ᠲᠠᠶᠢᠹᠤᠰᠧ ᠬᠤᠰᠢᠭᠤ ᠭᠤᠣᠯᠳᠠᠯᠭ᠎ᠠ ᠲᠠᠢ ᠠᠵᠤ ᠠᠬᠤᠶᠢᠯᠠᠯ ᠳᠤ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠬᠢᠭᠰᠡᠨ
ᠨᠡᠶᠢᠲᠡᠯᠡᠭᠰᠡᠨ ᠴᠠᠭ᠄
2025/1/17
  1 ᠰᠠᠷ᠎ᠠ ᠶᠢᠨ 17᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤ ᠳᠠᠷᠤᠭ᠎ᠠ ᠯᠢ ᠳ᠋ᠦᠩ ᠯᠢᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠤᠪᠴᠢᠶ᠎ᠠ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠵᠡᠷᠭᠡ ᠰᠠᠯᠠᠭ᠎ᠠ ᠮᠥᠴᠢᠷ ᠎ ᠤᠨ ᠠᠵᠢᠯᠳᠠᠳ ᠢᠶᠠᠷ ᠪᠦᠷᠢᠯᠳᠦᠭᠰᠡᠨ ᠱᠠᠭᠠᠷᠳᠠᠨ ᠪᠠᠶᠢᠴᠠᠭᠠᠬᠤ ᠳᠤᠭᠤᠶᠢᠯᠠᠩ ᠢ ᠲᠠᠭᠠᠭᠤᠯᠵᠤ᠂  ᠬᠠᠷᠢᠶ᠎ᠠ ᠤᠷᠤᠨ ᠤ ᠎ ᠪᠠᠨ ᠬᠡᠰᠡᠭ ᠠᠵᠤ ᠠᠬᠤᠶᠢᠯᠠᠯ ᠳᠤ ᠭᠦᠨᠵᠡᠭᠡᠶᠢᠷᠡᠨ ᠠᠶᠤᠯᠭᠦᠶ ᠦᠢᠯᠡᠳᠪᠦᠷᠢᠯᠡᠯ ᠪᠠ ᠭᠠᠯ ᠰᠡᠷᠭᠡᠶᠢᠯᠡᠯᠳᠡ ᠶᠢᠨ ᠠᠵᠢᠯ ᠢ  ᠪᠠᠶᠢᠴᠠᠭᠠᠨ ᠵᠢᠯᠤᠭᠤᠳᠴᠠᠢ᠃ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠹᠧᠩ ᠲᠠᠢ ᠠᠭᠤᠷᠬᠠᠢ ᠶᠢᠨ ᠦᠢᠯᠡᠰ ᠤᠨ ᠺᠤᠮᠫᠠᠨᠢ᠂ ᠲᠠᠯ᠎ᠠ ᠨᠤᠲᠤᠭ ᠠᠷᠢᠬᠢ ᠨᠡᠷᠡᠬᠦ ᠺᠣᠮᠫᠠᠨᠢ᠂ ᠱᠧᠨ ᠨᠧᠩ ᠢᠯᠴᠢ ᠴᠠᠬᠢᠯᠭᠠᠨ ᠎ ᠤ ᠦᠢᠯᠡᠳᠪᠦᠷᠢ ᠵᠡᠷᠭᠡ ᠠᠵᠤ ᠠᠬᠤᠶᠢᠯᠠᠯ ᠳᠤ ᠬᠦᠷᠴᠦ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠡᠰᠡᠬᠦ᠂ ᠪᠠᠴᠢᠮ ᠪᠠᠶᠢᠳᠠᠯ ᠢ ᠠᠷᠭᠠᠴᠠᠬᠤ ᠠᠷᠭ᠎ᠠ ᠲᠦᠰᠦᠪ ᠢ ᠲᠣᠭᠲᠠᠭᠠᠭᠰᠠᠨ ᠡᠰᠡᠬᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠭᠡᠯ ᠲᠥᠬᠦᠭᠡᠷᠦᠮᠵᠢ ᠶᠢ ᠲᠤᠬᠢᠷᠠᠭᠤᠯᠤᠭᠰᠠᠨ ᠡᠰᠡᠬᠦ ᠵᠡᠷᠭᠡ ᠳᠤ ᠪᠠᠶᠢᠴᠠᠭᠠᠯᠳᠠ ᠬᠢᠵᠦ᠂ ᠦᠢᠯᠡᠳᠪᠦᠷᠢᠯᠡᠯ ᠤᠨ ᠶᠠᠪᠤᠴᠠ ᠳᠠᠬᠢ ᠡᠯ᠎ᠡ ᠵᠦᠢᠯ ᠤᠨ ᠠᠶᠤᠯᠭᠦᠢ ᠦᠢᠯᠡᠳᠪᠦᠷᠢᠯᠡᠯ ᠪᠠ ᠭᠠᠯ ᠰᠡᠷᠭᠡᠶᠢᠯᠡᠯᠳᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠠᠶᠢᠨ᠎ᠠ᠃ ᠪᠠᠶᠢᠴᠠᠭᠠᠬᠤ ᠳᠤᠭᠤᠶᠢᠯᠠᠩ ᠤᠨ ᠬᠢᠨ ᠠᠵᠤ ᠠᠬᠤᠶᠢᠯᠠᠯ  ᠎ ᠤᠳ ᠢ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢ ᠪᠠᠲᠤ ᠪᠠᠬᠢ ᠪᠤᠢ ᠪᠤᠯᠭᠠᠨ᠂  ᠠᠶᠤᠯ ᠲᠦᠭᠰᠢᠭᠦᠷᠢ ᠭᠡᠮ ᠰᠣᠭᠤᠭ ᠢ ᠥᠪᠡᠷ ᠢᠶᠠᠨ ᠪᠠᠶᠢᠴᠠᠭᠠᠵᠤ ᠥᠪᠡᠷ ᠢᠶᠠᠨ ᠵᠠᠯᠠᠷᠠᠭᠤᠯᠬᠤ  ᠠᠵᠢᠯ ᠤᠨ ᠡᠷᠴᠢᠮ ᠢ ᠴᠢᠩᠭᠠᠷᠠᠭᠤᠯᠵᠤ᠂ ᠠᠵᠢᠯᠲᠠᠳ ᠤᠨ ᠠᠮᠤᠷ ᠲᠦᠪᠰᠢᠨ ᠤ ᠪᠤᠯᠪᠠᠰᠤᠷᠠᠯ ᠬᠥᠮᠦᠵᠢᠯ ᠢ ᠴᠢᠩᠭᠠᠳᠬᠠᠨ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠤᠰᠤᠯ ᠠᠳᠡᠯ ᠭᠠᠷᠬᠤ ᠶᠢ  ᠡᠷᠡᠰ ᠰᠡᠷᠭᠡᠶᠢᠯᠡᠬᠦ ᠬᠡᠷᠡᠭᠲᠡᠢ ᠭᠡᠵᠦ ᠱᠠᠭᠠᠷᠳᠠᠪᠠ᠃ ᠯᠢ ᠳ᠋ᠦᠩ ᠯᠢᠨ ᠴᠢᠬᠤᠯᠠᠴᠢᠯᠠᠬᠤ ᠎ ᠳᠠᠭᠠᠨ᠂  ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠳ ᠨᠢ ᠠᠶᠤᠯᠭᠦᠢ ᠦᠢᠯᠡᠳᠪᠦᠷᠢᠯᠡᠯ ᠪᠣᠯᠤᠨ ᠭᠠᠯ ᠰᠡᠷᠭᠡᠶᠢᠯᠡᠯᠳᠡ ᠶᠢᠨ ᠠᠮᠤᠷ ᠲᠦᠪᠰᠢᠨ ᠤ ᠬᠢᠨᠠᠯᠲᠠ ᠪᠠᠶᠢᠴᠠᠭᠠᠯᠲᠠ ᠶᠢᠨ ᠡᠷᠴᠢᠮ ᠢ ᠲᠠᠰᠤᠷᠠᠯᠲᠠ ᠦᠭᠡᠢ ᠴᠢᠩᠭᠠᠷᠠᠭᠤᠯᠵᠤ᠂ ᠠᠮᠤᠷ ᠲᠦᠪᠰᠢᠨ ᠲᠣᠭᠲᠠᠭᠤᠨ ᠤ ᠬᠤᠷᠢᠭ᠎ᠠ ᠱᠤᠭᠤᠮ ᠢ ᠪᠠᠲᠤ ᠰᠠᠬᠢᠨ᠂ ᠡᠯ᠎ᠡ ᠲᠦᠷᠦᠯ ᠤᠨ ᠠᠮᠤᠷ ᠲᠦᠪᠰᠢᠨ ᠤ ᠤᠰᠤᠯ ᠠᠳᠡᠯ ᠭᠠᠷᠬᠤ ᠶᠢ ᠡᠷᠡᠰ ᠰᠡᠷᠭᠡᠶᠢᠯᠡᠵᠦ᠂  ᠪᠦᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ ᠭᠡᠪᠡ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号