠶᠡᠭᠡ ᠬᠦᠰᠡᠯ ᠡᠷᠡᠮᠡᠯᠵᠡᠯ ᠲᠠᠢ  ᠪᠤᠯᠭᠠᠭᠰᠠᠨ ᠪᠠᠶᠢᠨ᠎ᠠ︾᠃     ᠰᠠᠭᠤᠭᠠᠯᠢ ᠠᠷᠠᠳ ᠵᠢᠶᠤᠤ ᠴᠠᠩ ᠰᠤᠸᠠᠨ᠄  ︽ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠪᠢᠳᠡᠨ ᠤ ᠳᠡᠷᠭᠡᠳᠡᠬᠢ ᠤᠴᠢᠷ᠂ ᠰᠡᠳᠬᠢᠯ ᠎ ᠳᠠᠬᠢ ᠤᠴᠢᠷ ᠢ ᠲᠡᠷᠢᠭᠦᠨ ᠴᠢᠬᠤᠯᠠ ᠶᠠᠪᠤᠳᠠᠯ ᠪᠣᠯᠭᠠᠵᠤ᠂ ᠪᠢᠳᠡᠨ ᠤ ᠥᠲᠡᠯᠦᠭᠡ ᠨᠠᠰᠤᠨ ᠤ ᠠᠮᠢᠳᠤᠷᠠᠯ ᠢ ᠡᠳᠦᠷ ᠢᠷᠡᠬᠦᠶ᠎ᠡ  ᠪᠠᠲᠤᠯᠠᠭ᠎ᠠ ᠲᠠᠢ ᠪᠤᠯᠭᠠᠯ᠎ᠠ︾᠃      ᠨᠡᠶᠢᠬᠡᠮ ᠲᠣᠭᠤᠷᠢᠭ ᠤᠨ ᠠᠵᠢᠯᠳᠠᠨ ᠲᠠᠨ᠎ᠠ᠄ ︽ᠬᠤᠰᠢᠭᠤᠨ ᠤ ᠬᠤᠶᠠᠷ ᠬᠤᠷᠠᠯ ᠨᠢ ᠮᠠᠨ ᠤ ᠲᠠᠷᠠᠭᠠᠴᠢ ᠶᠢᠨ ᠠᠯᠬᠤᠮ ᠤᠨ ᠠᠵᠢᠯ ᠳᠤ ᠴᠢᠭᠯᠡᠯ ᠢ ᠵᠢᠭᠠᠵᠤ ᠬᠠᠷᠠᠯᠲᠠ ᠶᠢ ᠲᠣᠭᠲᠠᠭᠠᠪᠠ᠂ ᠪᠢᠳᠡ ᠬᠤᠶᠠᠷ ᠬᠤᠷᠠᠯ ᠢᠶᠠᠷ ᠠᠵᠠ ᠲᠣᠬᠢᠶᠠᠯ ᠪᠣᠯᠭᠠᠨ᠂ ᠦᠢᠯᠡᠴᠢᠯᠡᠭᠡᠨ ᠤ ᠤᠬᠠᠮᠰᠠᠷ ᠢᠶᠠᠨ ᠤᠯᠠᠮ ᠴᠢᠩᠭᠠᠳᠬᠠᠵᠤ᠂ ᠠᠷᠠᠳ ᠢᠷᠭᠡᠳ ᠤᠨ ᠤᠯᠤᠯᠳᠠ ᠬᠦᠷᠲᠡᠮᠵᠢ ᠶᠢᠨ ᠲᠥᠷᠥᠭᠳᠡᠯ ᠠᠵᠠ ᠵᠢᠷᠭᠠᠯ ᠤᠨ ᠲᠦᠷᠦᠭᠳᠡᠯ ᠶᠢ ᠤᠯᠠᠮ ᠨᠡᠮᠡᠭᠳᠡᠬᠦᠯᠬᠦ ᠪᠠᠷ ᠴᠢᠷᠮᠠᠶᠢᠨ᠎ᠠ︾᠃     ᠰᠠᠭᠤᠭᠠᠯᠢ ᠠᠷᠠᠳ ᠯᠢᠦ ᠲᠢᠩ ᠲᠢᠩ᠄ ︽ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠮᠠᠨ ᠤ ᠬᠤᠰᠢᠭᠤ ᠨᠢ ᠬᠤᠲᠠ ᠪᠠᠯᠭᠠᠰᠤᠨ ᠤ ᠴᠢᠨᠠᠷ ᠴᠢᠨᠰᠠᠭ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠣᠷᠴᠢᠨ ᠲᠣᠭᠤᠷᠢᠨ ᠢ ᠶᠡᠬᠡᠪᠡᠷ ᠰᠠᠶᠢᠵᠢᠷᠠᠭᠤᠯᠤᠨ᠎ᠠ ᠬᠡᠵᠦ ᠲᠤᠷᠠᠳᠤᠭᠰᠠᠨ ᠪᠠᠶᠢᠨ᠎ᠠ᠂  ᠡᠨᠡ  ᠎ ᠨᠢ ᠨᠠᠳᠠ ᠶᠡᠭᠡ ᠲᠠᠭᠠᠯᠠᠭᠳᠠᠭᠰᠠᠨ᠂ ᠡᠳᠡᠭᠡᠷ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠠᠯᠢ ᠲᠦᠷᠭᠡᠨ ᠢᠶᠠᠷ ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ᠂ ᠮᠠᠨ ᠤ ᠲᠠᠶᠢᠹᠤᠰᠧ ᠬᠤᠰᠢᠭᠤᠨ ᠤ ᠬᠤᠲᠠ ᠪᠠᠯᠭᠠᠰᠤ ᠪᠠ ᠬᠥᠳᠡᠭᠡ ᠲᠤᠰᠬᠤᠨ ᠪᠦᠷ ᠤᠯᠠᠮ ᠦᠵᠡᠰᠬᠦᠯᠡᠩᠲᠦ ᠰᠠᠶᠢᠬᠠᠨ ᠪᠤᠯᠵᠤ᠂ ᠠᠷᠠᠳ ᠣᠯᠠᠨ ᠤ ᠠᠮᠢᠳᠤᠷᠠᠯ ᠤᠯᠠᠮ ᠠᠴᠠ ᠤᠯᠠᠮ ᠰᠠᠶᠢᠵᠢᠷᠠᠬᠤ  ᠎ ᠶᠢ ᠢᠳᠡᠬᠡᠵᠦ ᠪᠠᠶᠢᠨ᠎ᠠ︾᠃     ᠰᠠᠭᠤᠭᠠᠯᠢ ᠠᠷᠠᠳ ᠳ᠋ᠦᠩ ᠷᠦᠢ ᠵᠢᠶᠦ᠋ᠨ᠄ ︽ ᠪᠢᠳᠡᠨ ᠰᠢᠭ ᠭᠡᠷ ᠤᠨ ᠠᠬᠠᠮᠠᠳ ᠲᠤ ᠠᠪᠴᠤ ᠬᠡᠯᠡᠪᠡᠯ᠂ ᠬᠡᠤᠬᠡᠳ ᠤᠨ ᠰᠤᠷᠭᠠᠨ ᠬᠥᠮᠦᠵᠢᠯ ᠤᠨ ᠠᠰᠠᠭᠤᠳᠠᠯ ᠪᠣᠯ ᠬᠠᠮᠤᠭ ᠠᠴᠠ ᠠᠩᠬᠠᠷᠴᠤ ᠬᠠᠯᠠᠮᠵᠢᠯᠠᠵᠤ ᠪᠠᠶᠢᠭ᠎ᠠ ᠠᠷᠠᠳ ᠤᠨ ᠠᠮᠢᠳᠤᠷᠠᠯ ᠤᠨ ᠠᠰᠠᠭᠤᠳᠠᠯ ᠪᠣᠯᠤᠨ᠎ᠠ᠃ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠡ᠂ ᠪᠠᠭᠰᠢ ᠶᠢᠨ ᠡᠩᠨᠡᠭᠡ ᠪᠣᠯᠣᠨ ᠰᠤᠷᠭᠠᠨ ᠬᠥᠮᠦᠵᠢᠯ ᠤᠨ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ ᠬᠡᠵᠦ ᠲᠤᠷᠠᠳᠤᠭᠰᠠᠨ ᠪᠠᠶᠢᠨ᠎ᠠ᠃ ᠮᠢᠨᠦ ᠬᠤᠪᠢ ᠳᠤ᠂ ᠲᠠᠶᠢᠹᠤᠰᠧ ᠬᠤᠰᠢᠭᠤᠨ ᠤ ᠰᠤᠷᠭᠠᠨ ᠬᠦᠮᠦᠵᠢᠯ ᠤᠨ ᠦᠢᠯᠡᠰ ᠤᠨ ᠪᠦᠬᠦᠯᠢ ᠴᠤᠭᠴᠠ ᠶᠢᠨ ᠳᠡᠭᠡᠭᠰᠢᠯᠡᠯᠲᠡ ᠶᠢ ᠲᠤᠩ ᠬᠦᠰᠡᠵᠦ ᠪᠠᠶᠢᠨ᠎ᠠ︾᠃   ᠲᠠᠶᠢᠹᠤᠰᠧ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠪᠦᠷ᠄ ︽ ᠡᠬᠦᠷᠭᠡ ᠬᠠᠷᠢᠭᠤᠴᠠᠯᠭ᠎ᠠ ᠶᠢ ᠮᠦᠷᠦᠯᠡᠨ᠂ ᠬᠠᠶᠢᠷ᠎ᠠ ᠰᠡᠳᠬᠢᠯᠭᠡ ᠶᠢ ᠡᠪᠦᠷᠯᠡᠵᠦ᠂ ᠠᠷᠠᠳ ᠤᠯᠠᠨ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ  ᠎ ᠢ ᠳᠤᠯᠠᠭᠠᠴᠠᠭᠤᠯᠬᠤ ᠨᠠᠩ ᠣᠯᠠᠨ ᠠᠷᠭ᠎ᠠ ᠬᠡᠮᠵᠢᠶ᠎ᠡ ᠠᠪᠴᠤ᠂ ᠣᠯᠠᠨ ᠲᠦᠮᠡᠨ ᠤ  ᠬᠦᠰᠡᠵᠦ ᠬᠠᠷᠠᠭᠰᠠᠨ ᠵᠤᠪᠠᠵᠤ ᠰᠠᠨᠠᠭᠠᠰᠢᠷᠠᠭᠰᠠᠨ ᠠᠰᠠᠭᠤᠳᠠᠯ ᠳᠤ ᠬᠠᠨᠤᠮᠵᠢᠲᠠᠶ ᠬᠠᠷᠢᠭᠤᠯᠲᠠ ᠦᠭᠴᠦ᠂ ᠠᠷᠠᠳ ᠣᠯᠠᠨ ᠤ ᠤᠯᠤᠯᠳᠠ ᠬᠦᠷᠲᠡᠮᠵᠢ ᠶᠢᠨ ᠲᠥᠷᠥᠭᠳᠡᠯ᠂  ᠠᠵᠠ ᠵᠢᠷᠭᠠᠯ ᠤᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ  ᠎ ᠢ ᠲᠠᠰᠤᠷᠠᠯᠲᠠ ᠦᠭᠡᠢ ᠨᠡᠮᠡᠭᠳᠡᠭᠦᠯᠦᠨ᠎ᠡ︾ ᠭᠡᠵᠦ ᠢᠯᠡᠷᠭᠡᠶᠢᠯᠡᠵᠡᠭᠡᠨ᠎ᠡ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号