ᠵᠠᠰᠠᠭ ᠤᠨ ᠣᠷᠳᠣᠨ ᠤ ᠠᠵᠢᠯ ᠤᠨ ᠢᠯᠡᠳᠬᠡᠯ | 2025 ᠣᠨ ᠤ 1 ᠰᠠᠷ᠎ᠠ ᠶᠢᠨ 15 ᠤ ᠡᠳᠦᠷ ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ | ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯᠳᠤᠭᠠᠨ ᠳᠡᠭᠡᠷ᠎ᠡ | | ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠤᠰᠢᠭᠤ ᠲᠠᠷᠤᠭ᠎ᠠ ᠴᠧᠨ ᠶᠠᠨ ᠪᠤᠤ | ᠲᠦᠯᠦᠭᠡᠯᠡᠭᠴᠢᠳ ᠡ ᠄ | ᠣᠳᠣ ᠪᠢ ᠬᠤᠰᠢᠭᠤ ᠵᠠᠰᠠᠭ ᠤᠨ ᠣᠷᠳᠣᠨ ᠢ ᠲᠦᠯᠦᠬᠡᠯᠡᠵᠦ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ | ᠂ ᠬᠢᠨᠠᠨ ᠵᠥᠪᠯᠡᠬᠦ ᠪᠣᠯᠪᠠᠤ᠂ ᠮᠦᠨᠴᠦ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ | ᠣᠷᠣᠯᠴᠠᠭᠰᠠᠨ ᠨᠥᠬᠦᠳ ᠤᠨ ᠰᠠᠨᠠᠯ ᠢᠶᠠᠨ ᠳᠤᠷᠠᠳᠬᠤ ᠶᠢ ᠬᠦᠰᠡᠵᠦ ᠪᠠᠶᠢᠨ᠎ᠠ᠃ | ᠨᠢᠭᠡ᠂ 2024 ᠤᠨ ᠤ ᠠᠵᠢᠯ ᠤᠨ ᠡᠷᠭᠢᠴᠡᠭᠦᠯᠦᠯ | ᠰᠠᠶ᠋ᠢᠬᠠᠨ ᠥᠩᠭᠡᠷᠡᠭᠰᠡᠨ ᠨᠢᠭᠡ ᠵᠢᠯ ᠳᠤ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠣᠯ ᠰᠢᠵᠢᠮ ᠪᠤᠯᠭᠠᠨ᠂ ᠨᠠᠮ ᠤᠨ | ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠲᠦᠪ ᠬᠤᠷᠢᠶᠠᠨ ᠤ ᠬᠤᠶᠠᠳᠤᠭᠠᠷ ᠪᠦᠬᠦᠳᠡ ᠬᠤᠷᠠᠯ᠂ | ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠶᠡᠷᠦᠩᠬᠡᠢ | ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ︽ᠬᠤᠶᠠᠷ ᠶᠡᠭᠡ | ᠶᠠᠪᠤᠳᠠᠯ︾ ᠢ ᠰᠠᠶᠢᠨ ᠬᠢᠬᠦ ᠪᠠ ᠦᠪᠡᠷᠳᠡᠭᠡᠨ ᠵᠠᠰᠠᠬᠤ ᠤᠷᠤᠨ ᠤ ︽ᠰᠢᠨ᠎ᠡ ᠵᠠᠮ ᠨᠡᠭᠡᠭᠡᠨ᠂ ᠲᠤᠮᠳᠠ ᠲᠦᠪᠰᠢᠨ | ᠳᠤ ᠬᠦᠷᠬᠦ︾ ᠲᠡᠮᠡᠴᠡᠬᠦ ᠬᠠᠷᠠᠯᠳᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾ ᠢ | ᠲᠦᠷᠭᠡᠳᠬᠡᠨ ᠠᠬᠢᠭᠤᠯᠵᠤ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠠ ᠬᠤᠰᠢᠭᠤ ᠨᠠᠮ ᠤᠨ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ | ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠪᠠ ᠳᠡᠮᠵᠢᠯᠭᠡ ᠳᠣᠣᠷ᠎ᠠ᠂ ᠪᠥᠬᠦ ᠬᠤᠰᠢᠭᠤᠨ ᠤ | ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠲᠠᠭᠠᠭᠤᠯᠵᠤ᠂ ᠬᠦᠴᠢᠷ ᠪᠡᠷᠭᠡᠰᠢᠶᠡᠯ ᠢ | ᠲᠠᠪᠠᠨ᠂ ᠦᠨᠡᠨ ᠪᠤᠳᠠᠳᠠᠢ ᠠᠵᠢᠯᠯᠠᠵᠤ᠂ ᠢᠳᠡᠭᠡᠯ ᠵᠤᠷᠢᠭ ᠲᠠᠢ ᠤᠷᠤᠭᠰᠢᠯᠠᠨ᠂ ᠨᠡᠮᠡᠭᠳᠡᠯ ᠢ | ᠲᠤᠭᠳᠠᠪᠤᠷᠢᠵᠢᠭᠤᠯᠬᠤ᠂ ᠪᠦᠳᠦᠴᠡ ᠶᠢ ᠲᠤᠬᠢᠷᠠᠭᠤᠯᠬᠤ᠂ ᠰᠠᠭᠤᠷᠢ ᠶᠢ ᠴᠢᠩᠭᠠᠳᠬᠠᠬᠤ᠂ ᠦᠬᠡᠷᠡᠴᠢᠯᠡᠯᠳᠡ ᠶᠢ | ᠠᠬᠢᠭᠤᠯᠬᠤ᠂ ᠠᠮᠢᠳᠤᠷᠠᠯ ᠢ ᠰᠠᠶᠢᠵᠢᠷᠠᠭᠤᠯᠬᠤ᠂ ᠪᠦᠯᠬᠦᠮᠳᠡᠯ ᠢ ᠨᠡᠮᠡᠭᠳᠡᠬᠦᠯᠬᠦ᠂ ᠠᠮᠤᠷ ᠲᠤᠭᠳᠠᠭᠤᠨ ᠢ | ᠬᠠᠮᠠᠭᠠᠯᠠᠬᠤ ᠶᠢ ᠦᠨᠡᠨᠬᠦ ᠪᠡᠶᠡᠯᠡᠬᠦᠯᠦᠭᠡᠳ᠂ ᠠᠵᠤ ᠠᠬᠤᠢ ᠨᠡᠶᠢᠬᠡᠮ ᠤᠨ ᠬᠦᠭᠵᠢᠯᠳᠡ ᠰᠢᠨ᠎ᠡ ᠠᠮᠵᠢᠯᠳᠠ | ᠪᠦᠳᠦᠮᠵᠢ ᠶᠢ ᠤᠯᠵᠠᠢ᠃ ᠪᠥᠬᠦ ᠵᠢᠯ ᠳᠤ᠂ ᠣᠷᠣᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ 64.9 | ᠳ᠋ᠦᠩᠰᠢᠭᠤᠷ ᠲᠥᠭᠦᠷᠢᠭ ᠲᠤ ᠬᠦᠷᠴᠦ 6 % ᠪᠠᠷ ᠨᠡᠮᠡᠭᠳᠡᠨ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ | 20.22 ᠳ᠋ᠦᠩᠰᠢᠭᠤᠷ ᠲᠥᠭᠦᠷᠢᠭ ᠲᠤ ᠬᠦᠷᠴᠦ 9.5 % ᠪᠠᠷ ᠨᠡᠮᠡᠭᠳᠡᠨ᠂ ᠡᠩ ᠤᠨ ᠨᠡᠶᠢᠲᠡ ᠶᠢᠨ | ᠲᠥᠰᠥᠪ ᠤᠨ ᠣᠷᠣᠯᠭ᠎ᠠ 3.58 ᠳ᠋ᠦᠩᠰᠢᠭᠤᠷ ᠲᠥᠭᠦᠷᠢᠭ ᠲᠤ ᠬᠦᠷᠴᠦ 1.5 % ᠪᠠᠷ ᠨᠡᠮᠡᠭᠳᠡᠨ᠂ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ 9.53 ᠳ᠋ᠦᠩᠰᠢᠭᠤᠷ | ᠲᠥᠭᠦᠷᠢᠭ ᠲᠤ ᠬᠦᠷᠴᠦ 1.5 % ᠪᠠᠷ ᠨᠡᠮᠡᠭᠳᠡᠨ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠲᠤᠬᠢᠷᠠᠭᠤᠯᠵᠤ | ᠪᠤᠯᠬᠤᠶᠢᠴᠠ ᠣᠷᠣᠯᠭ᠎ᠠ ᠲᠤᠰᠪᠤᠷᠢ 45432 ᠲᠥᠭᠦᠷᠢᠭ ᠪᠠ 19136 ᠲᠥᠭᠦᠷᠢᠭ ᠲᠤ ᠬᠦᠷᠴᠦ᠂ 4.1 | % ᠪᠠ 8.7 % ᠪᠠᠷ ᠨᠡᠮᠡᠭᠳᠡᠪᠡ᠃ | ᠨᠢᠭᠡ ᠵᠢᠯ ᠤᠨ ᠲᠤᠷᠰᠢ᠂ ᠪᠢᠳᠡ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠬᠢᠭᠰᠡᠨ ᠪᠠᠶᠢᠨ᠎ᠠ᠄ | ︵ᠨᠢᠭᠡ︶ ᠬᠡᠯᠪᠡᠷᠢ ᠶᠢᠨ ᠬᠤᠪᠢᠷᠠᠭᠤᠯᠤᠯᠳᠠ ᠶᠢ ᠠᠳᠬᠤᠨ ᠦᠷ᠎ᠡ ᠠᠰᠢᠭ ᠢ ᠨᠡᠮᠡᠭᠳᠡᠬᠦᠯᠵᠤ᠂ ᠠᠵᠤ ᠦᠢᠯᠡᠰ | ᠤᠨ ᠬᠦᠭᠵᠢᠯᠳᠡ ᠶᠢ ᠤᠯᠠᠮ ᠪᠠᠳᠤᠳᠬᠠᠪᠠ᠃ ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠡ ᠲᠤᠭᠳᠠᠭᠤᠨ ᠤ | ᠲᠤᠮᠳᠠ ᠰᠠᠶᠢᠵᠢᠷᠠᠭᠰᠠᠨ᠃ ᠠᠮᠤ ᠪᠤᠳᠠᠭᠠᠨ ᠤ ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ | ᠴᠢᠩᠭ᠎ᠠ ᠨᠠᠶᠢᠳᠠᠪᠤᠷᠢᠵᠢᠭᠤᠯᠵᠤ᠂ 13.5 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ | ᠪᠠᠶᠢᠭᠤᠯᠬᠤ ᠪᠠ ᠥᠭᠡᠷᠡᠴᠢᠯᠡᠨ ᠰᠠᠶᠢᠵᠢᠷᠠᠭᠤᠯᠵᠤ᠂ ᠲᠠᠷᠢᠮᠠᠯ ᠤᠨ ᠲᠠᠯᠠᠪᠠᠢ 158.5 ᠲᠦᠮᠡᠨ ᠮᠦ ᠂ ᠠᠮᠤ | ᠪᠤᠳᠠᠭᠠᠨ ᠤ ᠤᠨᠠᠯᠳᠠ 5.2 ᠳ᠋ᠦᠩᠰᠢᠭᠤᠷ ᠵᠢᠩ ᠳᠤ ᠬᠦᠷᠴᠡᠢ᠃ ᠲᠦᠬᠦᠭᠡᠷᠦᠮᠵᠢᠳᠦ ᠲᠠᠷᠢᠶᠠᠯᠠᠩ ᠢ ᠲᠦᠷᠭᠡᠳᠬᠡᠨ | ᠬᠥᠭᠵᠢᠭᠦᠯᠵᠦ᠂ ᠰᠤᠯᠠ ᠪᠠᠶᠢᠭ᠎ᠠ ᠲᠤᠯᠠᠭᠠᠨ ᠬᠦᠯᠡᠮᠵᠢ ᠶᠢᠨ ᠠᠰᠢᠭᠯᠠᠮᠵᠢ ᠶᠢ ᠠᠬᠢᠭᠤᠯᠬᠤ ᠶᠢᠨ ᠬᠠᠮᠳᠤ᠂ 280 | ᠰᠠᠭᠤᠷᠢ ᠢᠳᠡᠰᠢᠨ ᠨᠤᠭᠤᠭᠠᠨ ᠤ ᠰᠠᠷᠠᠪᠴᠢ᠂ 3 ᠰᠠᠭᠤᠷᠢ ᠬᠦᠢᠳᠡᠨ ᠬᠦᠮᠦᠷᠭᠡ ᠶᠢ ᠰᠢᠨ᠎ᠡ ᠪᠠᠷ ᠪᠠᠶᠢᠭᠤᠯᠵᠤ᠂ ︽ | ᠨᠤᠭᠤᠭᠠᠨ ᠤ ᠰᠠᠭᠰᠤ︾ ᠶᠢᠨ ᠭᠠᠷᠤᠯᠲᠠ ᠶᠢ ᠲᠣᠭᠲᠠᠪᠤᠷᠢᠵᠢᠭᠤᠯᠵᠤ ᠬᠠᠩᠭᠠᠯᠭ᠎ᠠ ᠶᠢ ᠪᠠᠲᠤᠯᠠᠬᠤ ᠴᠢᠳᠠᠪᠤᠷᠢ ᠤᠯᠠᠮ | ᠲᠡᠭᠡᠭᠰᠢᠯᠡᠭᠰᠡᠨ ᠪᠠᠶᠢᠨ᠎ᠠ᠃ ᠤᠰᠤᠨ ᠤ ᠡᠬᠢ ᠪᠠᠶᠠᠯᠢᠭ ᠢᠶᠠᠷ ᠠᠵᠤ ᠦᠢᠯᠡᠰ ᠤᠨ ᠬᠦᠭᠵᠢᠯᠳᠡ ᠶᠢ | ᠲᠣᠭᠲᠠᠭᠠᠬᠤ ᠶᠢ ᠪᠠᠷᠢᠮᠲᠠᠯᠠᠵᠤ᠂ ᠲᠠᠷᠢᠶᠠᠯᠠᠩ ᠳᠤ ᠭᠡᠷᠡᠭᠯᠡᠬᠦ ᠤᠰᠤᠨ ᠤ ᠰᠦᠢᠳᠬᠡᠯ ᠬᠤᠷᠢᠶᠠᠬᠤ ᠠᠵᠢᠯ ᠢ | ᠯᠠᠪᠳᠠᠭᠤᠨ ᠢᠶᠠᠷ ᠠᠬᠢᠭᠤᠯᠪᠠ᠃ ᠪᠤᠤᠴᠠᠩ ᠪᠠᠯᠭᠠᠰᠤᠨ ᠤ ᠢᠳᠡᠰᠢᠨ ᠨᠣᠭᠤᠭ᠎ᠠ ᠬᠠᠳᠠᠭᠠᠯᠠᠬᠤ ᠰᠠᠭᠤᠷᠢᠨ ᠭᠠᠵᠠᠷ ᠤᠨ | ᠬᠡᠢ ᠲᠣᠬᠢᠷᠠᠭᠤᠯᠬᠤ ᠬᠥᠮᠥᠷᠭᠡ᠂ ᠵᠦᠩ ᠬᠤᠸᠠ MAP ᠣᠳᠣ ᠦᠶ᠎ᠡ ᠶᠢᠨ ᠲᠠᠷᠢᠶᠠᠯᠠᠩ ᠤᠨ ᠰᠢᠨᠵᠢᠯᠡᠭᠡ | ᠮᠡᠷᠭᠡᠵᠢᠯ ᠤᠨ ᠦᠢᠯᠡᠴᠢᠯᠡᠭᠡᠨ ᠤ ᠵᠢᠱᠢᠶ᠎ᠡ ᠦᠵᠡᠭᠦᠯᠬᠦ ᠬᠦᠷᠢᠶᠡᠯᠡᠩ ᠢ ᠠᠰᠢᠭᠯᠠᠯᠲᠠ ᠳᠤ ᠣᠷᠣᠭᠤᠯᠵᠤ᠂ ᠤᠯᠤᠰ ᠤᠨ | ᠲᠡᠰ ᠤᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢᠶᠠᠷ ᠠᠮᠵᠢᠯᠲᠠ ᠲᠠᠢ ᠡᠷᠡᠮᠡᠯᠵᠡᠯᠡᠨ | ᠮᠡᠳᠡᠭᠦᠯᠪᠡ᠃ ᠣᠳᠣ ᠦᠶ᠎ᠡ ᠶᠢᠨ ᠮᠠᠯ ᠠᠵᠤ ᠠᠬᠤᠢ ᠶᠢᠨ ᠬᠡᠪᠴᠢᠶᠡᠵᠢᠭᠰᠡᠨ ᠬᠥᠭᠵᠢᠯᠲᠡ ᠶᠢ ᠲᠦᠷᠭᠡᠳᠬᠡᠵᠦ᠂ | ᠪᠠᠷᠢᠮᠵᠢᠶᠠᠳᠤ ᠮᠠᠯ ᠤᠨ ᠰᠠᠷᠠᠪᠴᠢ 28.9 ᠲᠦᠮᠡᠨ ᠬᠠᠪᠳᠠᠭᠠᠢ ᠳᠥᠷᠪᠡᠯᠵᠢᠨ ᠮᠧᠲᠷ᠂ ᠡᠪᠡᠰᠦ ᠬᠠᠳᠠᠭᠠᠯᠠᠬᠤ | ᠰᠠᠷᠠᠪᠴᠢ 16.3 ᠲᠦᠮᠡᠨ ᠬᠠᠪᠳᠠᠭᠠᠢ ᠳᠥᠷᠪᠡᠯᠵᠢᠨ ᠮᠧᠲᠷ᠂ ᠨᠣᠭᠤᠭᠠᠨ ᠳᠠᠷᠤᠰᠢ ᠶᠢᠨ ᠵᠣᠭᠤᠷᠢ 13.6 ᠲᠦᠮᠡᠨ | ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠰᠠᠶᠢᠨ ᠡᠬᠦᠯᠳᠡᠷ ᠤᠨ ᠮᠢᠬᠠᠨ ᠤ ᠦᠬᠡᠷ 14.8 ᠲᠦᠮᠡ᠂ ᠮᠢᠬᠠᠨ | ᠤ ᠬᠤᠨᠢ 29.8 ᠲᠦᠮᠡ ᠳᠤ ᠬᠦᠷᠦᠭᠡᠳ ᠂ ᠰᠠᠶᠢᠨ ᠡᠭᠦᠯᠳᠡᠷ ᠤᠨ ᠪᠦᠷᠬᠦᠴᠡ 73% ᠳᠤ ᠬᠦᠷᠪᠡ᠃ ᠰᠢᠨ᠎ᠡ | ᠬᠡᠯᠪᠡᠷᠢ ᠶᠢᠨ ᠮᠠᠯᠴᠢᠨ ᠲᠠᠷᠢᠶᠠᠴᠢᠨ ᠪᠠ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ | ᠭᠤᠤᠯ ᠴᠣᠭᠴᠠ ᠶᠢ ᠪᠤᠶᠢᠵᠢᠭᠤᠯᠬᠤ ᠠᠵᠢᠯ ᠤᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠮᠠᠯᠴᠢᠨ | ᠲᠠᠷᠢᠶᠠᠴᠢᠨ ᠤ ᠲᠤᠰᠬᠠᠶ ᠬᠤᠷᠰᠢᠶ᠎ᠠ 1᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ 63 ᠶᠢ ᠰᠢᠨ᠎ᠡ ᠪᠠᠷ | ᠪᠠᠶᠢᠭᠤᠯᠤᠨ᠂ ᠣᠷᠣᠨ᠂ ᠠᠶᠢᠮᠠᠭ ᠤᠨ ᠲᠠᠰ ᠤᠨ ᠲᠠᠷᠢᠶᠠᠯᠠᠩ ᠮᠠᠯ ᠠᠵᠤ ᠠᠬᠤᠶ ᠶᠢᠨ ᠲᠠᠭᠠᠭᠤᠯᠤᠭᠴᠢ ᠠᠵᠤ | ᠠᠬᠤᠶᠢᠯᠠᠯ 10 ᠪᠤᠯᠵᠤ᠂ ᠲᠤᠰᠬᠠᠢ ᠬᠤᠷᠰᠢᠶ᠎ᠠ 429᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ | 1531 ᠪᠤᠯᠵᠠᠢ᠃ ᠠᠵᠤ ᠦᠢᠯᠡᠳᠪᠦᠷᠢ ᠶᠢᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠬᠦ ᠶᠢ | ᠲᠦᠷᠭᠡᠳᠭᠡᠭᠰᠡᠨ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ | 29.5 ᠳ᠋ᠦᠩᠰᠢᠭᠤᠷ ᠲᠥᠭᠦᠷᠢᠭ ᠲᠤ ᠬᠦᠷᠴᠦ 1.1% ᠪᠠᠷ ᠨᠡᠮᠡᠭᠳᠡᠨ᠂ 1 ᠡᠷᠦᠬᠡ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠰᠢᠨ᠎ᠡ ᠪᠠᠷ ᠨᠡᠮᠡᠭᠳᠡᠵᠡᠢ᠃ ᠸᠧᠢ ᠪᠧᠢ ᠳ᠋ᠧ ᠬᠢᠮᠡᠯ ᠠᠯᠮᠠᠰ᠂ | ᠵᠢᠩ ᠴᠧᠩ ᠴᠠᠬᠢᠯᠭᠠᠨ ᠲᠡᠭᠡᠰᠦ᠂ ᠱᠧᠨ ᠨᠧᠩ ᠢᠯᠴᠢ ᠴᠠᠬᠢᠯᠭᠠᠨ ᠤ ᠬᠠᠮ ᠦᠢᠯᠡᠳᠪᠦᠷᠢᠯᠡᠯ ᠤᠨ ᠬᠤᠶᠠᠳᠤᠭᠠᠷ | ᠬᠤᠭᠤᠴᠠᠭ᠎ᠠ᠂ ᠺᠠᠢ ᠳ᠋ᠠ ᠲᠦᠮᠦᠰᠦᠨ ᠤ ᠦᠢᠯᠡᠰ ᠤᠨ 1 ᠨᠣᠮᠧᠷᠲᠤ ᠬᠡᠢ ᠲᠣᠬᠢᠷᠠᠭᠤᠯᠬᠤ ᠬᠥᠮᠥᠷᠭᠡ᠂ ᠵᠢᠶᠦ᠋ᠨ | ᠷᠦᠢ ᠪᠠᠯ ᠴᠢᠯᠠᠭᠤ ᠡᠳ᠋ᠰᠢᠭᠦᠯᠬᠦ᠂ ᠵᠦᠩ ᠬᠤᠢ ᠰᠠᠯᠬᠢᠨ ᠰᠠᠩᠰᠠᠨ ᠤ ᠲᠤᠨᠤᠭ ᠲᠦᠬᠦᠭᠡᠷᠦᠮᠵᠢ ᠦᠢᠯᠡᠳᠪᠦᠷᠢᠯᠡᠬᠦ | ᠵᠡᠷᠭᠡ ᠲᠥᠷᠥᠯ ᠵᠦᠢᠯ ᠠᠰᠢᠭᠯᠠᠯᠲᠠ ᠳᠤ ᠤᠷᠤᠪᠠ᠃ ᠵᠥᠩ ᠾᠧ ᠪᠦᠯᠦᠭᠯᠡᠯ ᠤᠨ ᠵᠢᠯ ᠳᠤ 2.5 ᠲᠦᠮᠡᠨ ᠲᠣᠨ | ᠴᠠᠬᠢᠯᠭᠠᠨ ᠴᠡᠨᠡᠭ ᠦᠢᠯᠡᠳᠬᠦ ᠲᠦᠷᠦᠯ ᠵᠦᠢᠯ᠂ ᠬᠤᠸᠠ ᠬᠤᠢ ᠪᠦᠯᠦᠭᠯᠡᠯ ᠤᠨ ᠵᠢᠯ ᠳᠤ 6 ᠲᠦᠮᠡᠨ ᠲᠣᠨ | ᠳᠠᠬᠢᠯᠲᠠ ᠴᠠᠪᠠᠤ ᠪᠠ ᠭᠤᠮ ᠪᠦᠲᠦᠭᠡᠭᠳᠡᠬᠦᠨ ᠦᠢᠯᠡᠳᠬᠦ ᠲᠦᠷᠦᠯ ᠵᠦᠢᠯ᠂ ᠯᠢ ᠴᠧᠨ ᠺᠤᠮᠫᠠᠨᠢ ᠶᠢᠨ ᠴᠠᠭᠠᠨ | ᠢᠳᠡᠭᠡ ᠪᠠ ᠪᠤᠰᠤᠳ ᠢᠳᠡᠭᠡᠨ ᠦᠢᠯᠡᠳᠪᠦᠷᠢᠯᠡᠬᠦ ᠲᠥᠷᠥᠯ ᠵᠦᠢᠯ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠪᠠ | ᠃ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ᠠᠵᠤ ᠦᠢᠯᠡᠳᠪᠦᠷᠢ ᠶᠢᠨ ᠬᠦᠷᠢᠶᠡᠯᠡᠩ ᠤᠨ ᠪᠤᠬᠢᠷᠳᠤᠯ | ᠦᠬᠡᠢ ᠴᠠᠬᠢᠯᠭᠠᠨ ᠤ ᠲᠥᠷᠥᠯ ᠵᠦᠢᠯ ᠤᠨ ᠪᠦᠳᠦᠬᠡᠨ ᠪᠠᠶᠢᠭᠤᠯᠤᠯᠳᠠ ᠡᠬᠢᠯᠡᠵᠦ᠂ ᠪᠣᠬᠢᠷᠲᠤᠯ ᠥᠬᠡᠶ ᠲᠡᠭᠡᠳᠦ ᠰᠢᠨ᠎ᠡ | ᠬᠡᠯᠪᠡᠷᠢ ᠶᠢᠨ ᠨᠡᠬᠦᠷᠡᠰᠦᠨ ᠤ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠨᠢ 2 ᠰᠠᠭᠤᠷᠢ ᠦᠢᠯᠡᠳᠪᠦᠷᠢ ᠶᠢᠨ | ᠲᠠᠰᠤᠭ ᠪᠠ 1.3 ᠲᠦᠮᠡᠨ ᠬᠠᠪᠳᠠᠭᠠᠢ ᠳᠥᠷᠪᠡᠯᠵᠢᠨ ᠮᠧᠲᠷ ᠤᠨ ᠪᠠᠷᠢᠮᠵᠢᠶᠠᠵᠢᠭᠰᠠᠨ ᠦᠢᠯᠡᠳᠪᠦᠷᠢ ᠶᠢᠨ ᠬᠡᠷ | ᠪᠠᠶᠢᠰᠢᠩ ᠢ ᠪᠠᠶᠢᠭᠤᠯᠤᠨ ᠠᠰᠢᠭᠯᠠᠵᠤ ᠂ ᠬᠡᠶ᠂ ᠢᠯᠴᠢ᠂ ᠤᠰᠤ ᠬᠠᠩᠭᠠᠬᠤ ᠰᠠᠭᠤᠷᠢ ᠲᠥᠬᠦᠭᠡᠷᠦᠮᠵᠢ ᠶᠢ | ᠪᠦᠷᠢᠳᠦᠬᠦᠯᠬᠦ ᠪᠠ ᠳᠤᠲᠠᠭᠤᠳᠠᠯ ᠢ ᠨᠥᠬᠦᠪᠥᠷᠢᠯᠡᠬᠦ ᠲᠥᠷᠥᠯ ᠵᠦᠢᠯ ᠤᠨ ᠪᠠᠶᠢᠭᠤᠯᠤᠯᠲᠠ ᠠᠯᠬᠤᠮ ᠲᠠᠷᠠᠭ᠎ᠠ ᠲᠠᠢ | ᠶᠠᠪᠤᠭᠳᠠᠵᠤ᠂ ᠠᠵᠤ ᠦᠢᠯᠡᠰ ᠤᠨ ᠬᠦᠷᠢᠶᠡᠯᠡᠩ ᠤᠨ ᠳᠠᠭᠠᠭᠠᠴᠠ ᠴᠢᠳᠠᠮᠵᠢ ᠦᠷᠭᠦᠯᠵᠢᠯᠡᠨ ᠳᠡᠭᠡᠭᠰᠢᠯᠡᠪᠡ᠃ | ᠲᠠᠯ᠎ᠠ ᠨᠤᠲᠤᠭ ᠠᠷᠢᠬᠢ ᠨᠡᠷᠡᠬᠦ ᠬᠢᠵᠠᠭᠠᠷᠲᠤ ᠺᠣᠮᠫᠠᠨᠢ᠂ ᠲᠠᠩ ᠾᠧ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ | ᠵᠡᠷᠭᠡ 7 ᠠᠵᠤ ᠠᠬᠤᠶᠢᠯᠠᠯ ᠨᠢ ᠣᠷᠣᠨ ᠤ ᠲᠠᠰ ᠤᠨ ︽ᠲᠤᠰᠬᠠᠶ ᠨᠠᠷᠢᠯᠢᠭ ᠣᠨᠴᠠᠭᠠᠶ ᠰᠢᠨ᠎ᠡ︾ ᠪᠦᠳᠦᠭᠡᠭᠳᠡᠬᠦᠨ | ᠦᠢᠯᠡᠳᠪᠦᠷᠢᠯᠡᠬᠦ ᠳᠤᠮᠳᠠ ᠪᠠᠭ᠎ᠠ ᠠᠵᠤ ᠠᠬᠤᠶᠢᠯᠠᠯ ᠢᠶᠠᠷ ᠦᠨᠡᠯᠡᠭᠳᠡᠭᠰᠡᠨ ᠪᠦᠭᠡᠳ ᠲᠠᠯ᠎ᠠ ᠨᠤᠲᠤᠭ ᠠᠷᠢᠬᠢ ᠨᠡᠷᠡᠬᠦ | ᠬᠢᠵᠠᠭᠠᠷᠲᠤ ᠺᠣᠮᠫᠠᠨᠢ ᠨᠢ ᠠᠷᠪᠠᠨ ᠨᠢᠭᠡᠳᠦᠭᠡᠷ ᠬᠤᠭᠤᠴᠠᠭᠠᠨ ᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠡᠷ᠎ᠡ ᠠᠯᠳᠠᠷᠰᠢᠭᠰᠠᠨ ︵ᠵᠠᠭᠤᠨ ᠬᠦᠴᠦᠷᠬᠡᠭ︶ ᠨᠠᠷᠠᠲᠤ ᠲᠡᠮᠳᠡᠭ︾ ᠤᠨ ᠱᠠᠩᠨᠠᠯ ᠢ ᠬᠦᠷᠳᠡᠵᠦ᠂ ᠲᠠᠩ | ᠾᠧ ᠰᠢᠨᠵᠢᠯᠡᠭᠡ ᠮᠡᠷᠭᠡᠵᠢᠯ ᠤᠨ ︽TH1050 ᠣᠨᠴᠠ ᠲᠣᠮᠣ ᠬᠡᠯᠪᠡᠷᠢ ᠶᠢᠨ ︵95MN︶ ᠤᠶᠤᠨᠴᠢᠯᠠᠭᠰᠠᠨ | ᠵᠢᠷᠭᠤᠭᠠᠨ ᠲᠠᠯᠠᠳᠤ ᠬᠡᠲᠦ ᠳᠠᠷᠤᠯᠲᠠᠲᠤ ᠢᠵᠢ ᠪᠥᠷᠢᠳᠦᠭᠦᠯᠬᠦ ᠲᠣᠨᠤᠭ ᠲᠥᠬᠦᠭᠡᠷᠦᠮᠵᠢ︾ ᠨᠢ ︽2024 ᠣᠨ ᠤ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠦᠷᠦᠭᠦᠤ ᠪᠦᠯᠦᠭ ︵ᠤᠳᠠᠭ᠎ᠠ︶ ᠮᠡᠷᠭᠡᠵᠢᠯ ᠤᠨ ᠲᠣᠨᠤᠭ | ᠲᠥᠬᠦᠭᠡᠷᠦᠮᠵᠢ ᠪᠠ ᠵᠠᠩᠭᠢᠯᠠᠭ᠎ᠠ ᠶᠢᠨ ᠰᠡᠯᠪᠢᠭ ᠲᠣᠨᠤᠭ ᠤᠨ ᠨᠡᠷᠡᠰ ᠲᠤ ᠠᠮᠵᠢᠯᠲᠠ ᠲᠠᠢ ᠪᠠᠷ ᠰᠤᠩᠭᠤᠭᠳᠠᠨ | ᠤᠷᠤᠵᠠᠢ᠃ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠰᠠᠶᠢᠨ ᠪᠠᠶᠢᠭ᠎ᠠ᠃ ᠪᠥᠬᠦ ᠣᠷᠣᠨ | ᠪᠦᠰᠡ ᠶᠢᠨ ᠵᠢᠭᠤᠯᠴᠢᠯᠠᠯ ᠤᠨ ᠡᠷᠡᠭᠦᠯ ᠢᠶᠠᠷ ᠬᠥᠭᠵᠢᠬᠦ ᠶᠢ ᠯᠠᠪᠳᠠᠭᠤᠨ ᠪᠠᠲᠤᠲᠠᠶ ᠠᠬᠢᠭᠤᠯᠵᠤ᠂ ︽ᠬᠠᠭᠠᠨ ᠤ | ᠠᠳᠤᠭᠤᠨ ᠵᠤᠰᠠᠭᠠᠯ︾ ᠳᠥᠷᠪᠡᠨ ᠤᠯᠠᠷᠢᠯ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠪᠥᠬᠦ ᠬᠦᠴᠦᠨ ᠢᠶᠠᠷ | ᠡᠬᠦᠳᠦᠨ ᠪᠠᠶᠢᠭᠤᠯᠪᠠ᠃ ᠰᠢ ᠱᠠᠨ ᠪᠡᠶ᠎ᠡ ᠶᠢᠨ ᠲᠠᠮᠢᠷ ᠤᠨ ᠴᠡᠴᠡᠷᠯᠢᠭ ᠤᠨ ᠲᠥᠷᠥᠯ ᠵᠦᠢᠯ ᠢ ᠡᠬᠢᠯᠡᠭᠦᠯᠵᠦ᠂ | ᠲᠠᠶᠢᠹᠤᠰᠧ ᠬᠤᠰᠢᠭᠤᠨ ᠤ ᠵᠢᠭᠤᠯᠴᠢᠯᠠᠭᠰᠠᠳ ᠲᠤ ᠦᠢᠯᠡᠴᠢᠯᠡᠬᠦ ᠲᠥᠪ᠂ ᠳ᠋ᠦᠩ ᠵᠢᠶᠤᠤ ᠪᠡᠶ᠎ᠡ ᠴᠢᠭᠢᠷᠠᠭᠵᠢᠭᠤᠯᠬᠤ | ᠬᠥᠳᠡᠯᠭᠡᠭᠡᠨ ᠤ ᠲᠥᠪ ᠤᠨ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠰᠢ ᠱᠠᠨ ᠪᠡᠶ᠎ᠡ ᠶᠢᠨ ᠲᠠᠮᠢᠷ ᠤᠨ | ᠴᠡᠴᠡᠷᠯᠢᠭ ᠤᠨ ᠪᠤᠯᠠᠭᠳᠤ ᠲᠠᠯᠠᠪᠠᠶ ᠶᠢ ᠠᠰᠢᠭᠯᠠᠯᠲᠠ ᠳᠤ ᠤᠷᠤᠭᠤᠯᠵᠠᠢ᠃ ᠳᠥᠷᠪᠡᠳᠦᠭᠡᠷ ᠪᠦᠯᠦᠭ ᠤᠨ ᠳᠡᠯᠡᠬᠡᠶ ᠶᠢᠨ | ︽ᠬᠠᠮᠤᠭ ᠤᠨ ᠰᠠᠶᠢᠨ ᠵᠢᠭᠤᠯᠴᠢᠯᠠᠯ ᠤᠨ ᠬᠦᠳᠡᠭᠡ ᠲᠣᠰᠬᠤᠨ︾ ᠢᠶᠠᠷ ᠢᠳᠡᠪᠬᠢᠲᠡᠶ ᠪᠠᠷ ᠡᠷᠡᠮᠡᠯᠵᠡᠯᠡᠨ ᠮᠡᠳᠡᠭᠦᠯᠵᠦ᠂ | ᠬᠠᠭᠠᠨ ᠤ ᠠᠳᠤᠭᠤᠨ ᠵᠤᠰᠠᠭᠠᠯ᠂ ᠪᠢ ᠵᠧᠤ ᠱᠧᠩ ᠴᠢᠤᠸᠠᠨ ᠠᠮᠠᠷᠠᠯᠲᠠ ᠶᠢᠨ ᠲᠣᠰᠬᠤᠨ ᠨᠢ ᠮᠢᠩᠭᠠᠨ ᠭᠠᠵᠠᠷ ᠤᠨ | ᠲᠠᠯ᠎ᠠ ᠨᠤᠲᠤᠭ ᠤᠨ ᠦᠵᠡᠮᠵᠢ ᠶᠢᠨ ᠱᠤᠭᠤᠮ ᠤᠨ ᠤᠯᠠᠭ᠎ᠠ ᠥᠷᠲᠡᠭᠡ ᠪᠠᠷ ᠦᠨᠡᠯᠡᠭᠳᠡᠭᠡᠳ᠂ ᠵᠢᠭᠤᠯᠴᠢᠯᠠᠯ ᠤᠨ | ᠤᠯᠠᠭ᠎ᠠ ᠥᠷᠲᠡᠭᠡᠨ ᠤ ᠰᠢᠰᠲ᠋ᠧᠮᠵᠢ ᠤᠯᠠᠮ ᠲᠡᠬᠦᠯᠳᠡᠷᠵᠢᠭᠰᠡᠨ ᠪᠠᠶᠢᠨ᠎ᠠ᠃ ᠳᠤᠮᠳᠠᠳᠤ ᠤᠯᠤᠰ ᠤᠨ ᠠᠳᠤᠭᠤᠨ ᠤ | ᠦᠢᠯᠡᠰ ᠤᠨ ᠨᠡᠶᠢᠬᠡᠮᠯᠢᠭ ᠤᠨ ᠲᠠᠶᠢᠹᠤᠰᠧ ᠦᠷᠳᠡᠭᠡ ᠳᠠᠬᠢ ᠮᠤᠷᠢᠨ ᠤᠷᠤᠯᠳᠤᠭᠠᠨ ᠂ ︽ᠼᠦᠩ ᠯᠢ ᠳᠤ | ᠴᠠᠰᠤᠨ ᠳᠤ ᠭᠤᠯᠭᠤᠵᠤ᠂ ᠲᠠᠶᠢᠹᠤᠰᠧ ᠳᠤ ᠬᠤᠨᠤᠵᠤ ᠰᠠᠭᠤᠬᠤ︾ ᠡᠪᠦᠯ ᠤᠨ ᠤᠯᠠᠷᠢᠯ ᠤᠨ ᠵᠢᠭᠤᠯᠴᠢᠯᠠᠯ᠂ | ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ ᠲᠤ ᠵᠤᠷᠢᠭᠤᠯᠤᠭᠰᠠᠨ ᠨᠠᠭᠠᠳᠤᠮ᠂ ᠮᠠᠰᠢᠨ ᠮᠤᠲ᠋ᠤᠷ | ᠵᠢᠯᠤᠭᠤᠳᠴᠤ ᠲᠠᠯ᠎ᠠ ᠨᠤᠲᠤᠭ ᠢᠶᠠᠷ ᠠᠶᠠᠯᠠᠬᠤ ᠬᠦᠳᠡᠯᠭᠡᠭᠡᠨ᠂ ᠰᠢᠯᠢ ᠶᠢᠨ ᠭᠤᠣᠯ ᠮᠣᠩᠭᠤᠯ ᠮᠣᠷᠢᠨ ᠤ ᠬᠤᠯᠪᠣᠭᠠᠲᠤ | ᠤᠷᠤᠯᠳᠤᠭᠠᠨ ᠤ ᠲᠠᠶᠢᠹᠤᠰᠧ ᠥᠷᠲᠡᠭᠡ ᠳᠠᠬᠢ ᠤᠷᠤᠯᠳᠤᠭᠠᠨ᠂ ᠭᠡᠭᠡᠷᠯᠡᠨ ᠠᠶᠠᠯᠠᠬᠤ ᠮᠠᠰᠢᠨ ᠲᠡᠷᠭᠡᠨ ᠤ | ᠤᠷᠤᠯᠳᠤᠭᠠᠨ᠂ ᠰᠢᠨ᠎ᠡ ᠤᠨ ᠢᠶᠠᠨ ᠤᠭᠳᠤᠬᠤ ᠴᠡᠩᠬᠡᠬᠦᠨ ᠵᠡᠷᠭᠡ ᠰᠣᠶᠣᠯ ᠵᠢᠭᠤᠯᠴᠢᠯᠠᠯ ᠤᠨ ᠰᠢᠷᠢᠰ | ᠠᠵᠢᠯᠯᠠᠭ᠎ᠠ ᠶᠢ ᠠᠮᠵᠢᠯᠲᠠ ᠲᠠᠢ ᠡᠷᠬᠢᠯᠡᠭᠡᠳ᠂ ᠵᠢᠭᠤᠯᠴᠢᠯᠠᠭᠴᠢ ᠶᠢᠨ ᠲᠤᠭ᠎ᠠ ᠪᠠ ᠵᠢᠭᠤᠯᠴᠢᠯᠠᠯ ᠤᠨ ᠤᠷᠤᠯᠭ᠎ᠠ | ᠲᠤᠭᠳᠠᠭᠤᠨ ᠢᠶᠠᠷ ᠨᠡᠮᠡᠭᠳᠡᠪᠡ᠃ ᠬᠤᠰᠢᠭᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ | ᠪᠠᠶᠢᠭᠤᠯᠤᠯᠲᠠ ᠶᠢᠨ ᠲᠥᠷᠥᠯ ᠵᠦᠢᠯ ᠢ ᠢᠳᠡᠪᠬᠢᠲᠡᠶ ᠪᠠᠷ ᠡᠷᠡᠮᠡᠯᠵᠡᠯᠡᠨ ᠮᠡᠳᠡᠭᠦᠯᠵᠦ᠂ ᠡᠯ᠎ᠡ ᠲᠥᠷᠥᠯ ᠤᠨ | ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ 9 ᠤᠳᠠᠭ᠎ᠠ ᠦᠷᠨᠢᠬᠦᠯᠦᠨ᠂ ᠨᠡᠶᠢᠲᠡ 3516.8 ᠲᠦᠮᠡᠨ | ᠲᠥᠭᠦᠷᠢᠭ ᠤᠨ ᠬᠡᠷᠡᠭᠯᠡᠭᠡ ᠶᠢ ᠲᠠᠶᠢᠴᠢᠯᠠᠭᠰᠠᠨ ᠪᠠᠶᠢᠨ᠎ᠠ᠃ ᠰᠢᠭᠤᠳ ᠨᠡᠪᠲᠡᠷᠡᠭᠦᠯᠬᠦ ᠡᠯᠧᠺᠲᠷᠤᠨ ᠬᠤᠳᠠᠯᠳᠤᠭᠠᠨ ᠤ | ᠠᠵᠤ ᠦᠢᠯᠡᠰ ᠤᠨ ᠰᠢᠰᠲ᠋ᠧᠮ ᠠᠩᠬ᠎ᠠ ᠠᠯᠬᠤᠮ ᠬᠡᠪᠴᠢᠶᠡᠵᠢᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠠᠷᠠᠯᠵᠢᠶᠠᠨ ᠤ ᠬᠡᠮᠵᠢᠶ᠎ᠡ 9.5 ᠳ᠋ᠦᠩᠰᠢᠭᠤᠷ ᠲᠥᠭᠦᠷᠢᠭ ᠢ ᠳᠠᠪᠠᠵᠠᠢ᠃ ᠬᠡᠷᠡᠭᠯᠡᠭᠡ ᠪᠠᠷ ᠨᠡᠮᠡᠭᠳᠡᠯ ᠢ ᠠᠬᠢᠭᠤᠯᠵᠤ᠂ | ᠤᠯᠠᠮᠵᠢᠯᠠᠯᠲᠤ ᠬᠡᠷᠡᠭᠯᠡᠭᠡ ᠶᠢ ᠪᠠᠬᠢᠵᠢᠬᠦᠯᠦᠨ᠂ ᠰᠢᠨ᠎ᠡ ᠮᠠᠶ᠋ᠢᠭ ᠤᠨ ᠬᠡᠷᠡᠭᠯᠡᠭᠡ ᠶᠢ ᠥᠷᠭᠡᠳᠬᠡᠵᠦ᠂ | ᠲᠥᠬᠦᠭᠡᠷᠦᠮᠵᠢ ᠶᠢᠨ ᠰᠢᠨᠡᠴᠢᠯᠡᠯᠲᠡ ᠪᠠ ᠬᠡᠷᠡᠭᠯᠡᠭᠡᠨ ᠤ ᠵᠦᠢᠯᠡᠰ ᠤᠨ ︽ᠬᠠᠭᠤᠴᠢᠨ ᠢᠶᠠᠷ ᠰᠢᠨ᠎ᠡ ᠶᠢ ᠰᠣᠯᠢᠬᠤ︾ | ᠠᠵᠢᠯᠯᠠᠭ᠎ᠠ ᠶᠢ ᠯᠠᠪᠳᠠᠭᠤᠨ ᠢᠶᠠᠷ ᠠᠬᠢᠭᠤᠯᠤᠨ᠂ ᠬᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ | ᠰᠣᠯᠢᠬᠤ ᠠᠵᠢᠯᠯᠠᠭ᠎ᠠ ᠶᠢ 14 ᠤᠳᠠᠭ᠎ᠠ ᠡᠷᠭᠢᠯᠡᠪᠡ᠃ ᠲᠤᠰ ᠵᠢᠯ ᠳᠤ᠂ ᠲᠠᠶᠢᠹᠤᠰᠧ ᠬᠤᠰᠢᠭᠤᠨ ᠤ ᠲᠢᠶᠠᠨ ᠮᠠ | ᠲᠠᠷᠢᠶᠠᠯᠠᠩ ᠤᠨ ᠠᠷᠠᠯᠵᠢᠶᠠᠨ ᠤ ᠬᠢᠵᠠᠭᠠᠷᠲᠤ ᠺᠣᠮᠫᠠᠨᠢ ᠨᠢ ᠪᠦᠬᠦ ᠤᠯᠤᠰ ᠤᠨ ᠬᠠᠩᠭᠠᠨ ᠪᠣᠷᠣᠯᠠᠭᠤᠯᠬᠤ ᠬᠤᠷᠡᠰᠢᠶᠠᠨ | ᠤ ᠰᠢᠰᠲ᠋ᠧᠮ ᠤᠨ ᠲᠡᠷᠢᠭᠦᠨ ᠤ ᠬᠠᠮᠲᠤ ᠨᠢᠭᠡᠴᠡ ᠪᠠᠷ ᠦᠨᠡᠯᠡᠭᠳᠡᠵᠡᠢ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠬᠠᠳᠠᠭᠠᠯᠠᠮᠵᠢ ᠪᠠ ᠵᠢᠭᠡᠯᠡᠯᠭᠡ ᠶᠢᠨ ᠦᠯᠡᠳᠡᠪᠦᠷᠢ ᠲᠤᠰᠪᠤᠷᠢ 99.86 ᠳ᠋ᠦᠩᠰᠢᠭᠤᠷ ᠲᠥᠭᠦᠷᠢᠭ ᠪᠠ 95.67 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.24 % ᠪᠠ 7.69 % ᠪᠠᠷ | ᠨᠡᠮᠡᠭᠳᠡᠭᠡᠳ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠴᠢᠳᠠᠪᠤᠷᠢ ᠲᠠᠰᠤᠷᠠᠯᠲᠠ ᠥᠬᠡᠶ ᠲᠡᠭᠡᠭᠰᠢᠯᠡᠭᠰᠡᠨ ᠪᠠᠶᠢᠨ᠎ᠠ᠃ | | ︵ᠬᠤᠶᠠᠷ︶ ᠲᠦᠷᠦᠯ ᠵᠦᠢᠯ ᠢ ᠠᠳᠬᠤᠨ ᠣᠷᠴᠢᠨ ᠨᠦᠬᠦᠴᠡᠯ ᠢ ᠰᠢᠯᠢᠳᠡᠭᠵᠢᠭᠦᠯᠵᠦ᠂ ᠬᠥᠭᠵᠢᠯᠲᠡ ᠶᠢᠨ | ᠬᠥᠳᠡᠯᠭᠡᠬᠦ ᠬᠦᠴᠦᠨ ᠤᠯᠠᠮ ᠴᠢᠩᠭᠠᠷᠠᠪᠠ᠃ ᠲᠥᠷᠥᠯ ᠵᠦᠢᠯ ᠤᠨ ᠪᠠᠶᠢᠭᠤᠯᠤᠯᠲᠠ ᠶᠢ ᠥᠨᠳᠥᠷ ᠪᠦᠲᠦᠮᠵᠢᠲᠡᠶ | ᠠᠬᠢᠭᠤᠯᠤᠭᠰᠠᠨ᠃ ︽ᠲᠥᠷᠥᠯ ᠵᠦᠢᠯ ᠢ ᠠᠳᠬᠤᠬᠤ ᠪᠣᠯ ᠳᠠᠷᠤᠶ ᠬᠥᠭᠵᠢᠯᠲᠡ ᠶᠢ ᠠᠳᠬᠤᠬᠤ︾ ᠬᠡᠮᠡᠬᠦ | ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠲᠥᠷᠥᠯ ᠵᠦᠢᠯ ᠢ ᠠᠳᠬᠤᠨ ᠪᠠᠯᠠ ᠣᠷᠣᠭᠤᠯᠤᠯᠲᠠ ᠶᠢ | ᠲᠣᠭᠲᠠᠪᠤᠷᠢᠵᠢᠭᠤᠯᠬᠤ ᠳᠡᠭᠡᠷ᠎ᠡ ᠬᠦᠴᠦ ᠲᠠᠯᠪᠢᠵᠤ᠂ ᠪᠦᠲᠦᠮᠵᠢᠲᠡᠶ ᠪᠠᠯᠠ ᠣᠷᠣᠭᠤᠯᠤᠯᠲᠠ ᠶᠢ ᠶᠡᠬᠡᠰᠭᠡᠨ᠂ ᠠᠶᠢᠮᠠᠭ | ᠬᠤᠰᠢᠭᠤ ᠬᠤᠶᠠᠷ ᠱᠠᠲᠤᠨ ᠤ ᠭᠤᠤᠯᠳᠠᠯᠭ᠎ᠠ ᠲᠠᠢ ᠲᠥᠷᠥᠯ ᠵᠦᠢᠯ 93 ᠶᠢ ᠬᠡᠷᠡᠭᠵᠢᠭᠦᠯᠵᠦ᠂ ᠶᠡᠷᠦᠩᠬᠡᠶ ᠪᠠᠯᠠ | ᠣᠷᠣᠭᠤᠯᠤᠯᠲᠠ 116.5 ᠳ᠋ᠦᠩᠰᠢᠭᠤᠷ ᠲᠥᠭᠦᠷᠢᠭ᠂ ᠲᠤᠰ ᠵᠢᠯ ᠤᠨ ᠪᠤᠳᠠᠳᠠᠢ ᠪᠠᠯᠠ ᠣᠷᠣᠭᠤᠯᠤᠯᠲᠠ 20.22 | ᠳ᠋ᠦᠩᠰᠢᠭᠤᠷ ᠲᠥᠭᠦᠷᠢᠭ ᠢ ᠪᠡᠶᠡᠯᠡᠬᠦᠯᠦᠭᠡᠳ᠂ ᠪᠥᠬᠦ ᠬᠤᠰᠢᠭᠤᠨ ᠤ ᠠᠵᠤ ᠠᠬᠤᠶ ᠶᠢᠨ ᠲᠣᠭᠲᠠᠭᠤᠨ ᠤ ᠳᠤᠮᠳᠠ | ᠰᠠᠶᠢᠵᠢᠷᠠᠬᠤ ᠳᠤ ᠬᠦᠴᠦᠲᠡᠶ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠢᠨᠵᠧᠨᠧᠷᠢᠩ ᠤᠨ ᠤᠷᠤᠭᠰᠢᠲᠠᠶ ᠶᠠᠪᠤᠭᠳᠠᠬᠤ ᠶᠢ ᠪᠥᠬᠦ ᠬᠦᠴᠦᠨ ᠢᠶᠠᠷ ᠠᠬᠢᠭᠤᠯᠵᠤ᠂ ᠤᠯᠤᠰ | ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠳᠠ᠂ ᠬᠤᠲᠠ ᠶᠢᠨ ᠰᠠᠭᠤᠷᠢ | ᠲᠥᠬᠦᠭᠡᠷᠦᠮᠵᠢ ᠶᠢᠨ ᠪᠠᠶᠢᠭᠤᠯᠤᠯᠲᠠ ᠪᠠ ᠰᠢᠲᠠᠮᠠᠬᠠᠶ ᠬᠡᠶ ᠶᠢᠨ ᠲᠤᠤᠷ ᠬᠤᠭᠤᠯᠠᠶ ᠶᠢᠨ ᠥᠭᠡᠷᠡᠴᠢᠯᠡᠯᠲᠠ ᠵᠡᠷᠭᠡ 16 | ᠲᠥᠷᠥᠯ ᠵᠦᠢᠯ᠂ 5.77 ᠳ᠋ᠦᠩᠰᠢᠭᠤᠷ ᠲᠥᠭᠦᠷᠢᠭ ᠢ ᠡᠷᠡᠮᠡᠯᠵᠡᠯᠡᠨ ᠤᠯᠤᠭᠰᠠᠨ ᠪᠦᠭᠡᠳ 6.74 ᠳ᠋ᠦᠩᠰᠢᠭᠤᠷ | ᠲᠥᠭᠦᠷᠢᠭ ᠤᠨ ᠪᠠᠯᠠ ᠣᠷᠣᠭᠤᠯᠵᠦ᠂ ᠴᠢᠶᠠᠨ ᠶᠢᠨ ᠭᠸᠦ ᠪᠠᠯᠭᠠᠰᠤᠨ ᠤ ᠸᠠᠨ ᠬᠦᠶ ᠶᠢᠩᠽᠢ ᠠᠴᠠ ᠴᠢ ᠬᠤᠤ | ᠬᠦᠷᠬᠦ ᠵᠠᠰᠠᠮᠠᠯ ᠵᠠᠮ ᠤᠨ ᠪᠠᠶᠢᠭᠤᠯᠤᠯᠲᠠ ᠪᠠ ᠭᠤᠤᠯᠳᠠᠯᠭ᠎ᠠ ᠲᠠᠢ ᠵᠠᠮ ᠤᠨ ᠤᠰᠤ ᠲᠠᠲᠠᠷᠠᠭᠤᠯᠵᠤ ᠦᠶᠡᠷ | ᠰᠡᠷᠭᠡᠶᠢᠯᠡᠬᠦ ᠲᠦᠬᠦᠭᠡᠷᠦᠮᠵᠢ ᠶᠢᠨ ᠦᠬᠡᠷᠡᠴᠢᠯᠡᠯᠳᠡ ᠵᠡᠷᠭᠡ 7 ᠲᠥᠷᠥᠯ ᠵᠦᠢᠯ ᠢ ᠭᠡᠷᠡᠭᠵᠢᠬᠦᠯᠦᠭᠡᠳ᠂ ᠡᠯ᠎ᠡ | ᠲᠦᠷᠦᠯ ᠤᠨ ᠲᠥᠷᠥ ᠶᠢᠨ ᠪᠣᠳᠣᠯᠭ᠎ᠠ ᠶᠢ ︽ᠴᠠᠭᠠᠰᠤᠨ ᠳᠡᠭᠡᠷ᠎ᠡ︾ ᠠᠴᠠ ︽ᠭᠠᠵᠠᠷ ᠲᠡᠭᠡᠷ᠎ᠡ︾ | ᠨᠠᠶᠢᠳᠠᠪᠤᠷᠢᠵᠢᠭᠤᠯᠬᠤ ᠶᠢ ᠦᠨᠡᠨ ᠬᠦ ᠪᠡᠶᠡᠯᠡᠭᠦᠯᠪᠡ᠃ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠠᠵᠢᠯ ᠢᠯᠡᠷᠬᠡᠢ | ᠠᠮᠵᠢᠯᠳᠠ ᠤᠯᠤᠭᠰᠠᠨ᠃ ᠪᠥᠬᠦ ᠬᠤᠰᠢᠭᠤᠨ ᠤ ᠶᠡᠷᠦᠩᠬᠡᠶ ᠬᠥᠭᠵᠢᠯᠲᠡ ᠶᠢᠨ ᠲᠥᠯᠥᠪᠵᠢᠭᠦᠯᠭᠡ ᠪᠠ ᠠᠵᠤ | ᠦᠢᠯᠡᠰ ᠤᠨ ᠪᠠᠶᠢᠷᠢᠰᠢᠭᠤᠯᠤᠯᠲᠠ ᠶᠢᠨ ᠲᠣᠭᠤᠷᠢᠨ ᠳᠤ 9 ᠵᠤᠷᠪᠤᠰ ᠬᠤᠯᠪᠤᠭᠳᠠᠯ ᠪᠥᠬᠦᠶ ᠠᠵᠤ ᠦᠢᠯᠡᠰ ᠤᠨ | ᠬᠡᠯᠬᠢᠶ᠎ᠡ ᠶᠢ ᠲᠥᠯᠥᠪᠵᠢᠭᠦᠯᠦᠨ ᠪᠠᠶᠢᠷᠢᠰᠢᠭᠤᠯᠵᠤ᠂ ᠠᠷᠠᠯᠵᠢᠶᠠᠴᠢᠨ ᠤᠷᠢᠬᠤ ᠲᠥᠷᠥᠯ ᠵᠦᠢᠯ 24 ᠶᠢ ᠰᠢᠨᠵᠢᠯᠡᠬᠦ | ᠤᠬᠠᠭᠠᠨᠴᠢ ᠪᠠᠷ ᠨᠦᠬᠡᠴᠡᠯᠡᠨ᠂ ᠬᠠᠪᠤᠷ ᠤᠨ ᠤᠯᠠᠷᠢᠯ ᠪᠠ ᠵᠣᠨ ᠤ ᠤᠯᠠᠷᠢᠯ ᠤᠨ ᠠᠷᠠᠯᠵᠢᠶᠠᠴᠢᠨ ᠤᠷᠢᠬᠤ | ᠲᠠᠨᠢᠯᠴᠠᠭᠤᠯᠭ᠎ᠠ ᠶᠢᠨ ᠬᠤᠷᠠᠯ ᠢ ᠠᠮᠵᠢᠯᠲᠠ ᠲᠠᠢ ᠡᠷᠭᠢᠯᠡᠵᠦ᠂ ᠡᠯ᠎ᠡ ᠲᠦᠷᠦᠯ ᠤᠨ ᠠᠵᠤ ᠠᠬᠤᠶᠢᠯᠠᠯ ᠯᠤᠭ᠎ᠠ 120 | ᠭᠠᠷᠤᠶ ᠤᠳᠠᠭ᠎ᠠ ᠵᠤᠯᠭᠠᠭᠤᠯᠤᠨ᠂ 14 ᠬᠤᠪᠢ ᠲᠦᠷᠦᠯ ᠵᠦᠢᠯ ᠤᠨ ᠭᠡᠷ᠎ᠡ ᠶᠢ ᠲᠤᠭᠳᠠᠵᠤ᠂ ᠶᠡᠷᠦᠩᠬᠡᠶ ᠪᠠᠯᠠ | ᠣᠷᠣᠭᠤᠯᠤᠯᠲᠠ 40.22 ᠳ᠋ᠦᠩᠰᠢᠭᠤᠷ ᠲᠥᠭᠦᠷᠢᠭ ᠲᠤ ᠬᠦᠷᠴᠦ᠂ 13.22 ᠳ᠋ᠦᠩᠰᠢᠭᠤᠷ ᠲᠥᠭᠦᠷᠢᠭ ᠢ ᠨᠢ | ᠤᠷᠤᠨ ᠪᠠᠶᠢᠷᠢ ᠳᠤᠨᠢ ᠬᠦᠷᠭᠡᠭᠡᠳ᠂ ᠡᠨᠡ ᠨᠢ ᠠᠳᠠᠯᠢ ᠬᠤᠭᠤᠴᠠᠭᠠᠨ ᠤ ᠬᠢ ᠠᠴᠠ 21% ᠪᠠᠷ ᠨᠡᠮᠡᠭᠳᠡᠪᠡ᠃ | ᠵᠥᠩ ᠺᠧ ᠾᠧᠩ ᠶᠤᠸᠠᠨ ᠪᠦᠯᠦᠭᠯᠡᠯ ᠤᠨ 2GWh ᠡᠨᠧᠷᠭᠢ ᠬᠠᠳᠠᠭᠠᠯᠠᠬᠤ ᠰᠢᠰᠲ᠋ᠧᠮ ᠤᠨ PACK | ᠦᠢᠯᠡᠳᠪᠦᠷᠢᠯᠡᠯ ᠤᠨ ᠲᠥᠷᠥᠯ ᠵᠦᠢᠯ᠂ ᠵᠢᠶᠠ ᠹᠧᠩ ᠰᠢᠨ᠎ᠡ ᠮᠠᠲ᠋ᠧᠷᠢᠶᠠᠯ ᠤᠨ PVC/PE ᠦᠢᠯᠡᠳᠪᠦᠷᠢᠯᠡᠯ ᠤᠨ | ᠲᠥᠷᠥᠯ ᠵᠦᠢᠯ᠂ ᠬᠠᠨ ᠰᠢᠨ ᠺᠣᠮᠫᠠᠨᠢ ᠶᠢᠨ ᠲᠡᠮᠦᠷᠯᠢᠭ ᠤᠳᠠᠰᠤᠨ ᠤ ᠦᠢᠯᠡᠳᠪᠦᠷᠢᠯᠡᠯ ᠤᠨ ᠲᠥᠷᠥᠯ ᠵᠦᠢᠯ ᠨᠢ | ᠲᠣᠰ ᠵᠢᠯ ᠳᠡᠭᠡᠨ ᠪᠥᠲᠥᠭᠡᠨ ᠪᠠᠶᠢᠭᠤᠯᠤᠯᠳᠠ ᠪᠠᠨ ᠲᠠᠭᠤᠰᠬᠠᠵᠤ᠂ ᠦᠢᠯᠡᠳᠪᠦᠷᠢᠯᠡᠯ ᠡᠵᠡᠩᠨᠡᠯᠳᠡ ᠪᠠᠨ ᠡᠬᠢᠯᠡᠭᠰᠡᠨ | ᠪᠠᠶᠢᠨ᠎ᠠ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠯᠠᠮ ᠰᠢᠯᠢᠳᠡᠭᠵᠢᠭᠰᠡᠨ᠃ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠣᠨᠣᠪᠴᠢ ᠶᠢᠨ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ 1813 ᠵᠤᠷᠪᠤᠰ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠲᠤᠭᠳᠠᠭᠠᠨ ᠨᠡᠶᠢᠳᠡᠯᠡᠵᠦ᠂ ᠰᠦᠯᠵᠢᠶᠡᠨ ᠳᠡᠭᠡᠷ᠎ᠡ ᠭᠦᠢᠴᠡᠳᠬᠡᠵᠦ ᠪᠣᠯᠬᠤ | ᠪᠠ ᠪᠥᠬᠦ ᠶᠠᠪᠤᠴᠠ ᠶᠢ ᠰᠦᠯᠵᠢᠶ᠎ᠡ ᠪᠠᠷ ᠭᠦᠢᠴᠡᠳᠬᠡᠬᠦ ᠨᠣᠷᠮ᠎ᠠ ᠲᠤᠰᠪᠤᠷᠢ 99.17% ᠪᠠ 93.33% ᠳᠤ | ᠬᠦᠷᠴᠦ᠂ ᠬᠦᠢᠴᠡᠳᠭᠡᠬᠦ ᠴᠠᠭ ᠢ 80.64% ᠪᠠᠷ ᠪᠤᠭᠤᠨᠢᠰᠬᠠᠵᠠᠢ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ | ᠦᠨᠳᠦᠰᠦᠨ ᠱᠠᠲᠤ ᠪᠠ ᠠᠵᠤ ᠦᠢᠯᠡᠰ ᠬᠦᠷᠢᠶᠡᠯᠡᠩ ᠳᠠᠰᠢ ᠤᠷᠲᠤᠳᠬᠠᠬᠤ ᠶᠢ ᠯᠠᠪᠳᠠᠭᠤᠨ ᠢᠶᠠᠷ ᠠᠬᠢᠭᠤᠯᠵᠤ᠂ | ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠪᠠ ᠬᠦᠷᠢᠶᠡᠯᠡᠩ ᠲᠣᠭᠤᠷᠢᠭ ᠤᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠥᠷᠲᠡᠭᠡ ᠶᠢ ᠥᠨᠳᠥᠷ ᠪᠠᠷᠢᠮᠵᠢᠶ᠎ᠠ ᠪᠠᠷ ᠪᠠᠶᠢᠭᠤᠯᠤᠨ᠂ | ᠭᠤᠤᠯᠳᠠᠯᠭ᠎ᠠ ᠲᠠᠢ ᠲᠥᠷᠥᠯ ᠵᠦᠢᠯ ᠢ ᠪᠦᠬᠦᠨ ᠢ ᠣᠷᠣᠯᠠᠨ ᠭᠦᠢᠴᠡᠳᠭᠡᠬᠦ ᠪᠤᠶᠤ ᠬᠠᠪᠰᠤᠷᠤᠨ ᠭᠦᠢᠴᠡᠳᠭᠡᠬᠦ | ᠬᠡᠪᠴᠢᠶᠡᠨ ᠳᠤ ᠤᠷᠤᠭᠤᠯᠤᠭᠠᠳ᠂ ᠤᠷᠤᠯᠠᠨ ᠬᠦᠢᠴᠡᠳᠭᠡᠬᠦ ᠪᠤᠶᠤ ᠬᠠᠪᠰᠤᠷᠤᠨ ᠭᠦᠢᠴᠡᠳᠭᠡᠬᠦ ᠲᠥᠷᠥᠯ ᠵᠦᠢᠯ 76 | ᠂ ᠣᠷᠣᠯᠠᠨ ᠭᠦᠢᠴᠡᠳᠭᠡᠬᠦ ᠬᠠᠪᠰᠤᠷᠤᠨ ᠭᠦᠢᠴᠡᠳᠭᠡᠬᠦ ᠤᠴᠢᠷ ᠶᠠᠪᠤᠳᠠᠯ 10998 ᠶᠢ ᠪᠡᠶᠡᠯᠡᠭᠦᠯᠵᠦ᠂ ᠣᠯᠠᠨ | ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠤᠮᠧᠲᠷ︾ ᠢ ᠨᠡᠪᠲᠡᠷᠡᠭᠦᠯᠪᠡ᠃ ᠠᠷᠠᠳ ᠠᠴᠠ ᠡᠵᠡᠩᠨᠡᠭᠰᠡᠨ | ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠭᠠᠶᠢᠯᠢ ᠰᠦᠢᠳᠬᠡᠯ ᠢ ᠨᠡᠶᠢᠳᠡ 1.7 | ᠳ᠋ᠦᠩᠰᠢᠭᠤᠷ ᠲᠥᠭᠦᠷᠢᠭ ᠬᠠᠰᠤᠵᠤ ᠬᠡᠯᠳᠦᠷᠢᠬᠦᠯᠦᠭᠰᠡᠨ ᠪᠠᠶᠢᠨ᠎ᠠ᠃ ᠡᠬᠦᠨ ᠤ ᠬᠠᠮᠳᠤ᠂ ᠬᠤᠳᠠᠯᠳᠤᠭᠠᠨ ᠤ | ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠲᠤ ᠣᠷᠣᠬᠤ | ᠵᠥᠪᠰᠢᠶᠡᠷᠡᠯ ᠢ ᠦᠷᠭᠦᠯᠵᠢᠯᠡᠨ ᠠᠭᠤᠵᠢᠭᠤ ᠲᠠᠯᠪᠢᠭᠰᠠᠨ ᠢᠶᠠᠷ 1547 ᠡᠷᠦᠬᠡ ᠵᠠᠬ᠎ᠠ ᠳᠡᠯᠭᠡᠭᠦᠷ ᠤᠨ ᠭᠤᠤᠯ | ᠴᠣᠭᠴᠠ ᠰᠢᠨ᠎ᠡ ᠪᠠᠷ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 9.5% ᠪᠠᠷ ᠨᠡᠮᠡᠭᠳᠡᠪᠡ᠃ | ︵ᠭᠤᠷᠪᠠ︶ ᠪᠦᠲᠦᠭᠡᠨ ᠪᠠᠶᠢᠭᠤᠯᠤᠯᠲᠠ ᠶᠢ ᠠᠳᠬᠤᠨ ᠳᠤᠲᠠᠭᠤᠳᠠᠯ ᠢ ᠨᠥᠬᠦᠪᠥᠷᠢᠯᠡᠵᠤ᠂ ᠬᠤᠳᠠ ᠬᠥᠳᠡᠭᠡ | ᠶᠢᠨ ᠵᠡᠷᠭᠡᠪᠡᠷ ᠬᠦᠭᠵᠢᠬᠦ ᠶᠢ ᠠᠬᠢᠭᠤᠯᠪᠠ᠃ ᠬᠤᠲᠠ ᠪᠠᠯᠭᠠᠰᠤᠨ ᠤ ᠳᠦᠷᠰᠦ ᠪᠠᠶᠢᠳᠠᠯ ᠦᠷᠭᠦᠯᠵᠢᠯᠡᠨ ᠰᠢᠨᠡᠳᠦᠭᠰᠡᠨ᠃ | 34.2 ᠺᠢᠯᠤᠮᠧᠲᠷ ᠢᠯᠴᠢ ᠬᠠᠩᠭᠠᠬᠤ ᠬᠤᠭᠤᠯᠠᠢ ᠶᠢ ᠰᠢᠨ᠎ᠡ ᠪᠠᠷ ᠤᠭᠰᠠᠷᠠᠨ᠂ 8.5 ᠺᠢᠯᠤᠮᠧᠲᠷ ᠪᠣᠷᠣᠭᠠᠨ ᠤ | ᠤᠰᠤ ᠤᠷᠤᠰᠬᠠᠬᠤ ᠬᠤᠭᠤᠯᠠᠢ᠂ 9.2 ᠺᠢᠯᠤᠮᠧᠲᠷ ᠢᠯᠴᠢ ᠬᠠᠩᠭᠠᠬᠤ ᠬᠤᠭᠤᠯᠠᠢ ᠶᠢ ᠥᠭᠡᠷᠡᠴᠢᠯᠡᠨ | ᠰᠠᠶᠢᠵᠢᠷᠠᠭᠤᠯᠵᠤ᠂ 6 ᠰᠠᠭᠤᠷᠢ ᠢᠯᠴᠢ ᠰᠤᠯᠢᠭᠳᠠᠭᠤᠯᠬᠤ ᠥᠷᠲᠡᠭᠡ ᠶᠢ ᠰᠢᠨ᠎ᠡ ᠪᠠᠷ ᠪᠠᠶᠢᠭᠤᠯᠪᠠ᠃ ᠰᠢᠩ ᠳ᠋ᠠ | ᠬᠤᠸᠠ ᠶᠤᠸᠠᠨ ᠰᠠᠭᠤᠭᠠᠯᠢ ᠲᠣᠭᠤᠷᠢᠭ ᠤᠨ ᠦᠬᠡᠷᠡᠴᠢᠯᠡᠯᠳᠡ ᠶᠢ ᠬᠢᠵᠦ᠂ 142 ᠲᠦᠮᠡᠨ ᠲᠥᠭᠦᠷᠢᠭ ᠤᠨ | ᠲᠦᠷᠢᠶᠡᠰᠦᠨ ᠨᠥᠬᠦᠪᠥᠷᠢ ᠶᠢ ᠤᠯᠭᠤᠵᠠᠢ᠃ ᠲᠠᠶᠢᠹᠤᠰᠧ ᠬᠤᠰᠢᠭᠤᠨ ᠠᠴᠠ ᠰᠢᠯᠣᠭᠤᠨ ᠬᠦᠪᠡᠭᠡᠳᠦ ᠴᠠᠭᠠᠨ | ᠬᠤᠰᠢᠭᠤ ᠬᠦᠷᠬᠦ ᠨᠡᠶᠢᠳᠡ ᠶᠢᠨ ᠮᠠᠰᠢᠨ ᠤ ᠵᠠᠮ ᠱᠤᠭᠤᠮ ᠢ ᠨᠡᠪᠳᠡᠷᠡᠭᠦᠯᠵᠣ᠂ 7 ᠰᠠᠤᠷᠢ ᠰᠢᠨ᠎ᠡ ᠡᠨᠧᠷᠬᠢ ᠶᠢᠨ | ᠨᠡᠶᠢᠳᠡ ᠶᠢᠨ ᠮᠠᠰᠢᠨ ᠢ ᠲᠤᠬᠢᠷᠠᠭᠤᠯᠤᠭᠰᠠᠨ ᠤ ᠬᠠᠮᠳᠤ ᠢᠵᠢ ᠪᠦᠷᠢᠳᠦᠭᠰᠡᠨ ᠲᠡᠷᠭᠡᠨ ᠵᠣᠭᠰᠣᠭᠠᠯ 121 ᠶᠢ | ᠭᠠᠷᠭᠠᠵᠤ ᠂ ᠴᠠᠬᠢᠯᠭᠠᠨ ᠴᠡᠨᠡᠭᠯᠡᠬᠦ ᠦᠷᠳᠡᠭᠡ 5 ᠶᠢ ᠪᠠᠶᠢᠭᠤᠯᠤᠨ᠂ ᠴᠠᠬᠢᠯᠭᠠᠨ ᠴᠡᠨᠡᠭᠯᠡᠬᠦ ᠱᠣᠩ 21 ᠶᠢ | ᠤᠭᠰᠠᠷᠠᠭᠠᠳ᠂ ᠬᠤᠳᠠ ᠪᠠᠯᠭᠠᠰᠣᠨ ᠤ ᠰᠠᠭᠤᠷᠢ ᠲᠦᠬᠦᠭᠡᠷᠦᠮᠵᠢ ᠶᠢ ᠣᠯᠠᠮ ᠲᠡᠬᠦᠯᠳᠡᠷᠵᠢᠬᠦᠯᠦᠭᠰᠡᠨ ᠪᠠᠶᠢᠨ᠎ᠠ᠃ | ᠬᠤᠲᠠ ᠪᠠᠯᠭᠠᠰᠤᠨ ᠤ ᠨᠠᠷᠢᠯᠢᠬᠵᠢᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠲᠠᠰᠤᠷᠠᠯᠲᠠ ᠥᠬᠡᠶ ᠳᠡᠭᠡᠭᠰᠢᠯᠡᠵᠦ᠂ | ᠲᠤᠷ᠎ᠠ ᠪᠠᠷ ᠢᠶᠠᠨ ᠠᠯᠠᠵᠤ ᠨᠢᠲᠤᠯᠬᠤ᠂ ᠳᠤᠷ᠎ᠠ ᠪᠠᠷ ᠢᠶᠠᠨ ᠪᠠᠷᠢᠵᠤ ᠪᠠᠶᠢᠭᠤᠯᠬᠤ ᠠᠵᠢᠯᠯᠠᠭ᠎ᠠ ᠶᠢ ᠪᠠᠶᠢᠩᠭᠤ ᠶᠢᠨ | ᠴᠢᠨᠠᠷᠳᠠᠢ ᠴᠡᠭᠴᠡᠯᠡᠨ᠂ 27 ᠠᠳᠠᠯ ᠠᠬᠤᠶ ᠶᠢᠨ ᠠᠵᠤ ᠠᠬᠤᠶᠢᠯᠠᠯ ᠢ ᠰᠢᠯᠢ ᠶᠢᠨ ᠭᠤᠤᠯ ᠠᠶᠢᠮᠠᠭ ᠤᠨ ᠠᠳᠠᠯ | ᠠᠬᠤᠶ ᠶᠢᠨ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠲᠠᠪᠴᠠᠩ ᠳᠤ ᠤᠷᠤᠭᠤᠯᠤᠭᠰᠠᠨ ᠪᠦᠭᠡᠳ | ᠪᠤᠤᠴᠠᠩ ᠤᠨ ᠲᠠᠷᠢᠶᠠᠯᠠᠩ ᠤᠨ ᠠᠷᠠᠯᠵᠢᠶᠠᠨ ᠤ ᠲᠣᠮᠣ ᠵᠠᠬ᠎ᠠ ᠶᠢ ᠪᠠᠶᠢᠭᠤᠯᠵᠤ ᠠᠰᠢᠭᠯᠠᠯᠲᠠ ᠳᠤ ᠤᠷᠤᠭᠤᠯᠤᠭᠠᠳ᠂ | ᠵᠠᠮ ᠡᠵᠡᠯᠡᠵᠦ ᠠᠷᠠᠯᠵᠢᠶ᠎ᠠ ᠬᠢᠳᠡᠭ ᠲᠦᠴᠢᠭᠡᠳ ᠵᠢᠯ ᠤᠨ ᠲᠡᠤᠬᠡ ᠶᠢ ᠡᠴᠦᠰᠯᠡᠭᠦᠯᠵᠦ᠂ ᠬᠤᠲᠠ ᠶᠢᠨ ᠳᠦᠷᠢ | ᠲᠥᠷᠬᠦ ᠶᠢ ᠰᠠᠶᠢᠵᠢᠷᠠᠭᠤᠯᠤᠭᠰᠠᠨ ᠪᠠᠶᠢᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ | ᠶᠠᠰᠤ ᠴᠢᠨᠠᠷ ᠪᠠ ᠦᠷ᠎ᠡ ᠪᠦᠳᠦᠮᠵᠢ ᠲᠡᠭᠡᠭᠰᠢᠯᠡᠭᠰᠡᠨ᠃ ︽ᠳᠥᠷᠪᠡ ᠶᠢ ᠦᠯᠦ ᠲᠠᠶᠠᠭᠳᠠᠬᠤ︾ ᠱᠠᠭᠠᠷᠳᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ 94 ᠡᠷᠦᠬᠡ 166 ᠬᠥᠮᠦᠨ ᠢ ᠬᠠᠪᠰᠤᠷᠤᠨ ᠲᠡᠳᠬᠦᠬᠦ ᠨᠢᠭᠤᠷᠯᠠᠯ ᠳᠤ | ᠤᠷᠤᠭᠤᠯᠤᠨ᠂ ᠬᠡᠪᠴᠢᠶᠡᠵᠢᠭᠰᠡᠨ ᠴᠢᠨᠠᠷᠲᠠᠶ ᠳᠠᠬᠢᠨ ᠶᠠᠳᠠᠭᠤᠷᠠᠬᠤ ᠬᠤᠷᠢᠭ᠎ᠠ ᠱᠤᠭᠤᠮ ᠢ ᠪᠠᠲᠤ ᠰᠠᠬᠢᠪᠠ᠃ ᠡᠯ᠎ᠡ | ᠲᠥᠷᠥᠯ ᠤᠨ ᠵᠤᠯᠭᠠᠭᠤᠯᠤᠯᠳᠠ ᠶᠢᠨ ᠪᠡᠯᠡ ᠮᠥᠩᠭᠦ ᠪᠠ ᠪᠡᠭᠡᠵᠢᠩ ᠥᠪᠥᠷ ᠮᠣᠩᠭᠤᠯ ᠤᠨ ᠬᠠᠮᠳᠤᠷᠠᠯᠴᠠᠭᠠᠨ ᠤ ᠪᠡᠯᠡ | ᠮᠥᠩᠭᠦ ᠶᠢ ᠨᠡᠶᠢᠲᠡ 2.3 ᠳ᠋ᠦᠩᠰᠢᠭᠤᠷ ᠲᠥᠭᠦᠷᠢᠭ ᠣᠷᠣᠭᠤᠯᠵᠤ᠂ ᠠᠵᠤ ᠦᠢᠯᠡᠰ ᠤᠨ ᠬᠠᠮᠵᠢᠯᠴᠠᠭ᠎ᠠ ᠬᠢᠬᠦ᠂ | ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ᠂ ᠵᠢᠱᠢᠶ᠎ᠡ ᠦᠵᠡᠭᠦᠯᠬᠦ ᠲᠣᠰᠬᠤᠨ ᠢ ᠪᠠᠶᠢᠭᠤᠯᠬᠤ᠂ ᠬᠦᠷᠢᠶ᠎ᠡ | ᠬᠠᠰᠢᠶᠠᠨ ᠤ ᠠᠵᠤ ᠠᠬᠤᠶ ᠶᠢ ᠬᠦᠭᠵᠢᠬᠦᠯᠬᠦ ᠵᠡᠷᠭᠡ 33 ᠲᠥᠷᠥᠯ ᠵᠦᠢᠯ ᠢ ᠭᠡᠷᠡᠭᠵᠢᠬᠦᠯᠪᠡ᠃ ᠮᠠᠯᠵᠢᠬᠤ | ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ ᠶᠢ ᠭᠦᠨᠵᠡᠭᠡᠶ ᠦᠷᠨᠢᠬᠦᠯᠦᠨ᠂ | 1177 ᠡᠷᠦᠬᠡ ᠶᠢᠨ ᠵᠣᠷᠯᠣᠩ ᠢ ᠰᠢᠨ᠎ᠡ ᠪᠠᠷ ᠪᠠᠶᠢᠭᠤᠯᠵᠤ᠂ 92 ᠡᠷᠦᠬᠡ ᠶᠢᠨ ᠨᠤᠷᠠᠬᠤ ᠠᠶᠤᠯᠲᠠᠶ ᠬᠡᠷ | ᠪᠠᠶᠢᠰᠢᠩ ᠢ ᠥᠭᠡᠷᠡᠴᠢᠯᠡᠨ ᠵᠠᠰᠠᠵᠤ᠂ ᠦᠢᠯᠡᠳᠪᠦᠷᠢᠯᠡᠯ ᠤᠨ ᠴᠢᠨᠠᠷᠲᠠᠢ᠂ ᠠᠮᠢᠳᠤᠷᠠᠯ ᠤᠨ ᠴᠢᠨᠠᠷᠲᠠᠢ ᠵᠡᠷᠭᠡ | ᠲᠠᠯ᠎ᠠ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ 2.5 ᠲᠦᠮᠡᠨ ᠤᠳᠠᠭ᠎ᠠ ᠥᠷᠨᠢᠭᠦᠯᠵᠦ᠂ 35.6 ᠲᠦᠮᠡᠨ ᠬᠥᠮᠥᠨ | ᠤᠳᠠᠭ᠎ᠠ ᠳᠤ ᠠᠰᠢᠭ ᠬᠦᠷᠳᠡᠭᠡᠵᠡᠢ᠃ ᠪᠡᠭᠡᠵᠢᠩ ᠥᠪᠥᠷ ᠮᠣᠩᠭᠤᠯ ᠤᠨ ᠬᠠᠮᠳᠤᠷᠠᠯᠴᠠᠭ᠎ᠠ ᠪᠠ ᠪᠥᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠬᠠᠪᠰᠤᠷᠤᠨ ᠲᠡᠳᠬᠦᠬᠦ ᠡᠬᠢ ᠪᠠᠶᠠᠯᠢᠭ ᠢ | ᠰᠠᠶᠢᠳᠤᠷ ᠬᠡᠷᠡᠭᠯᠡᠵᠦ᠂ ᠡᠯ᠎ᠡ ᠲᠥᠷᠥᠯ ᠤᠨ ᠬᠡᠷᠡᠭᠯᠡᠭᠡ ᠪᠠᠷ ᠬᠠᠪᠰᠤᠷᠤᠨ ᠲᠡᠳᠬᠦᠬᠦ ᠠᠵᠢᠯᠯᠠᠭ᠎ᠠ ᠪᠠ ᠲᠠᠷᠢᠶᠠᠯᠠᠩ ᠤᠨ | ᠪᠦᠲᠦᠭᠡᠭᠳᠡᠬᠦᠨ ᠢᠶᠠᠨ ᠲᠠᠨᠢᠯᠴᠠᠭᠤᠯᠤᠨ ᠪᠣᠷᠣᠯᠠᠭᠤᠯᠬᠤ ᠠᠵᠢᠯᠯᠠᠭ᠎ᠠ ᠶᠢ ᠡᠷᠭᠢᠯᠡᠵᠦ᠂ ᠲᠠᠷᠢᠶᠠᠯᠠᠩ ᠤᠨ | ᠪᠦᠲᠦᠭᠡᠭᠳᠡᠬᠦᠨ ᠪᠠ ᠤᠨᠴᠠᠯᠢᠬᠳᠤ ᠭᠠᠷ ᠤᠷᠠᠯᠠᠯ ᠤᠨ ᠪᠦᠲᠦᠭᠡᠭᠳᠡᠬᠦᠨ ᠤ ᠪᠤᠷᠤᠯᠠᠭᠤᠯᠭ᠎ᠠ 6.63 ᠳ᠋ᠦᠩᠰᠢᠭᠤᠷ | ᠲᠥᠭᠦᠷᠢᠭ ᠲᠤ ᠬᠦᠷᠴᠡᠢ᠃ ᠰᠠᠭᠤᠷᠢ ᠲᠥᠬᠦᠭᠡᠷᠦᠮᠵᠢ ᠡᠳᠦᠷ ᠢᠷᠡᠬᠦᠶ᠎ᠡ ᠲᠡᠬᠦᠯᠳᠡᠷᠵᠢᠭᠰᠡᠨ᠃ ᠲᠠᠢ ᠽᠢ ᠴᠧᠩ | ᠠᠴᠠ ᠰᠢᠯᠢ ᠶᠢᠨ ᠬᠤᠳᠠ ᠬᠦᠷᠬᠦ ᠲᠡᠮᠦᠷ ᠵᠠᠮ ᠤᠨ ᠲᠥᠷᠥᠯ ᠵᠦᠢᠯ ᠢ ᠯᠠᠪᠳᠠᠭᠤᠨ ᠢᠶᠠᠷ ᠠᠬᠢᠭᠤᠯᠬᠤ ᠶᠢᠨ ᠬᠠᠮᠳᠤ᠂ | ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ | ᠪᠠᠶᠢᠭᠤᠯᠤᠯᠲᠠ ᠶᠢ ᠠᠬᠢᠭᠤᠯᠵᠤ᠂ ᠭᠠᠴᠠᠭ᠎ᠠ ᠲᠣᠰᠬᠤᠨ ᠳᠤ ᠨᠡᠪᠳᠡᠷᠡᠬᠦ ᠵᠠᠰᠠᠮᠠᠯ ᠵᠠᠮ 3.74 ᠺᠢᠯᠤᠮᠧᠲᠷ ᠢ ᠰᠢᠨ᠎ᠡ | ᠪᠠᠷ ᠪᠠᠶᠢᠭᠤᠯᠤᠨ᠂ 67.92 ᠺᠢᠯᠤᠮᠧᠲᠷ ᠢ ᠠᠷᠠᠴᠢᠯᠠᠨ ᠬᠠᠮᠠᠭᠠᠯᠠᠵᠤ᠂ 40.8 ᠺᠢᠯᠤᠮᠧᠲᠷ ᠵᠠᠰᠠᠮᠠᠯ ᠵᠠᠮ ᠳᠤ | ᠴᠢᠨᠠᠷ ᠢ ᠰᠠᠶᠢᠵᠢᠷᠠᠭᠤᠯᠬᠤ ᠦᠬᠡᠷᠡᠴᠢᠯᠡᠯᠳᠡ ᠬᠢᠵᠡᠢ ᠃ 4 ᠰᠠᠭᠤᠷᠢ ᠤᠰᠤ ᠬᠠᠩᠭᠠᠬᠤ ᠢᠨᠵᠧᠨᠧᠷᠢᠩ᠂ 3 ᠰᠠᠭᠤᠷᠢ | ᠤᠰᠤ ᠴᠡᠪᠡᠷᠰᠢᠭᠦᠯᠬᠦ ᠢᠨᠵᠧᠨᠧᠷᠢᠩ ᠢ ᠰᠢᠨ᠎ᠡ ᠪᠠᠷ ᠭᠡᠷᠡᠭᠵᠢᠬᠦᠯᠵᠦ᠂ ᠬᠥᠳᠡᠭᠡ ᠲᠣᠰᠬᠤᠨ ᠤ 26 ᠰᠠᠭᠤᠷᠢ ᠤᠰᠤ | ᠬᠠᠩᠭᠠᠬᠤ ᠢᠨᠵᠧᠨᠧᠷᠢᠩ ᠳᠤ ᠵᠠᠰᠠᠯᠳᠠ ᠪᠠ ᠬᠠᠮᠠᠭᠠᠯᠠᠯᠳᠠ ᠬᠢᠵᠦ᠂ 6 ᠭᠠᠴᠠᠭ᠎ᠠ ᠲᠣᠰᠬᠤᠨ ᠤ 3777 ᠮᠠᠯᠴᠢᠨ | ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠳᠤ ᠬᠡᠷᠡᠭᠯᠡᠬᠦ ᠤᠰᠤᠨ ᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ | ᠴᠠᠬᠢᠯᠭᠠᠨ ᠬᠦᠴᠦᠨ ᠤ ᠢᠨᠵᠧᠨᠧᠷᠢᠩ 7 ᠶᠢ ᠬᠡᠷᠡᠭᠵᠢᠭᠦᠯᠵᠦ᠂ 299.2 ᠺᠢᠯᠤᠮᠧᠲᠷ ᠴᠠᠬᠢᠯᠭᠠᠨ ᠱᠤᠭᠤᠮ ᠢ | ᠰᠢᠨ᠎ᠡ ᠪᠠᠷ ᠪᠠᠶᠢᠭᠤᠯᠬᠤ ᠪᠤᠶᠤ ᠦᠬᠡᠷᠡᠴᠢᠯᠡᠨ ᠰᠢᠨᠡᠳᠭᠡᠵᠦ᠂ ᠬᠦᠴᠦᠳᠡᠯ ᠥᠭᠡᠷᠡᠴᠢᠯᠡᠭᠴᠢ 109 ᠶᠢ ᠤᠭᠰᠠᠷᠠᠨ᠂ | ᠱᠤ᠋ ᠭᠤᠸᠠᠩ ᠤᠨ 110KV ᠤᠨ ᠬᠦᠴᠦᠳᠡᠯ ᠥᠭᠡᠷᠡᠴᠢᠯᠡᠬᠦ ᠦᠷᠳᠡᠭᠡ ᠶᠢ ᠠᠰᠢᠭᠯᠠᠯᠲᠠ ᠳᠤ ᠤᠷᠤᠭᠤᠯᠤᠭᠠᠳ᠂ | ᠴᠠᠬᠢᠯᠭᠠᠨ ᠬᠦᠴᠦᠨ ᠤ ᠪᠠᠲᠤᠯᠠᠭ᠎ᠠ ᠪᠠ ᠳᠠᠭᠠᠭᠠᠴᠠ ᠲᠠᠰᠤᠷᠠᠯᠲᠠ ᠦᠭᠡᠢ ᠴᠢᠩᠭᠠᠷᠠᠭᠰᠠᠨ ᠪᠠᠶᠢᠨ᠎ᠠ᠃ ᠡᠬᠦᠨ ᠤ | ᠬᠠᠮᠳᠤ᠂ 5G ᠰᠠᠭᠤᠷᠢ ᠥᠷᠲᠡᠭᠡ 207 ᠶᠢ ᠰᠢᠨ᠎ᠡ ᠪᠠᠷ ᠪᠠᠶᠢᠭᠤᠯᠬᠤ ᠪᠤᠶᠤ ᠦᠬᠡᠷᠡᠴᠢᠯᠡᠨ ᠰᠢᠨᠡᠳᠭᠡᠵᠦ᠂ | ᠴᠢᠮᠡᠭᠡ ᠬᠤᠯᠪᠣᠭᠠᠨ ᠤ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠪᠡ᠃ | ︵ᠲᠦᠷᠪᠡ︶ ᠵᠠᠰᠠᠯᠳᠠ ᠶᠢ ᠠᠳᠬᠤᠨ ᠠᠮᠢ ᠠᠬᠤᠢ ᠶᠢ ᠰᠢᠯᠢᠳᠡᠭᠵᠢᠭᠦᠯᠵᠦ᠂ ᠠᠮᠢ ᠠᠬᠤᠢ ᠶᠢᠨ ᠬᠠᠯᠬᠠᠪᠴᠢ | ᠶᠢᠨ ᠠᠮᠤᠷ ᠲᠦᠪᠰᠢᠨ ᠢ ᠪᠠᠳᠤᠳᠬᠠᠪᠠ᠃ ᠠᠮᠢ ᠠᠬᠤᠢ ᠶᠢᠨ ᠬᠠᠮᠠᠭᠠᠯᠠᠯᠲᠠ ᠮᠡᠳᠡᠭᠳᠡᠮ᠎ᠡ ᠠᠮᠵᠢᠯᠳᠠ ᠤᠯᠤᠭᠰᠠᠨ | ᠃ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ | ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠣᠢ ᠰᠢᠭᠤᠢ ᠨᠤᠳᠤᠭ ᠪᠡᠯᠴᠢᠭᠡᠷ ᠢ ᠡᠪᠳᠡᠨ ᠰᠦᠢᠳᠭᠡᠬᠦ ᠳᠤ | ᠴᠤᠬᠢᠯᠳᠠ ᠦᠭᠬᠦ ᠵᠡᠷᠭᠡ ᠲᠤᠰᠬᠠᠢ ᠲᠦᠷᠦᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠂ ᠬᠤᠯᠠᠨ ᠰᠢᠷᠭ᠎ᠠ | ᠳᠠᠭ᠎ᠠ ᠶᠢᠨ ᠡᠯᠡᠰᠦᠷᠬᠡᠭ ᠭᠠᠵᠠᠷ ᠤᠨ ᠰᠦᠨᠦᠬᠡᠯᠳᠡ ᠶᠢᠨ ᠲᠠᠶᠢᠯᠠᠯᠳᠤᠭᠠᠨ ᠢ ᠡᠬᠢᠯᠡᠭᠦᠯᠵᠦ᠂ ᠤᠯᠤᠰ ᠤᠨ ᠨᠤᠲᠤᠭ | ᠳᠡᠪᠢᠰᠬᠡᠷ ᠤᠨ ᠨᠣᠭᠤᠭᠠᠷᠠᠭᠤᠯᠤᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠪᠠ ︽ᠥᠪᠥᠷ ᠮᠣᠩᠭᠤᠯ | ᠾᠧᠪᠸᠢ ᠶᠢᠨ ᠵᠠᠭᠠᠭ︾ ᠲᠠᠬᠢ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ | ᠲᠥᠷᠥᠯ ᠵᠦᠢᠯ ᠤᠨ ᠡᠭᠦᠷᠭᠡ ᠶᠢ ᠪᠡᠶᠡᠯᠡᠬᠦᠯᠦᠭᠡᠳ᠂ ᠬᠥᠮᠥᠨ ᠤ ᠬᠦᠴᠦ ᠪᠠᠷ 1.89 ᠲᠦᠮᠡᠨ ᠮᠦ ᠮᠤᠳᠤ ᠲᠠᠷᠢᠵᠤ᠂ | 17.08 ᠲᠦᠮᠡᠨ ᠮᠦ ᠲᠠᠴᠢᠷᠰᠢᠭᠰᠠᠨ ᠣᠢ ᠮᠤᠳᠤ ᠶᠢ ᠵᠠᠰᠠᠨ ᠰᠡᠷᠬᠦᠭᠡᠭᠰᠡᠨ ᠪᠦᠭᠡᠳ 1 ᠲᠦᠮᠡᠨ ᠮᠦ ᠪᠤᠳᠠᠯᠢᠭ | ᠮᠣᠳᠣ ᠲᠠᠷᠢᠵᠤ᠂ 5 ᠲᠦᠮᠡᠨ ᠮᠤ᠋ ᠪᠤᠳᠠᠯᠢᠭ ᠮᠤᠳᠤ ᠶᠢ ᠵᠠᠰᠠᠵᠤ᠂ 1 ᠲᠦᠮᠡᠨ ᠮᠤ᠋ ᠨᠢᠯᠬ᠎ᠠ ᠮᠤᠳᠤ ᠶᠢ ᠠᠷᠠᠴᠢᠯᠠᠨ | ᠪᠤᠶᠢᠵᠢᠭᠤᠯᠵᠠᠢ᠃ ︽ᠣᠶᠤᠨᠴᠢ ᠣᠶ ᠰᠢᠭᠤᠶ ᠨᠤᠳᠤᠭ ᠪᠡᠯᠴᠢᠭᠡᠷ ᠤᠨ ᠳᠠᠷᠤᠭ᠎ᠠ︾ ᠶᠢᠨ ᠮᠡᠳᠡᠭᠡ ᠵᠠᠩᠬᠢ ᠶᠢᠨ | ᠲᠠᠪᠴᠠᠩ ᠢ ᠪᠥᠬᠦ ᠣᠷᠣᠨ ᠪᠦᠰᠡ ᠳᠤ ᠳᠡᠯᠭᠡᠷᠡᠭᠦᠯᠵᠦ᠂ 204 ᠲᠦᠮᠡᠨ ᠮᠥ ᠣᠶ ᠰᠢᠭᠤᠶ ᠨᠤᠳᠤᠭ ᠪᠡᠯᠴᠢᠭᠡᠷ ᠢ | ᠬᠢᠨᠠᠯᠲᠠ ᠬᠠᠮᠢᠶᠠᠷᠤᠯᠲᠠ ᠳᠤ ᠤᠷᠤᠭᠤᠯᠪᠠ᠃ ᠲᠤᠰ ᠵᠢᠯ ᠳᠤ᠂ ᠮᠠᠨ ᠤ ᠬᠤᠰᠢᠭᠤ ᠨᠢ ᠭᠤᠷᠪᠠᠳᠤᠭᠠᠷ ᠪᠦᠯᠦᠭ ᠤᠨ | ︽ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠶᠢᠨ ᠬᠤᠲᠠ︾ ᠪᠠᠷ ᠴᠤᠯᠠᠯᠠᠭᠳᠠᠵᠠᠢ᠃ ᠠᠮᠢ ᠠᠬᠤᠢ ᠶᠢᠨ | ᠵᠠᠰᠠᠯᠲᠠ ᠮᠡᠳᠡᠭᠳᠡᠮ᠎ᠡ ᠠᠮᠵᠢᠯᠳᠠ ᠤᠯᠤᠭᠰᠠᠨ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ᠂ | ᠤᠢ ᠰᠢᠭᠤᠢ ᠨᠤᠳᠤᠭ ᠪᠡᠯᠴᠢᠭᠡᠷ ᠤᠨ ᠳᠠᠷᠤᠭ᠎ᠠ ᠶᠢᠨ ᠲᠦᠷᠢᠮ ᠢ ᠪᠦᠲᠦᠮᠵᠢᠲᠡᠶ ᠨᠠᠶᠢᠳᠠᠪᠤᠷᠢᠵᠢᠭᠤᠯᠵᠤ᠂ ᠠᠭᠠᠷ | ᠮᠠᠨᠳᠠᠯ᠂ ᠤᠰᠤ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠤᠭᠠᠳ᠂ | ᠠᠭᠠᠷ ᠤᠨ ᠴᠢᠨᠰᠠᠭ᠎ᠠ ᠰᠢᠯᠢᠳᠡᠭ ᠰᠠᠶᠢᠨ ᠡᠳᠦᠷ 95 % ᠠᠴᠠ ᠲᠠᠪᠠᠵᠤ᠂ ᠤᠤᠭᠤᠬᠤ ᠤᠰᠤᠨ ᠤ ᠶᠠᠰᠤ ᠴᠢᠨᠠᠷ ᠤᠨ | ᠪᠠᠷᠢᠮᠵᠢᠶ᠎ᠠ ᠳᠤ ᠬᠦᠷᠦᠭᠰᠡᠨ ᠨᠣᠷᠮ᠎ᠠ᠂ ᠪᠣᠬᠢᠷ ᠤᠰᠤ ᠭᠠᠳᠠᠭᠰᠢᠯᠠᠭᠤᠯᠬᠤ ᠪᠠᠷᠢᠮᠵᠢᠶ᠎ᠠ ᠳᠤ ᠬᠦᠷᠦᠭᠰᠡᠨ ᠨᠣᠷᠮ᠎ᠠ ᠪᠦᠷ | 100 % ᠳᠤ ᠬᠦᠷᠦᠭᠰᠡᠨ ᠪᠠᠶᠢᠨ᠎ᠠ᠃ ᠮᠠᠯᠵᠢᠬᠤ ᠲᠠᠷᠢᠶᠠᠯᠠᠬᠤ ᠣᠷᠣᠨ ᠤ ᠭᠡᠰᠡᠭ ᠭᠠᠵᠠᠷ ᠲᠤ ︽ᠨᠡᠬᠦᠷᠡᠰᠦ ᠶᠢ | ᠴᠠᠬᠢᠯᠭᠠᠨ ᠪᠤᠯᠭᠠᠬᠤ︾ ᠴᠡᠪᠡᠷ ᠡᠨᠧᠷᠬᠢ ᠶᠢᠨ ᠳᠤᠯᠠᠭᠠᠯᠠᠭ᠎ᠠ ᠶᠢᠨ ᠥᠭᠡᠷᠡᠴᠢᠯᠡᠯᠲᠡ ᠶᠢᠨ ᠲᠦᠷᠦᠯ ᠵᠦᠢᠯ ᠢ | ᠭᠡᠷᠡᠭᠵᠢᠬᠦᠯᠦᠭᠡᠳ᠂ 267 ᠡᠷᠦᠬᠡ ᠨᠡᠬᠦᠷᠡᠰᠦᠨ ᠵᠤᠤᠬ᠎ᠠ ᠪᠠᠨ ᠴᠠᠬᠢᠯᠭᠠᠨ ᠵᠤᠤᠬ᠎ᠠ ᠪᠤᠯᠭᠠᠨ ᠦᠬᠡᠷᠡᠴᠢᠯᠡᠵᠡᠢ᠃ 1. | 5 ᠲᠦᠮᠡᠨ ᠮᠥ ᠵᠤᠵᠠᠭᠠᠨ ᠰᠦᠯᠢᠶᠣᠣ ᠪᠦᠷᠬᠦᠪᠴᠢ ᠂ 2.5 ᠲᠦᠮᠡᠨ ᠮᠥ ᠠᠮᠢᠳᠤ ᠪᠣᠳᠠᠰ ᠤᠨ ᠵᠠᠳᠠᠷᠠᠯᠲᠠ ᠶᠢᠨ | ᠪᠦᠷᠬᠦᠪᠴᠢ ᠶᠢ ᠲᠡᠯᠬᠡᠷᠡᠬᠦᠯᠦᠨ ᠭᠡᠷᠡᠭᠯᠡᠵᠦ᠂ ᠬᠠᠶᠠᠭᠳᠠᠮᠠᠯ ᠬᠠᠭᠤᠴᠢᠨ ᠪᠦᠷᠬᠦᠪᠴᠢ ᠶᠢ ᠬᠤᠷᠢᠶᠠᠨ ᠠᠪᠬᠤ ᠨᠣᠷᠮ᠎ᠠ | 85% ᠳᠤ ᠬᠦᠷᠪᠡ᠃ 16 ᠬᠠᠪᠳᠠᠭᠠᠢ ᠳᠥᠷᠪᠡᠯᠵᠢᠨ ᠺᠢᠯᠤᠮᠧᠲᠷ ᠪᠠᠭ᠎ᠠ ᠰᠠᠪᠠ ᠭᠠᠵᠠᠷ ᠤᠨ ᠵᠠᠰᠠᠯᠲᠠ ᠶᠢ ᠬᠢᠵᠦ᠂ | ᠲᠸᠦ ᠬᠤᠤ ᠲᠣᠰᠬᠤᠨ ᠤ ᠦᠶᠡᠷ ᠰᠡᠷᠭᠡᠶᠢᠯᠡᠬᠦ ᠢᠨᠵᠧᠨᠧᠷᠢᠩ᠂ ᠪᠤᠤᠴᠠᠩ ᠭᠤᠤᠯ ᠤᠨ ᠵᠠᠰᠠᠯᠲᠠ ᠶᠢᠨ | ᠢᠨᠵᠧᠨᠧᠷᠢᠩ ᠢ ᠲᠣᠭᠲᠠᠭᠰᠠᠨ ᠬᠤᠭᠤᠴᠠᠭᠠᠨ ᠳᠤ ᠳᠠᠭᠤᠰᠬᠠᠪᠠ᠃ 50 ᠾᠧᠺᠲ᠋ᠠᠷ ᠠᠭᠤᠷᠬᠠᠶ ᠶᠢᠨ ᠣᠷᠣᠨ ᠤ | ᠣᠷᠴᠢᠨ ᠲᠣᠭᠤᠷᠢᠨ ᠢ ᠵᠠᠰᠠᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠪᠠ ᠬᠠᠮᠢᠶᠠᠷᠬᠤ ᠬᠦᠮᠦᠨ ᠦᠭᠡᠢ | ᠬᠠᠶᠠᠭᠳᠠᠮᠠᠯ ᠠᠭᠤᠷᠬᠠᠶ ᠶᠢᠨ ᠨᠦᠬᠡ ᠭᠠᠩᠭ᠎ᠠ 168 ᠶᠢ ᠵᠠᠰᠠᠨ ᠰᠡᠷᠭᠦᠭᠡᠵᠦ᠂ 1 ᠡᠷᠦᠬᠡ ᠣᠷᠣᠨ ᠤ ᠲᠠᠰ ᠤᠨ | ᠪᠣᠬᠢᠷᠲᠤᠯ ᠥᠬᠡᠶ ᠠᠭᠤᠷᠬᠠᠶ ᠶᠢ ᠪᠠᠶᠢᠭᠤᠯᠵᠠᠢ᠃ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠶ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠬᠤ ᠲᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠬᠤᠶᠠᠳᠤᠭᠠᠷ ᠡᠭᠡᠯᠵᠢ ᠶᠢᠨ ᠥᠪᠡᠷᠲᠡᠭᠡᠨ | ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠬᠤ ᠲᠤᠭᠤᠶᠢᠯᠠᠩ ᠤᠨ | ᠰᠢᠯᠵᠢᠭᠦᠯᠦᠨ ᠲᠤᠰᠢᠶᠠᠭᠰᠠᠨ 4 ᠬᠤᠪᠢ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠪᠦᠬᠦᠨ ᠢ ᠰᠢᠢᠳᠪᠦᠷᠢᠯᠡᠵᠦ᠂ | ᠲᠠᠶᠢᠹᠤᠰᠧ ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠢ ᠬᠢᠨᠠᠨ ᠬᠡᠮᠵᠢᠬᠦ ᠥᠷᠲᠡᠭᠡ ᠨᠢ ᠬᠤᠶᠠᠳᠤᠭᠠᠷ | ᠪᠦᠯᠦᠭ ᠤᠨ ︽ᠤᠯᠤᠰ ᠤᠨ ᠠᠮᠢ ᠠᠬᠤᠢ ᠶᠢᠨ ᠶᠠᠰᠤ ᠴᠢᠨᠠᠷ ᠢ ᠬᠢᠨᠠᠨ ᠬᠡᠮᠵᠢᠬᠦ ᠥᠷᠲᠡᠭᠡ︾ ᠪᠠᠷ ᠰᠣᠩᠭᠤᠭᠳᠠᠪᠠ᠃ | | ︵ᠲᠠᠪᠤ︶ ᠰᠠᠶᠢᠵᠢᠷᠠᠭᠤᠯᠤᠯᠳᠠ ᠶᠢ ᠠᠳᠬᠤᠨ ᠪᠠᠲᠤᠯᠠᠭ᠎ᠠ ᠶᠢ ᠴᠢᠩᠭᠠᠳᠬᠠᠵᠤ᠂ ᠨᠡᠶᠢᠭᠡᠮ ᠤᠨ ᠦᠢᠯᠡᠰ ᠢ | ᠪᠦᠬᠦ ᠲᠠᠯ᠎ᠠ ᠪᠠᠷ ᠬᠦᠭᠵᠢᠬᠦᠯᠪᠡ᠃ ᠠᠷᠠᠳ ᠤᠨ ᠠᠮᠢᠳᠤᠷᠠᠯ ᠤᠨ ᠪᠠᠲᠤᠯᠠᠭ᠎ᠠ ᠲᠣᠭᠲᠠᠭᠤᠨ ᠢᠶᠠᠷ ᠲᠡᠭᠡᠭᠰᠢᠯᠡᠭᠰᠡᠨ᠃ | ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠦᠨᠳᠦᠰᠦᠨ ᠨᠠᠰᠤᠵᠢᠯ ᠤᠨ | ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠲᠤᠰᠪᠤᠷᠢ 16.3 ᠲᠦᠮᠡ ᠪᠠ 13.2 ᠲᠦᠮᠡ ᠳᠤ ᠬᠦᠷᠴᠦ᠂ | ᠡᠯ᠎ᠡ ᠵᠦᠢᠯ ᠤᠨ ᠳᠠᠭᠠᠳᠬᠠᠯ ᠤᠨ ᠲᠥᠷᠥᠯ ᠵᠦᠢᠯ ᠨᠢ ᠪᠦᠷ ᠬᠡᠪᠴᠢᠶ᠎ᠡ ᠥᠷᠭᠡᠳᠬᠡᠬᠦ ᠵᠢᠯ ᠤᠨ ᠡᠭᠦᠷᠭᠡ ᠪᠠᠨ | ᠳᠠᠪᠠᠭᠤᠯᠤᠨ ᠪᠡᠶᠡᠯᠡᠬᠦᠯᠵᠡᠢ᠃ ᠨᠡᠶᠢᠭᠡᠮ ᠤᠨ ᠠᠪᠤᠷᠠᠨ ᠲᠤᠰᠠᠯᠠᠬᠤ ᠬᠤᠷᠢᠭ᠎ᠠ ᠱᠤᠭᠤᠮ ᠢ ᠪᠠᠲᠤ ᠰᠠᠬᠢᠵᠤ᠂ ᠨᠠᠭᠠᠳᠤ | ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠨᠠᠰᠤᠵᠢᠯ ᠤᠨ ᠠᠰᠠᠷᠠᠮᠵᠢ᠂ ᠵᠡᠮᠳᠡᠭᠴᠤᠤᠯ ᠤᠨ ᠠᠰᠠᠷᠠᠮᠵᠢ᠂ ᠣᠨᠴᠠ | ᠬᠦᠴᠢᠷᠳᠡᠯᠲᠡᠶ ᠬᠦᠮᠦᠰ ᠤᠨ ᠠᠪᠤᠷᠠᠨ ᠲᠤᠰᠠᠯᠠᠬᠤ ᠪᠠᠯᠠ ᠮᠥᠩᠭᠦ ᠶᠢ ᠨᠡᠶᠢᠳᠡ 1.26 ᠳ᠋ᠦᠩᠰᠢᠭᠤᠷ ᠲᠥᠭᠦᠷᠢᠭ | ᠲᠠᠷᠬᠠᠭᠠᠵᠤ᠂ ᠴᠡᠷᠢᠭ ᠠᠴᠠ ᠬᠠᠯᠠᠭᠳᠠᠭᠰᠠᠳ ᠤᠨ ᠬᠠᠷᠠᠭᠠᠯᠵᠠᠯ ᠤᠨ ᠮᠥᠩᠭᠦ᠂ ᠠᠰᠠᠷᠠᠨ ᠬᠠᠷᠠᠭᠠᠯᠵᠠᠬᠤ ᠨᠢᠭᠤᠷᠯᠠᠯ | ᠤᠨ ᠬᠠᠷᠠᠭᠠᠯᠵᠠᠯ ᠤᠨ ᠮᠦᠩᠬᠦ᠂ ᠣᠷᠣᠨ ᠨᠤᠲᠤᠭ ᠤᠨ ᠠᠵᠤ ᠠᠬᠤᠶ ᠶᠢᠨ ᠨᠥᠬᠦᠪᠥᠷᠢ ᠶᠢ ᠨᠡᠶᠢᠳᠡ 1161.7 | ᠲᠦᠮᠡᠨ ᠲᠥᠭᠦᠷᠢᠭ ᠲᠠᠷᠬᠠᠭᠠᠪᠠ᠃ ᠭᠤᠷᠪᠠᠨ ᠲᠠᠪᠬᠤᠷ ᠪᠠᠲᠤᠯᠠᠭ᠎ᠠ ᠶᠢᠨ ᠴᠢᠳᠠᠮᠵᠢ ᠶᠢ ᠲᠠᠰᠤᠷᠠᠯᠲᠠ ᠥᠬᠡᠶ | ᠴᠢᠩᠭᠠᠷᠠᠭᠤᠯᠤᠨ᠂ ᠰᠠᠭᠤᠷᠢ ᠮᠥᠩᠭᠦ ᠶᠢᠨ ᠵᠠᠷᠤᠯᠭ᠎ᠠ ᠨᠡᠶᠢᠲᠡ 4000 ᠲᠦᠮᠡᠨ ᠲᠥᠭᠦᠷᠢᠭ ᠲᠤ ᠬᠦᠷᠴᠦ᠂ | 5600 ᠭᠠᠷᠤᠶ ᠬᠥᠮᠦᠨ ᠤᠳᠠᠭ᠎ᠠ ᠳᠤ ᠠᠰᠢᠭ ᠬᠦᠷᠲᠡᠭᠡᠪᠡ᠃ ᠬᠤᠲᠠ ᠪᠠᠯᠭᠠᠰᠤᠨ ᠤ 615 ᠬᠥᠮᠦᠨ ᠳᠤ | ᠰᠢᠨ᠎ᠡ ᠪᠠᠷ ᠠᠵᠢᠯ ᠣᠯᠭᠤᠵᠤ᠂ 323 ᠠᠵᠢᠯ ᠠᠯᠳᠠᠭᠰᠠᠳ ᠲᠤ ᠳᠠᠬᠢᠨ ᠠᠵᠢᠯ ᠣᠯᠭᠤᠵᠤ᠂ 38403 | ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠵᠤ᠂ 710 ᠬᠥᠮᠦᠨ ᠤᠳᠠᠭ᠎ᠠ ᠳᠤ ᠠᠵᠢᠯ ᠮᠡᠷᠭᠡᠵᠢᠯ ᠤᠨ | ᠪᠣᠯᠪᠠᠰᠤᠷᠠᠯ ᠬᠦᠷᠳᠡᠭᠡᠭᠡᠳ᠂ ᠠᠵᠢᠯ ᠣᠯᠭᠤᠯᠲᠠ ᠶᠢᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠤ ᠳᠤᠮᠳᠠ | ᠰᠠᠶᠢᠵᠢᠷᠠᠭᠰᠠᠨ ᠪᠠᠶᠢᠨ᠎ᠠ᠃ ᠠᠵᠢᠯ ᠣᠯᠵᠤ ᠦᠢᠯᠡᠰ ᠪᠦᠳᠦᠬᠡᠬᠦ ᠶᠢ ᠬᠠᠪᠰᠤᠷᠤᠨ ᠲᠡᠳᠬᠦᠬᠦ ᠡᠷᠴᠢᠮ ᠢᠶᠠᠨ | ᠴᠢᠩᠭᠠᠷᠠᠭᠤᠯᠵᠤ᠂ ᠠᠵᠢᠯᠴᠢᠨ ᠡᠯᠰᠡᠬᠦ ᠬᠤᠷᠠᠯ ᠢ 12 ᠤᠳᠠᠭ᠎ᠠ ᠡᠷᠬᠢᠯᠡᠨ᠂ 9984 ᠠᠵᠢᠯ ᠤᠨ ᠪᠠᠶᠢᠷᠢ ᠶᠢ | ᠨᠡᠭᠡᠭᠡᠵᠦ᠂ 1436 ᠲᠦᠮᠡᠨ ᠲᠥᠭᠦᠷᠢᠭ ᠤᠨ ᠦᠢᠯᠡᠰ ᠪᠦᠳᠦᠬᠡᠬᠦ ᠪᠠᠲᠤᠯᠠᠭᠠᠲᠤ ᠵᠢᠭᠡᠯᠡᠯᠭᠡ ᠶᠢ ᠲᠠᠷᠬᠠᠭᠠᠵᠠᠢ᠃ | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠪᠠᠶᠢᠭᠤᠯᠤᠯᠲᠠ ᠶᠢ ᠢᠳᠡᠪᠬᠢᠲᠡᠶ ᠪᠠᠷ ᠠᠬᠢᠭᠤᠯᠵᠤ᠂ | ᠨᠠᠰᠤᠲᠠᠶᠢᠴᠤᠳ ᠲᠤ ᠵᠤᠷᠢᠭᠤᠯᠤᠭᠰᠠᠨ ᠬᠢᠮᠳᠠ ᠦᠨ᠎ᠡ ᠶᠢᠨ ᠬᠤᠭᠤᠯᠠᠨ ᠭᠡᠷ 3 ᠶᠢ ᠪᠠᠶᠢᠭᠤᠯᠤᠭᠰᠠᠨ ᠪᠦᠭᠡᠳ | ᠣᠷᠣᠨ ᠪᠦᠰᠡ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ᠂ ᠭᠠᠴᠠᠭ᠎ᠠ ᠲᠣᠰᠬᠤᠨ ᠱᠠᠲᠤᠨ ᠤ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ᠂ ᠬᠥᠳᠡᠭᠡ ᠲᠣᠰᠬᠤᠨ ᠤ ᠬᠠᠷᠢᠯᠴᠠᠨ ᠬᠠᠪᠰᠤᠷᠤᠯᠴᠠᠬᠤ | ᠵᠢᠷᠭᠠᠯᠠᠩᠳᠤ ᠬᠦᠷᠢᠶᠡᠯᠡᠩ ᠢ ᠪᠦᠬᠦᠨ ᠢ ᠪᠠᠶᠢᠭᠤᠯᠵᠤ ᠳᠠᠭᠤᠰᠬᠠᠪᠠ᠃ ︽ᠭᠤᠷᠪᠠᠨ ᠤᠷᠤᠨ ᠳᠣᠯᠣᠭᠠᠨ ᠲᠣᠭᠤᠷᠢᠭ︾ | ᠤᠨ ᠬᠡᠪᠴᠢᠶᠡᠨ ᠳᠤ ᠳᠤᠷ᠎ᠠ ᠪᠠᠷ ᠢᠶᠠᠨ ᠤᠩᠭᠤᠨ ᠪᠤᠯᠠᠰᠢ ᠭᠠᠷᠭᠠᠬᠤ ᠶᠢ ᠪᠦᠬᠦ ᠲᠠᠯ᠎ᠠ ᠪᠠᠷ ᠵᠠᠰᠠᠵᠤ᠂ 8800 | ᠣᠩᠭᠤᠨ ᠪᠤᠯᠠᠰᠢ ᠶᠢ ᠮᠤᠳᠤ ᠲᠠᠷᠢᠵᠤ ᠬᠠᠯᠬᠠᠯᠠᠭᠰᠠᠨ ᠪᠠᠶᠢᠨ᠎ᠠ᠃ ᠲᠠᠢ ᠫᠢᠩ ᠨᠡᠶᠢᠭᠡᠮ ᠲᠣᠭᠤᠷᠢᠭ ᠲᠤ ︽ᠲᠢᠶᠠᠨ | ᠢ ᠤᠶᠤᠨᠴᠢ ᠨᠡᠶᠢᠭᠡᠮ ᠲᠣᠭᠤᠷᠢᠭ︾ ᠢ ᠪᠠᠶᠢᠭᠤᠯᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠦᠩᠭᠡᠷᠡᠬᠦᠯᠬᠦ ᠪᠠ | ᠣᠯᠠᠨ ᠲᠦᠮᠡᠨ ᠳᠤ ᠴᠢᠨᠠᠷ ᠰᠠᠶᠢᠲᠠᠶ ᠦᠢᠯᠡᠴᠢᠯᠡᠬᠦ ᠬᠤᠤᠰ ᠬᠠᠷᠠᠯᠲᠠ ᠶᠢ ᠪᠡᠶᠡᠯᠡᠬᠦᠯᠦᠭᠡᠳ᠂ ᠪᠥᠬᠦ ᠠᠶᠢᠮᠠᠭ ᠲᠠᠭᠠᠨ | ᠡᠮᠦᠨ᠎ᠡ ᠨᠢ ᠬᠤᠰᠢᠭᠤᠷᠠᠵᠠᠢ᠃ ᠰᠤᠷᠭᠠᠨ ᠬᠥᠮᠦᠵᠢᠯ ᠤᠨ ᠬᠥᠭᠵᠢᠯᠲᠡ ᠤᠯᠠᠮ ᠰᠢᠯᠢᠳᠡᠭᠵᠢᠵᠦ ᠴᠢᠨᠠᠷᠵᠢᠭᠰᠠᠨ᠃ | ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠤᠬᠡᠳ ᠤᠨ ᠴᠡᠴᠡᠷᠯᠢᠭ ᠤᠨ ᠪᠦᠷᠬᠦᠴᠡ 85% ᠶᠢ ᠲᠠᠪᠠᠵᠤ᠂ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ︽ᠬᠤᠶᠠᠷ ᠢ ᠬᠦᠩᠭᠡᠷᠡᠬᠦᠯᠬᠦ︾ ᠠᠵᠢᠯ ᠦᠷᠭᠦᠯᠵᠢᠯᠡᠨ ᠪᠠᠬᠢᠵᠢᠵᠦ᠂ ᠦᠨᠳᠦᠷ | ᠵᠡᠷᠭᠡ ᠶᠢᠨ ᠳᠤᠮᠳᠠᠳᠤ ᠰᠤᠷᠭᠠᠭᠤᠯᠢ ᠪᠠ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ | ᠰᠢᠯᠭᠠᠯᠲᠠ ᠶᠢᠨ ᠬᠢᠷᠢ ᠪᠦᠲᠦᠮᠵᠢ ᠪᠦᠷ ᠰᠢᠨ᠎ᠡ ᠲᠡᠭᠡᠭᠰᠢᠯᠡᠯᠳᠡ ᠲᠠᠢ ᠪᠤᠯᠵᠤ᠂ ᠬᠦᠨᠪᠤᠯᠠᠭ ᠮᠤᠩᠭᠤᠯ | ᠰᠤᠷᠭᠠᠭᠤᠯᠢ ᠶᠢᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠲᠡᠪᠰᠢᠬᠦ ᠰᠢᠯᠭᠠᠯᠲᠠ ᠶᠢᠨ ᠬᠢᠷᠢ ᠪᠦᠲᠦᠮᠵᠢ | ᠪᠥᠬᠦ ᠠᠶᠢᠮᠠᠭ ᠲᠠᠭᠠᠨ ᠲᠡᠷᠢᠬᠦᠯᠡᠵᠡᠢ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠨᠢ ᠰᠤᠷᠭᠠᠭᠤᠯᠢ ᠪᠠ | ᠰᠤᠷᠭᠠᠭᠤᠯᠢ ᠬᠠᠮᠳᠤᠷᠠᠯᠴᠠᠭᠰᠠᠨ᠂ ᠰᠤᠷᠭᠠᠭᠤᠯᠢ ᠪᠠ ᠠᠵᠤ ᠠᠬᠤᠶᠢᠯᠠᠯ ᠬᠠᠮᠳᠤᠷᠠᠯᠴᠠᠭᠰᠠᠨ᠂ ᠠᠵᠤ ᠦᠢᠯᠡᠰ ᠪᠠ | ᠵᠢᠭᠠᠨ ᠰᠤᠷᠭᠠᠯᠲᠠ ᠠᠭᠤᠰᠤᠯᠴᠠᠭᠰᠠᠨ ᠴᠢᠳᠠᠪᠤᠷᠢᠲᠠᠨ ᠬᠥᠮᠦᠵᠢᠭᠦᠯᠬᠦ ᠰᠢᠨ᠎ᠡ ᠵᠠᠭᠪᠤᠷ ᠢ ᠪᠣᠶ ᠪᠤᠯᠭᠠᠪᠠ᠃ ᠰᠤᠷᠭᠠᠨ | ᠬᠥᠮᠦᠵᠢᠯ ᠤᠨ ᠰᠠᠭᠤᠷᠢ ᠲᠥᠬᠦᠭᠡᠷᠦᠮᠵᠢ ᠲᠠᠰᠤᠷᠠᠯᠲᠠ ᠥᠬᠡᠶ ᠲᠡᠭᠦᠯᠳᠡᠷᠵᠢᠵᠦ᠂ 2 ᠰᠠᠭᠤᠷᠢ ᠬᠡᠦᠬᠡᠳ ᠤᠨ | ᠴᠡᠴᠡᠷᠯᠢᠭ ᠤᠨ ᠵᠢᠭᠠᠨ ᠰᠤᠷᠭᠠᠯᠲᠠ ᠶᠢᠨ ᠠᠰᠠᠷ᠂ 2 ᠰᠠᠭᠤᠷᠢ ᠪᠠᠭ᠎ᠠ ᠰᠤᠷᠭᠠᠭᠤᠯᠢ ᠶᠢᠨ ᠲᠠᠮᠢᠷ ᠤᠨ ᠲᠠᠯᠠᠪᠠᠶ᠂ 2 | ᠰᠠᠭᠤᠷᠢ ᠳᠤᠮᠳᠠᠳᠤ ᠰᠤᠷᠭᠠᠭᠤᠯᠢ ᠶᠢᠨ ᠬᠤᠭᠤᠯᠠᠨ ᠬᠡᠷ᠂ 3 ᠰᠠᠭᠤᠷᠢ ᠳᠤᠮᠳᠠᠳᠤ ᠪᠠᠭ᠎ᠠ ᠰᠤᠷᠭᠠᠭᠤᠯᠢ ᠶᠢᠨ ᠭᠠᠯ | ᠰᠡᠷᠭᠡᠶᠢᠯᠡᠬᠦ ᠥᠭᠡᠷᠡᠴᠢᠯᠡᠯᠲᠡ ᠶᠢᠨ ᠢᠨᠵᠧᠨᠧᠷᠢᠩ ᠢ ᠲᠠᠭᠤᠰᠬᠠᠭᠰᠠᠨ ᠪᠦᠭᠡᠳ ᠨᠢᠭᠡᠳᠦᠭᠡᠷ ᠳᠤᠮᠳᠠᠳᠤ | ᠰᠤᠷᠭᠠᠭᠤᠯᠢ ᠶᠢᠨ ᠲᠠᠮᠢᠷ ᠤᠨ ᠣᠷᠳᠣᠨ ᠤ ᠪᠠᠷᠢᠯᠭ᠎ᠠ ᠡᠬᠢᠯᠡᠵᠦ᠂ ᠬᠤᠶᠠᠳᠤᠭᠠᠷ ᠳᠤᠮᠳᠠᠳᠤ ᠰᠤᠷᠭᠠᠭᠤᠯᠢ ᠶᠢᠨ | ᠣᠶᠤᠨᠴᠢ ᠲᠤᠷᠰᠢᠯᠲᠠ ᠶᠢᠨ ᠲᠠᠰᠤᠭ ᠠᠰᠢᠭᠯᠠᠯᠲᠠ ᠳᠤ ᠤᠷᠤᠭᠰᠠᠨ ᠪᠠᠶᠢᠨ᠎ᠠ᠃ ᠲᠤᠰ ᠵᠢᠯ 26 ᠪᠠᠭᠰᠢ ᠶᠢ | ᠰᠢᠨ᠎ᠡ ᠪᠠᠷ ᠤᠷᠢᠵᠤ ᠭᠡᠷᠡᠭᠯᠡᠨ᠂ ᠬᠤᠰᠢᠭᠤᠨ ᠤ ᠭᠠᠳᠠᠨ᠎ᠠ ᠠᠴᠠ 5 ᠪᠠᠭᠰᠢ ᠶᠢ ᠰᠢᠯᠵᠢᠭᠦᠯᠦᠨ ᠠᠪᠴᠢᠷᠠᠵᠤ᠂ | ᠪᠠᠭᠰᠢ ᠶᠢᠨ ᠡᠩᠨᠡᠭᠡᠨ ᠤ ᠬᠢᠷᠢ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠪᠡ᠃ ᠡᠷᠡᠭᠦᠯ ᠬᠠᠮᠠᠭᠠᠯᠠᠯ ᠤᠨ ᠦᠢᠯᠡᠰ | ᠯᠠᠪᠳᠠᠭᠤᠨ ᠢᠶᠠᠷ ᠠᠬᠢᠭᠰᠠᠨ᠃ᠡᠮᠴᠢᠯᠡᠭᠡᠨ ᠤ ᠬᠤᠯᠪᠤᠭᠠᠳᠤ ᠴᠣᠭᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ | ᠬᠤᠰᠢᠭᠤ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠶᠠᠰᠤ ᠴᠢᠨᠠᠷ ᠢ ᠡᠵᠡᠮᠳᠡᠬᠦ ᠲᠥᠪ ᠢ ᠪᠠᠶᠢᠭᠤᠯᠪᠠ᠃ ᠬᠢᠲᠠᠳ | ᠮᠣᠩᠭᠤᠯ ᠡᠮᠨᠡᠯᠭᠡ ᠶᠢᠨ ᠬᠤᠷᠢᠶ᠎ᠠ ᠶᠢ ᠪᠥᠬᠦ ᠤᠯᠤᠰ ᠤᠨ ᠦᠨᠳᠦᠰᠦᠨ ᠱᠠᠲᠤᠨ ᠤ ᠨᠠᠷᠠᠲᠤ ᠠᠬᠠᠮᠠᠳ ᠬᠢᠲᠠᠳ ᠡᠮᠴᠢ | ᠶᠢᠨ ᠤᠯᠠᠮᠵᠢᠯᠠᠨ ᠵᠠᠯᠭᠠᠮᠵᠢᠯᠠᠬᠤ ᠠᠵᠢᠯ ᠤᠨ ᠲᠠᠰᠤᠭ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ | ᠠᠮᠵᠢᠯᠲᠠ ᠲᠠᠢ ᠡᠷᠡᠮᠡᠯᠵᠡᠯᠡᠨ ᠮᠡᠳᠡᠬᠦᠯᠵᠡᠢ᠃ ᠬᠤᠰᠢᠭᠤ ᠡᠮᠨᠡᠯᠭᠡ ᠶᠢᠨ ᠬᠤᠷᠢᠶᠠᠨ ᠤ ᠶᠠᠰᠤᠨ ᠤ ᠰᠠᠯᠠᠭ᠎ᠠ ᠶᠢ ᠠᠶᠢᠮᠠᠭ | ᠤᠨ ᠱᠠᠳᠤᠨ ᠤ ᠭᠤᠤᠯᠳᠠᠯᠭ᠎ᠠ ᠲᠠᠢ ᠲᠤᠰᠬᠠᠶ ᠰᠠᠯᠠᠭ᠎ᠠ ᠪᠠᠷ ᠢᠳᠡᠪᠬᠢᠲᠡᠶ ᠡᠷᠡᠮᠡᠯᠵᠡᠯᠡᠨ ᠮᠡᠳᠡᠭᠦᠯᠵᠦ᠂ ᠡᠮᠨᠡᠯᠭᠡ ᠶᠢᠨ | ᠬᠤᠷᠢᠶᠠᠨ ᠤ ᠡᠮᠴᠢᠯᠡᠭᠡᠨ ᠤ ᠴᠢᠳᠠᠪᠤᠷᠢ ᠶᠢ ᠲᠡᠭᠡᠭᠰᠢᠯᠡᠬᠦᠯᠪᠡ᠃ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠤ ᠡᠩᠨᠡᠭᠡᠨ | ᠤ ᠪᠠᠶᠢᠭᠤᠯᠤᠯᠲᠠ ᠶᠢ ᠴᠢᠩᠭᠠᠳᠬᠠᠵᠤ᠂ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠡᠬᠢ ᠪᠠᠶᠠᠯᠢᠭ ᠲᠤ | ᠲᠦᠰᠢᠭᠯᠡᠨ᠂ 50 ᠭᠠᠷᠤᠢ ᠡᠮᠨᠡᠯᠭᠡ ᠶᠢᠨ ᠠᠵᠢᠯᠲᠠᠨ ᠢ ᠪᠡᠭᠡᠵᠢᠩ ᠳᠤ ᠲᠤᠮᠢᠯᠠᠨ ᠠᠵᠢᠯ ᠤᠨ ᠪᠠᠶᠢᠷᠢ ᠶᠢᠨ | ᠪᠤᠯᠪᠠᠰᠤᠷᠠᠯ ᠳᠤ ᠤᠷᠤᠯᠴᠠᠭᠤᠯᠤᠭᠰᠠᠨ ᠪᠦᠭᠡᠳ ᠴᠠᠩᠫᠢᠩ ᠲᠣᠭᠤᠷᠢᠭ ᠤᠨ 12 ᠰᠢᠯᠢᠳᠡᠭ ᠡᠮᠴᠢ ᠮᠠᠨ ᠤ | ᠬᠤᠰᠢᠭᠤᠨ ᠳᠤ ᠢᠷᠡᠵᠦ ᠡᠮᠨᠡᠯᠭᠡ ᠶᠢᠨ ᠦᠢᠯᠡᠰ ᠢ ᠲᠡᠳᠬᠦᠭᠰᠡᠨ ᠪᠠᠶᠢᠨ᠎ᠠ᠃ ᠡᠨᠡ ᠵᠢᠯ ᠪᠠᠰᠠ 6 ᠨᠡᠷ᠎ᠡ ᠡᠮᠨᠡᠯᠭᠡ | ᠶᠢᠨ ᠲᠤᠰᠬᠠᠢ ᠮᠡᠷᠭᠡᠵᠢᠯᠳᠡᠨ ᠢ ᠡᠯᠰᠡᠨ ᠭᠡᠷᠡᠭᠯᠡᠵᠡᠢ᠃ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠳᠣᠷᠣᠭᠰᠢ | ᠪᠠᠭᠤᠯᠭᠠᠬᠤ ᠶᠢ ᠠᠬᠢᠭᠤᠯᠤᠨ᠂ ᠲᠣᠭᠤᠷᠢᠨ ᠡᠮᠴᠢᠯᠡᠬᠦ ᠦᠢᠯᠡᠴᠢᠯᠡᠭᠡ ᠶᠢ 1283 ᠬᠥᠮᠦᠨ ᠤᠳᠠᠭ᠎ᠠ ᠳᠤ ᠬᠢᠵᠦ᠂ | ᠣᠯᠠᠨ ᠲᠦᠮᠡᠨ ᠤ ᠤᠯᠤᠯᠳᠠ ᠬᠦᠷᠲᠡᠮᠵᠢ ᠶᠢᠨ ᠲᠥᠷᠥᠭᠳᠡᠯ ᠢ ᠨᠡᠮᠡᠭᠳᠡᠬᠦᠯᠪᠡ᠃ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠦᠢᠯᠡᠴᠢᠯᠡᠭᠡ ᠶᠢ ᠰᠢᠯᠢᠳᠡᠭᠵᠢᠭᠦᠯᠵᠦ᠂ ᠨᠠᠰᠤᠲᠠᠶᠢᠴᠤᠳ ᠤᠨ ᠡᠷᠡᠭᠦᠯ ᠮᠡᠨᠳᠦ ᠶᠢ ᠬᠠᠯᠠᠮᠵᠢᠯᠠᠬᠤ | ᠴᠡᠭ 2 ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ | ᠪᠡᠶ᠎ᠡ ᠶᠢᠨ ᠪᠠᠶᠢᠴᠠᠭᠠᠯᠲᠠ ᠶᠢᠨ ᠨᠣᠷᠮ᠎ᠠ 75% ᠳᠤ ᠬᠦᠷᠴᠡᠢ᠃ ᠡᠬᠡ ᠤᠷᠤᠨᠴᠢ ᠡᠷᠡᠭᠦᠯ ᠬᠠᠮᠠᠭᠠᠯᠠᠯ ᠤᠨ | ᠬᠥᠳᠡᠯᠭᠡᠭᠡᠨ ᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠥᠮᠦᠵᠢᠯ᠂ | ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠂ ᠡᠷᠡᠭᠦᠯ ᠡᠩᠬᠡ | ᠲᠠᠶᠢᠹᠤᠰᠧ ᠬᠤᠰᠢᠭᠤᠨ ᠤ ᠪᠠᠶᠢᠭᠤᠯᠤᠯᠲᠠ ᠶᠢ ᠪᠥᠬᠦ ᠬᠦᠴᠦᠨ ᠢᠶᠠᠷ ᠠᠬᠢᠭᠤᠯᠪᠠ᠃ ᠰᠣᠶᠣᠯ ᠲᠠᠮᠢᠷ ᠤᠨ ᠦᠢᠯᠡᠰ | ᠢᠶᠠᠷ ᠠᠷᠠᠳ ᠤᠯᠠᠨ ᠳᠤ ᠦᠯᠡᠮᠵᠢ ᠠᠰᠢᠭ ᠬᠦᠷᠳᠡᠭᠡᠭᠰᠡᠨ᠃ ᠲᠡᠦᠬᠡ ᠰᠣᠶᠣᠯ ᠤᠨ ᠡᠬᠢ ᠪᠠᠶᠠᠯᠢᠭ ᠢ ᠬᠦᠨᠵᠡᠬᠡᠢ | ᠠᠭᠤᠳᠠᠯᠵᠤ᠂ ᠲᠠᠶᠢᠹᠤᠰᠧ ᠬᠤᠰᠢᠭᠤᠨ ᠤ ᠮᠦᠽᠧᠢ ᠶᠢ ᠠᠰᠢᠭᠯᠠᠯᠲᠠ ᠳᠤ ᠤᠷᠤᠭᠤᠯᠤᠨ᠂ ᠳᠦᠷᠪᠡᠳᠦᠭᠡᠷ | ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ | ᠠᠮᠵᠢᠯᠲᠠ ᠲᠠᠢ ᠪᠡᠶᠡᠯᠡᠬᠦᠯᠵᠦ᠂ 3 ᠰᠠᠭᠤᠷᠢ ᠡᠷᠲᠡᠨ ᠤ ᠪᠠᠭᠤᠷᠢ ᠶᠢ ᠢᠯᠡᠷᠡᠬᠦᠯᠦᠨ᠂ ᠲᠡᠦᠬᠡ ᠶᠢᠨ ᠲᠤᠷᠠᠰᠬᠠᠯᠳᠤ | ᠵᠦᠢᠯ ᠢ ᠬᠠᠮᠠᠭᠠᠯᠠᠬᠤ ᠠᠵᠢᠯ ᠴᠢᠬᠤᠯᠠ ᠶᠡᠭᠡ ᠰᠢᠪᠳᠤᠯᠤᠯᠳᠠ ᠲᠠᠢ ᠪᠤᠯᠪᠠ᠃ ᠪᠣᠳᠠᠰ ᠤᠨ ᠪᠤᠰᠤ ᠰᠣᠶᠣᠯ ᠤᠨ | ᠥᠪ ᠤᠨ ᠨᠡᠷ᠎ᠡ ᠠᠯᠳᠠᠷᠰᠢᠯ ᠢ ᠦᠷᠭᠡᠳᠭᠡᠨ᠂ ᠬᠦᠷᠦᠮᠡᠯ ᠳ᠋ᠧᠩᠯᠦ ᠵᠡᠷᠭᠡ ᠪᠣᠳᠠᠰ ᠤᠨ ᠪᠤᠰᠤ ᠰᠣᠶᠣᠯ ᠤᠨ ᠥᠪ ᠢ | ᠥᠪᠥᠷ ᠮᠣᠩᠭᠤᠯ ᠤᠨ 34 ᠳ᠋ᠦ᠋ᠭᠡᠷ ᠬᠤᠭᠤᠴᠠᠭᠠᠨ ᠤ ᠲᠠᠯ᠎ᠠ ᠨᠤᠲᠤᠭ ᠤᠨ ᠨᠠᠭᠠᠳᠤᠮ ᠲᠡᠭᠡᠷ᠎ᠡ ᠳᠡᠯᠭᠡᠨ ᠦᠵᠡᠭᠦᠯᠵᠦ᠂ | ︽ᠶᠤᠤᠮᠠᠢ ᠶᠢᠨ ᠭᠤᠯᠢᠷ ᠤᠨ ᠬᠤᠭᠤᠯᠠ︾ ᠪᠠ ︽ᠭᠤᠬᠠᠳᠠᠭᠤᠷ ᠬᠦᠷᠦᠮᠡᠯ︾ ᠢ ᠨᠠᠢᠮᠠᠳᠤᠭᠠᠷ ᠪᠦᠯᠦᠭ ᠤᠨ | ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠳᠤ | ᠡᠷᠡᠮᠡᠯᠵᠡᠯᠡᠨ ᠮᠡᠳᠡᠬᠦᠯᠪᠡ᠃ ᠠᠷᠠᠳ ᠲᠤ ᠠᠰᠢᠭ ᠬᠦᠷᠲᠡᠭᠡᠬᠦ ᠤᠷᠠᠨ ᠰᠠᠶᠢᠬᠠᠨ ᠤ ᠲᠤᠭᠯᠠᠯᠳᠠ ᠶᠢ 85 ᠤᠳᠠᠭ᠎ᠠ | ᠭᠠᠷᠭᠠᠵᠤ᠂ ︽ᠤᠮᠤᠭᠳᠤ ᠯᠤᠤ ᠶᠢᠨ ᠲᠡᠬᠦᠯᠢᠯ ᠤᠮᠠᠷᠠᠲᠤ ᠬᠢᠯᠢ ᠶᠢᠨ ᠴᠡᠴᠡᠭᠯᠡᠯ︾ ᠵᠤᠨ ᠤ ᠤᠯᠠᠷᠢᠯ ᠤᠨ ᠰᠢᠷᠢᠰ | ᠦᠳᠡᠰᠢᠯᠡᠭᠡ᠂ ︽ ᠪᠠᠶᠠᠷ ᠵᠢᠷᠭᠠᠯᠳᠤ ᠲᠠᠶᠢᠹᠤᠰᠧ ᠨᠤᠳᠤᠭ︾ ᠰᠣᠶᠣᠯ ᠤᠨ ᠰᠣᠯᠢᠯᠴᠠᠭᠠᠨ ᠤ ᠰᠥᠨᠢ ᠶᠢᠨ ᠵᠠᠬ᠎ᠠ᠂ | ︽ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ︾ ᠥᠪᠥᠷ ᠮᠣᠩᠭᠤᠯ ᠾᠧᠪᠧᠶ ᠶᠢᠨ ᠫᠢᠩᠫᠠᠩ | ᠪᠥᠮᠪᠦᠭᠡ᠂ ᠥᠲᠥᠨ ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ ᠵᠢᠴᠢ ᠪᠥᠬᠦ ᠠᠷᠠᠳ ᠢᠶᠠᠷ ᠢᠶᠠᠨ ᠴᠢᠭᠢᠷᠠᠭᠵᠢᠬᠤ | ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠡᠯ᠎ᠡ ᠲᠥᠷᠥᠯ ᠤᠨ ᠬᠦᠳᠡᠯᠪᠦᠷᠢ ᠠᠵᠢᠯᠯᠠᠭ᠎ᠠ ᠶᠢ ᠠᠮᠵᠢᠯᠲᠠ ᠲᠠᠢ | ᠡᠷᠬᠢᠯᠡᠭᠡᠳ᠂ ᠠᠰᠢᠭ ᠬᠦᠷᠳᠡᠭᠰᠡᠨ ᠣᠯᠠᠨ ᠲᠦᠮᠡᠨ 10 ᠲᠦᠮᠡ ᠭᠠᠷᠤᠶ ᠬᠥᠮᠦᠨ ᠤᠳᠠᠭ᠎ᠠ ᠳᠤ ᠬᠦᠷᠴᠡᠢ᠃ | ︵ᠵᠢᠷᠭᠤᠭ᠎ᠠ︶ ᠰᠡᠷᠭᠡᠶᠢᠯᠡᠯᠳᠡ ᠶᠢ ᠠᠳᠬᠤᠨ ᠲᠣᠭᠲᠠᠭᠤᠨ ᠢ ᠪᠠᠲᠤᠯᠠᠵᠤ᠂ ᠨᠡᠶᠢᠭᠡᠮ ᠤᠨ ᠵᠠᠰᠠᠯᠳᠠ ᠶᠢ | ᠴᠢᠨᠠᠭᠰᠢᠳᠠ ᠠᠬᠢᠭᠤᠯᠪᠠ᠃ ᠦᠨᠳᠦᠰᠦᠨ ᠱᠠᠲᠤᠨ ᠤ ᠵᠠᠰᠠᠯᠲᠠ ᠶᠢ ᠨᠢᠭᠡᠳᠦᠯᠲᠡᠢ ᠲᠦᠯᠦᠪᠵᠢᠬᠦᠯᠦᠨ | ᠠᠬᠢᠭᠤᠯᠤᠭᠰᠠᠨ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ | ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢᠵᠢᠵᠤ ᠲᠦᠷᠢᠮᠵᠢᠬᠦ ᠶᠢ ᠪᠥᠬᠦ ᠲᠠᠯ᠎ᠠ ᠪᠠᠷ ᠠᠬᠢᠭᠤᠯᠤᠨ᠂ ᠨᠠᠮ | ᠵᠠᠰᠠᠭ ᠤᠨ ᠤᠳᠤᠷᠢᠳᠬᠤ ᠺᠠᠳ᠋ᠷ ᠵᠠᠬᠢᠳᠠᠯ ᠰᠤᠷᠪᠤᠯᠵᠢᠯᠠᠭ᠎ᠠ ᠶᠢ ᠭᠥᠯᠢᠶᠡᠨ ᠠᠪᠬᠤ᠂ ᠳᠣᠷᠣᠭᠰᠢ ᠪᠠᠭᠤᠵᠤ | ᠰᠤᠷᠪᠤᠯᠵᠢᠯᠠᠬᠤ ᠪᠠ ᠤᠳᠤᠷᠢᠳᠤᠯᠭ᠎ᠠ ᠬᠡᠷᠡᠭ ᠳᠠᠭᠠᠭᠠᠴᠢᠯᠠᠬᠤ ᠵᠡᠷᠭᠡ ᠲᠦᠷᠢᠮ ᠲᠤᠭᠳᠠᠭᠠᠯ ᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠪᠠᠨ ᠢᠯᠡᠳᠬᠡᠬᠦ ᠠᠷᠭ᠎ᠠ ᠵᠠᠮ ᠢ ᠰᠠᠭᠠᠳ ᠥᠬᠡᠶ | ᠨᠡᠪᠳᠡᠷᠡᠬᠦᠯᠦᠨ᠂ ᠣᠷᠣᠯᠠᠨ ᠬᠦᠢᠴᠡᠳᠭᠡᠬᠦ ᠲᠦᠷᠢᠮ ᠤᠨ ᠦᠢᠯᠡᠳᠦᠯ ᠢ ᠪᠠᠳᠠᠷᠠᠭᠤᠯᠵᠤ᠂ ᠤᠯᠤᠰ ᠣᠷᠣᠨ ᠤ | ᠱᠠᠭᠠᠷᠳᠠᠨ ᠲᠤᠰᠢᠶᠠᠭᠰᠠᠨ ᠵᠦᠢᠯᠡᠰ ᠢ ᠪᠦᠬᠦᠨ ᠢ ᠬᠦᠢᠴᠡᠳᠭᠡᠵᠦ᠂ 116 ᠬᠤᠪᠢ ᠣᠷᠣᠯᠠᠨ ᠭᠦᠶ᠋ᠴᠡᠳᠬᠡᠬᠦ | ᠵᠦᠢᠯᠡᠰ ᠢ ᠪᠦᠬᠦᠨ ᠢ ᠰᠢᠢᠳᠪᠦᠷᠢᠯᠡᠵᠦ ᠲᠠᠭᠤᠰᠬᠠᠵᠠᠢ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ | ᠲᠦᠭᠡᠮᠡᠯᠵᠢᠭᠦᠯᠬᠦ ᠠᠵᠢᠯ᠂ ︽ᠬᠠᠤᠯᠢ ᠴᠠᠭᠠᠵᠠ ᠶᠢ ᠵᠢᠷᠭᠤᠭ᠎ᠠ ᠶᠢ ᠣᠷᠣᠭᠤᠯᠬᠤ︾ ᠠᠵᠢᠯ ᠢ ᠯᠠᠪᠳᠠᠭᠤᠨ ᠢᠶᠠᠷ | ᠠᠬᠢᠭᠤᠯᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠭᠡᠷᠡᠭ ᠶᠠᠪᠤᠳᠠᠯ ᠢ ᠬᠤᠭᠤᠴᠠᠭ᠎ᠠ ᠶᠣᠰᠣᠭᠠᠷ ᠬᠦᠢᠴᠡᠳᠭᠡᠭᠰᠡᠨ | ᠨᠣᠷᠮ᠎ᠠ 100% ᠳᠤ ᠬᠦᠷᠪᠡ᠃ ᠠᠮᠤᠷ ᠠᠮᠤᠭᠤᠯᠠᠩ ᠤᠨ ᠪᠠᠶᠢᠭᠤᠯᠤᠯᠲᠠ ᠶᠢ ᠯᠠᠪᠳᠠᠭᠤᠨ ᠪᠠᠳᠤᠳᠠᠢ | ᠠᠬᠢᠭᠤᠯᠤᠭᠰᠠᠨ᠃ ︽ᠠᠮᠤᠷ ᠠᠮᠤᠭᠤᠯᠠᠩ ᠲᠠᠶᠢᠹᠤᠰᠧ ᠬᠤᠰᠢᠭᠤᠨ︾ ᠤ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ | ᠂ ᠡᠶᠡᠳᠡᠬᠦᠯᠬᠡ ᠶᠢᠨ ᠲᠥᠪ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ 1004 ᠤᠳᠠᠭᠠᠨ ᠤ ᠵᠥᠷᠢᠴᠡᠯ | ᠵᠢᠭᠤᠷᠠᠭᠠᠨ ᠢ ᠡᠶᠡᠳᠡᠬᠦᠯᠦᠨ ᠰᠢᠢᠳᠪᠦᠷᠢᠯᠡᠵᠦ᠂ ᠡᠶᠡᠳᠡᠭᠦᠯᠭᠡ ᠶᠢᠨ ᠨᠣᠷᠮ᠎ᠠ 100% ᠳᠤ ᠬᠦᠷᠦᠭᠰᠡᠨ ᠪᠠᠶᠢᠨ᠎ᠠ᠃ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠠᠬᠢᠭᠤᠯᠵᠤ᠂ ᠬᠠᠤᠯᠢ ᠪᠤᠰᠤ | ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠷᠡᠭᠦᠦ ᠶᠢᠨ ᠬᠡᠷᠡᠭ 215 ᠂ ᠠᠮᠤᠷ ᠢ ᠬᠠᠮᠠᠭᠠᠯᠠᠬᠤ | ᠬᠡᠷᠡᠭ 544 ᠂ ᠬᠤᠯᠪᠤᠭ᠎ᠠ ᠰᠦᠯᠵᠢᠶᠡᠨ ᠤ ᠮᠡᠬᠡᠯᠡᠯ ᠤᠨ ᠬᠡᠷᠡᠭ 12 ᠶᠢ ᠪᠠᠶᠢᠴᠠᠭᠠᠨ ᠰᠢᠢᠳᠪᠦᠷᠢᠯᠡᠭᠰᠡᠨ ᠪᠦᠭᠡᠳ | ᠰᠤᠷᠭᠠᠭᠤᠯᠢ ᠶᠢᠨ ᠬᠦᠷᠢᠶ᠎ᠡ ᠪᠤᠯᠤᠨ ᠡᠷᠭᠢᠨ ᠲᠣᠭᠤᠷᠢᠨ ᠤ ᠠᠮᠤᠷ ᠲᠦᠪᠰᠢᠨ ᠤ ᠳᠠᠯᠳᠠ ᠭᠡᠮ ᠢ ᠶᠡᠬᠡᠪᠡᠷ | ᠪᠠᠶᠢᠴᠠᠭᠠᠨ ᠴᠡᠭᠴᠡᠯᠡᠵᠦ᠂ ᠴᠠᠭᠠᠨ ᠰᠠᠷ᠎ᠠ᠂ ᠬᠤᠶᠠᠷ ᠬᠤᠷᠠᠯ ᠵᠡᠷᠭᠡ ᠴᠢᠬᠤᠯᠠ ᠴᠠᠭ ᠬᠤᠭᠤᠴᠠᠭᠠᠨ ᠤ ᠠᠮᠤᠷ ᠢ | ᠬᠠᠮᠠᠭᠠᠯᠠᠬᠤ ᠡᠭᠦᠷᠭᠡ ᠶᠢ ᠠᠮᠵᠢᠯᠲᠠ ᠲᠠᠢ ᠪᠡᠶᠡᠯᠡᠭᠦᠯᠪᠡ᠃ ᠠᠮᠤᠷ ᠲᠦᠪᠰᠢᠨ ᠤ ᠰᠠᠭᠤᠷᠢ ᠶᠢ ᠲᠠᠰᠤᠷᠠᠯᠲᠠ ᠦᠭᠡᠢ | ᠪᠠᠬᠢᠵᠢᠬᠦᠯᠦᠭᠰᠡᠨ᠃ ︽ᠠᠶᠤᠯᠭᠦᠢ ᠦᠢᠯᠡᠳᠪᠦᠷᠢᠯᠡᠯ ᠢ ᠦᠨᠳᠦᠰᠦᠨ ᠠᠴᠠ ᠨᠢ ᠵᠠᠰᠠᠬᠤ ᠭᠤᠷᠪᠠᠨ ᠵᠢᠯ ᠤᠨ | ᠪᠣᠭᠤᠮᠲᠠ ᠰᠢᠪᠲᠤᠯᠬᠤ ᠠᠵᠢᠯᠯᠠᠭ᠎ᠠ︾ ᠶᠢ ᠬᠡᠷᠡᠭᠵᠢᠭᠦᠯᠵᠦ᠂ ᠬᠦᠨᠳᠦ ᠶᠡᠭᠡ ᠤᠰᠤᠯ ᠠᠳᠡᠯ ᠭᠠᠷᠬᠤ ᠶᠢ ᠪᠦᠬᠦ | ᠬᠦᠴᠦᠨ ᠢᠶᠠᠷ ᠰᠡᠷᠭᠡᠶᠢᠯᠡᠨ᠂ ᠠᠶᠤᠯᠭᠦᠢ ᠦᠢᠯᠡᠳᠪᠦᠷᠢᠯᠡᠯ ᠤᠨ ᠲᠣᠭᠲᠠᠭᠤᠨ ᠪᠠᠶᠢᠳᠠᠯ ᠢ ᠪᠠᠳᠤᠯᠠᠭᠰᠠᠨ ᠪᠠᠶᠢᠨ᠎ᠠ᠃ ︽ | ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠢᠳᠡᠭᠡᠨ ᠤ ᠠᠮᠤᠷ | ᠲᠦᠪᠰᠢᠨ ᠤ ︽ᠬᠤᠶᠠᠷ ᠬᠠᠷᠢᠭᠤᠴᠠᠯᠭ᠎ᠠ︾ ᠶᠢ ᠪᠤᠳᠠᠳᠠᠶᠢᠵᠢᠭᠤᠯᠤᠨ᠂ ᠢᠳᠡᠭᠡᠨ ᠤᠮᠳᠠᠭᠠᠨ ᠢ ᠰᠤᠭᠤᠴᠢᠨ | ᠪᠠᠶᠢᠴᠠᠭᠠᠭᠠᠳ ᠬᠢᠷᠢ ᠲᠡᠩᠴᠡᠭᠰᠡᠨ ᠨᠣᠷᠮ᠎ᠠ 97.5% ᠳᠤ ᠬᠦᠷᠴᠦ᠂ ᠡᠮ ᠤᠨ ᠵᠦᠢᠯ ᠤᠨ ᠰᠢᠯᠭᠠᠨ ᠪᠠᠶᠢᠴᠠᠭᠠᠯᠳᠠ | ᠳᠤ ᠬᠢᠷᠢ ᠲᠡᠩᠴᠡᠭᠰᠡᠨ ᠨᠣᠷᠮ᠎ᠠ 100% ᠳᠤ ᠬᠦᠷᠴᠦ᠂ ︽ᠰᠠᠨᠠᠭ᠎ᠠ ᠠᠮᠤᠷ ᠭᠡᠷᠡᠭᠯᠡᠭᠡᠨ ᠤ ᠠᠮᠠᠯᠠᠯᠳᠠ︾ ᠶᠢᠨ | ᠨᠢᠬᠡᠴᠡ 3 ᠶᠢ ᠡᠬᠦᠳᠦᠨ ᠪᠠᠶᠢᠭᠤᠯᠵᠠᠢ᠃ ᠮᠥᠩᠭᠦᠨ ᠭᠦᠢᠯᠭᠡᠭᠡᠨ ᠤ ᠲᠦᠭᠰᠢᠭᠦᠷᠢ ᠶᠢ ᠢᠳᠡᠪᠬᠢᠲᠡᠢ ᠪᠠᠷ ᠰᠡᠷᠭᠡᠶᠢᠯᠡᠨ | ᠠᠷᠢᠯᠭᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠷᠡᠭᠦᠯ ᠪᠤᠰᠤ ᠡᠳ᠋ ᠬᠥᠷᠥᠩᠭᠡ ᠶᠢ ᠢᠯᠭᠠᠷᠠᠭᠤᠯᠤᠨ | ᠰᠢᠢᠳᠪᠦᠷᠢᠯᠡᠬᠦ ᠶᠢ ᠦᠷᠭᠦᠯᠵᠢᠯᠡᠨ ᠠᠬᠢᠭᠤᠯᠵᠤ᠂ ᠡᠷᠡᠭᠦᠯ ᠪᠤᠰᠤ ᠡᠳ᠋ ᠬᠥᠷᠥᠩᠭᠡ 7.48 ᠳ᠋ᠦᠩᠰᠢᠭᠤᠷ ᠲᠥᠭᠦᠷᠢᠭ | ᠢ ᠢᠯᠭᠠᠷᠠᠭᠤᠯᠤᠨ ᠲᠤᠰᠢᠶᠠᠭᠰᠠᠨ ᠪᠠᠶᠢᠨ᠎ᠠ᠃ | ︵ᠳᠤᠯᠤᠭ᠎ᠠ︶ ᠬᠠᠷᠢᠭᠤᠴᠠᠯᠭ᠎ᠠ ᠶᠢ ᠠᠳᠬᠤᠨ ᠰᠤᠷᠲᠠᠯ ᠢ ᠰᠠᠶᠢᠵᠢᠷᠠᠭᠤᠯᠵᠤ᠂ ᠵᠠᠰᠠᠭ ᠤᠨ ᠣᠷᠳᠣᠨ ᠤ | ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ | ᠰᠦᠨᠡᠰᠦ ᠪᠠᠨ ᠱᠤᠭᠤᠬᠤ ᠶᠢ ᠪᠠᠷᠢᠮᠲᠠᠯᠠᠵᠤ᠂ ︽ᠬᠤᠶᠠᠷ ᠢ ᠲᠣᠭᠲᠠᠭᠠᠬᠤ︾ ᠶᠢ ᠦᠨᠡᠨᠴᠢ ᠪᠠᠷ ᠬᠦᠷᠢᠶᠡᠯᠡᠨ᠂ ︽ | ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ | ᠬᠦᠨᠵᠡᠬᠡᠶᠢᠷᠡᠬᠦᠯᠦᠨ ᠪᠤᠳᠠᠳᠠᠶᠢᠵᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠭᠡᠰᠢᠭᠦᠨ | ᠺᠠᠳ᠋ᠷᠴᠤᠳ ᠤᠨ ᠬᠦᠰᠡᠯᠡᠩ ᠢᠲᠡᠭᠡᠯ ᠪᠢᠰᠢᠷᠡᠯ ᠪᠠ ᠵᠣᠷᠢᠯᠲᠠ ᠶᠢᠨ ᠤᠬᠠᠮᠰᠠᠷ ᠢ ᠤᠯᠠᠮ ᠴᠢᠩᠭᠠᠳᠬᠠᠭᠰᠠᠨ ᠪᠠᠶᠢᠨ᠎ᠠ᠃ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ | ︽ᠭᠤᠷᠪᠠᠨ ᠲᠥᠯᠥᠪᠯᠡᠭᠡ︾ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ︽ᠨᠢᠭᠡ ᠭᠠᠷᠠᠭ ᠬᠤᠶᠠᠷ ᠰᠠᠷ᠎ᠠ︾ ᠶᠢᠨ | ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠳᠤᠳᠬᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ 100 ᠭᠠᠷᠤᠶ ᠤᠳᠠᠭ᠎ᠠ ᠥᠷᠨᠢᠭᠦᠯᠪᠡ᠃ | ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ | ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠲᠥᠪ ᠤᠨ ᠨᠠᠢᠮᠠᠨ ᠲᠣᠭᠲᠠᠭᠠᠯ ᠵᠢᠴᠢ | ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ︽ᠲᠦᠷᠪᠡᠨ ᠰᠤᠷᠲᠠᠯ︾ | ᠢ ᠴᠥᠬᠦᠷᠡᠰᠢ ᠦᠭᠡᠢ ᠴᠡᠭᠴᠡᠯᠡᠨ ᠂ ︽ᠭᠤᠷᠪᠠᠨ ᠤᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠤ | ᠠᠰᠠᠭᠤᠳᠠᠯ ᠢ ᠬᠦᠴᠦᠯᠡᠨ ᠠᠷᠢᠯᠭᠠᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠡᠷᠴᠢᠮ ᠦᠷᠭᠦᠯᠵᠢᠯᠡᠨ | ᠴᠢᠩᠭᠠᠷᠠᠵᠤ᠂ ᠵᠠᠰᠠᠭ ᠵᠠᠬᠢᠷᠭᠠᠨ ᠤ ᠦᠷ᠎ᠡ ᠪᠦᠲᠦᠮᠵᠢ ᠢᠯᠡᠳᠲᠡ ᠳᠡᠭᠡᠭᠰᠢᠯᠡᠪᠡ᠃ ︽ᠬᠤᠶᠠᠷ ᠶᠡᠭᠡ ᠶᠠᠪᠤᠳᠠᠯ︾ ᠢ | ᠪᠥᠬᠦ ᠬᠦᠴᠦᠨ ᠢᠶᠠᠷ ᠰᠠᠶᠢᠨ ᠬᠢᠵᠦ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠢ ᠰᠠᠶᠢᠲᠤᠷ | ᠭᠡᠷᠡᠭᠵᠢᠬᠦᠯᠦᠨ᠂ ᠵᠢᠯ ᠤᠨ ᠬᠠᠷᠠᠯᠲᠠ ᠡᠭᠦᠷᠭᠡ ᠪᠠᠨ ᠪᠦᠬᠦᠨ ᠢ ᠪᠡᠶᠡᠯᠡᠬᠦᠯᠵᠡᠢ᠃ ︽ᠭᠤᠷᠪᠠᠨ ᠴᠢᠬᠤᠯᠠ ᠨᠢᠭᠡ | ᠶᠡᠭᠡ︾ ᠭᠡᠷᠡᠭ ᠢ ᠬᠠᠮᠲᠤ ᠪᠠᠷ ᠲᠣᠭᠲᠠᠭᠠᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠢᠨ ᠬᠢᠨᠠᠯᠲᠠ᠂ ᠤᠯᠤᠰ ᠲᠥᠷᠥ ᠶᠢᠨ ᠵᠥᠪᠯᠡᠯᠭᠡᠨ ᠤ | ᠠᠷᠠᠳᠴᠢᠯᠠᠯ ᠤᠨ ᠬᠢᠨᠠᠯᠲᠠ᠂ ᠨᠡᠶᠢᠭᠡᠮ ᠨᠡᠶᠢᠲᠡ ᠶᠢᠨ ᠢᠯᠡ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠂ | ᠠᠷᠠᠳ ᠤᠨ ᠲᠥᠯᠥᠭᠡᠯᠡᠭᠴᠢ ᠶᠢᠨ ᠪᠢᠯᠧᠲ ᠪᠠᠷ ᠲᠣᠭᠲᠠᠭᠠᠭᠰᠠᠨ 5 ᠬᠤᠪᠢ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ 233 ᠬᠤᠪᠢ ᠠᠷᠠᠳ ᠤᠨ ᠲᠥᠯᠥᠭᠡᠯᠡᠭᠴᠢ ᠶᠢᠨ ᠰᠠᠨᠠᠯ | ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠪᠦᠬᠦᠨ ᠢ | ᠲᠣᠭᠲᠠᠭᠰᠠᠨ ᠬᠤᠭᠤᠴᠠᠭᠠᠨ ᠳᠤ ᠬᠦᠢᠴᠡᠳᠭᠡᠪᠡ᠃ 12345 ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ | ᠤᠲᠠᠰᠤ ᠪᠠᠷ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ 6015 ᠬᠤᠪᠢ ᠭᠥᠯᠢᠶᠡᠨ ᠠᠪᠴᠤ ᠂ | ᠰᠢᠢᠳᠪᠦᠷᠢᠯᠡᠭᠰᠡᠨ ᠨᠣᠷᠮ᠎ᠠ 99.58 % ᠳᠤ ᠬᠦᠷᠦᠭᠡᠳ᠂ ᠤᠴᠢᠷ ᠪᠣᠯᠭᠠᠨ ᠳᠤ ᠬᠠᠷᠢᠭᠤᠯᠲᠠ ᠲᠠᠢ᠂ ᠶᠠᠪᠤᠳᠠᠯ | ᠪᠣᠯᠭᠠᠨ ᠳᠤ ᠨᠠᠶᠢᠳᠠᠪᠤᠷᠢᠵᠢᠭᠤᠯᠤᠯᠲᠠ ᠲᠠᠢ ᠪᠠᠶᠢᠬᠤ ᠶᠢ ᠪᠠᠳᠤᠯᠠᠵᠠᠢ᠃ ᠲᠠᠪᠤᠳᠤᠭᠠᠷ ᠤᠳᠠᠭᠠᠨ ᠤ ᠪᠦᠬᠦ ᠤᠯᠤᠰ ᠤᠨ | ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠠᠷ ᠪᠡᠶᠡᠯᠡᠬᠦᠯᠪᠡ᠃ | ᠡᠭᠦᠨ ᠠᠴᠠ ᠭᠠᠳᠠᠨ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠬᠤᠶᠠᠷ ᠢ ᠬᠦᠷᠢᠶᠡᠯᠡᠵᠦ | ᠬᠠᠮᠲᠤ ᠪᠠᠷ ᠪᠠᠶᠢᠭᠤᠯᠬᠤ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ᠂ ᠪᠠᠶᠢᠭᠤᠯᠭ᠎ᠠ ᠶᠢᠨ ᠬᠡᠷᠡᠭ ᠶᠠᠪᠤᠳᠠᠯ᠂ | ᠣᠯᠠᠨ ᠨᠡᠶᠢᠲᠡ ᠶᠢᠨ ᠡᠬᠢ ᠪᠠᠶᠠᠯᠢᠭ ᠤᠨ ᠰᠤᠯᠢᠯᠴᠠᠭ᠎ᠠ᠂ ᠲᠠᠩᠰᠠ ᠡᠪᠬᠡᠮᠡᠯ ᠲᠡᠦᠬᠡ ᠣᠶᠢᠯᠠᠯᠭ᠎ᠠ᠂ ᠲᠤᠭ᠎ᠠ | ᠪᠦᠷᠢᠳᠬᠡᠯ ᠂ ᠴᠠᠭ ᠠᠭᠤᠷ᠂ ᠮᠥᠩᠭᠦᠨ ᠭᠦᠢᠯᠭᠡᠭᠡ ᠳᠠᠭᠠᠳᠬᠠᠯ᠂ ᠰᠢᠦᠳᠠᠨ ᠬᠤᠯᠪᠣᠭ᠎ᠠ᠂ ᠬᠠᠩᠭᠠᠨ | ᠪᠤᠷᠤᠯᠠᠭᠤᠯᠭ᠎ᠠ᠂ ᠬᠠᠮ ᠵᠠᠭᠤᠴᠢᠯᠠᠭᠤᠷ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ | ᠵᠢᠴᠢ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠬᠦ | ᠤᠬᠠᠭᠠᠨ ᠮᠡᠷᠭᠡᠵᠢᠯ ᠤᠨ ᠨᠡᠶᠢᠭᠡᠮᠯᠢᠭ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ | ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠵᠢᠯ ᠵᠡᠷᠭᠡ ᠨᠢ ᠪᠦᠷ | ᠰᠢᠨ᠎ᠡ ᠠᠬᠢᠴᠠ ᠲᠠᠢ ᠪᠣᠯᠵᠣ᠂ ᠡᠯ᠎ᠡ ᠲᠦᠷᠦᠯ ᠤᠨ ᠠᠵᠢᠯ ᠦᠢᠯᠡᠰ ᠲᠤ ᠰᠢᠨ᠎ᠡ ᠪᠠᠶᠢᠳᠠᠯ ᠢᠯᠡᠷᠡᠨ᠂ ᠪᠥᠬᠦ | ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠬᠦᠯᠦᠭᠰᠡᠨ ᠪᠠᠶᠢᠨ᠎ᠠ᠃ | ᠲᠥᠯᠥᠭᠡᠯᠡᠭᠴᠢᠳ ᠡ︕ ᠥᠩᠭᠡᠷᠡᠭᠰᠡᠨ ᠨᠢᠭᠡ ᠵᠢᠯ ᠳᠤ ᠪᠢᠳᠡ ᠰᠢᠷᠭᠠᠭᠤ ᠬᠠᠳᠠᠭᠤᠵᠢᠯᠳᠠᠢ ᠴᠢᠷᠮᠠᠶᠢᠯᠭ᠎ᠠ | ᠲᠡᠮᠡᠴᠡᠯ ᠢᠶᠠᠷ ᠲᠠᠮᠵᠢᠭᠠᠳ ᠬᠢᠯᠪᠠᠷ ᠪᠤᠰᠤ ᠠᠮᠵᠢᠯᠲᠠ ᠶᠢ ᠤᠯᠵᠤ᠂ ᠬᠤᠪᠤᠷ ᠨᠠᠨᠳᠢᠨ ᠲᠤᠷᠰᠢᠯᠭ᠎ᠠ ᠶᠢ | ᠬᠤᠷᠠᠮᠳᠤᠭᠤᠯᠤᠭᠰᠠᠨ ᠪᠠᠶᠢᠨ᠎ᠠ᠃ ᠲᠡᠭᠡᠳᠦ ᠲᠤᠤᠷᠠᠳᠤ ᠱᠠᠳᠤ ᠪᠠᠷ ᠢᠶᠠᠨ ᠪᠦᠯᠬᠦᠮᠳᠡᠨ ᠨᠢᠭᠡᠳᠴᠦ᠂ ᠡᠭᠦᠷᠭᠡ | ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠬᠦᠢᠴᠡᠳᠭᠡᠨ᠂ ᠰᠢᠷᠭᠠᠭᠤ ᠬᠠᠲᠠᠭᠤᠵᠢᠯᠲᠠᠶ ᠠᠵᠢᠯᠯᠠᠭᠰᠠᠨ ᠢᠶᠠᠷ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠮᠠᠰᠢ ᠶᠡᠭᠡ ᠳᠠᠪᠰᠢᠯᠲᠠ ᠲᠠᠢ ᠪᠤᠯᠤᠯ᠎ᠠ᠃ ᠥᠩᠭᠡᠷᠡᠭᠰᠡᠨ ᠨᠢᠭᠡ ᠵᠢᠯ | ᠳᠤ ᠡᠯ᠎ᠡ ᠭᠠᠵᠠᠷ ᠲᠠᠬᠢ ᠲᠠᠶᠢᠹᠤᠰᠧᠴᠤᠳ ᠨᠤᠲᠤᠭ ᠤᠰᠤᠨ ᠤ ᠪᠠᠨ ᠴᠤᠭᠴᠠᠯᠠᠯᠳᠠ ᠬᠦᠭᠵᠢᠯᠳᠡ ᠳᠤ ᠶᠡᠭᠡ | ᠬᠡᠮᠵᠢᠶᠡᠨ ᠤ ᠬᠠᠯᠠᠮᠵᠢᠯᠠᠯ ᠲᠡᠮᠵᠢᠯᠭᠡ ᠦᠵᠡᠬᠦᠯᠦᠭᠰᠡᠨ ᠢᠶᠠᠷ ᠮᠠᠨ ᠤ ᠠᠭᠤᠯᠠ ᠤᠰᠤ ᠤᠯᠠᠮ ᠭᠤᠶᠤᠵᠢᠵᠤ ᠂ | ᠬᠤᠲᠠ ᠬᠥᠳᠡᠭᠡ ᠤᠯᠠᠮ ᠰᠢᠨᠡᠳᠦᠨ᠂ ᠦᠵᠡᠰᠬᠦᠯᠡᠩᠳᠦ ᠰᠠᠶᠢᠬᠠᠨ ᠲᠠᠶᠢᠹᠤᠰᠧ ᠨᠤᠳᠤᠭ ᠤᠨ ᠮᠢᠨᠢ ᠨᠡᠷ᠎ᠡ ᠠᠯᠳᠠᠷ | ᠤᠯᠠᠮ ᠲᠠᠭᠤᠷᠢᠰᠤᠯᠠ᠃ ᠠᠳᠡ ᠪᠢ ᠬᠤᠰᠢᠭᠤ ᠵᠠᠰᠠᠭ ᠤᠨ ᠣᠷᠳᠣᠨ ᠢ ᠲᠦᠯᠦᠬᠡᠯᠡᠵᠦ᠂ ᠦᠷᠭᠡᠨ ᠤᠯᠠᠨ | ᠠᠷᠠᠳ ᠤᠨ ᠲᠥᠯᠥᠭᠡᠯᠡᠭᠴᠢᠳ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ᠂ ᠠᠵᠢᠯ ᠠᠴᠠ ᠪᠠᠨ ᠠᠮᠠᠷᠠᠭᠰᠠᠨ | ᠠᠬᠠᠮᠠᠳ ᠨᠥᠬᠦᠳ᠂ ᠡᠯ᠎ᠡ ᠲᠦᠷᠦᠯ ᠤᠨ ᠠᠵᠢᠯ ᠤᠨ ᠹᠷᠣᠨᠲ ᠳᠡᠭᠡᠷ᠎ᠡ ᠡᠷᠡᠯᠬᠡᠭᠯᠡᠨ ᠲᠡᠮᠡᠴᠡᠵᠦ ᠪᠠᠶᠢᠭ᠎ᠠ ᠨᠥᠬᠦᠳ᠂ | ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠷᠠᠳ ᠤᠨ ᠪᠦᠯᠬᠦᠮ᠂ ᠨᠠᠮ | ᠪᠦᠯᠦᠭ ᠤᠨ ᠪᠤᠰᠤ ᠬᠥᠮᠦᠰ ᠪᠠ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠵᠢᠴᠢ ᠲᠠᠶᠢᠹᠤᠰᠧ ᠬᠤᠰᠢᠭᠤᠨ ᠤ | ᠴᠤᠭᠴᠠᠯᠠᠯᠳᠠ ᠬᠥᠭᠵᠢᠯᠲᠡ ᠶᠢ ᠬᠠᠯᠠᠮᠵᠢᠯᠠᠨ ᠲᠡᠮᠵᠢᠭᠰᠡᠨ ᠨᠠᠶᠢᠵᠠ ᠨᠦᠬᠦᠳ ᠲᠤ ᠡᠷᠬᠢᠮ ᠳᠡᠭᠡᠳᠦ ᠬᠦᠨᠳᠦᠳᠬᠡᠯ ᠪᠠ | ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕ | ᠠᠮᠵᠢᠯᠳᠠ ᠪᠦᠳᠦᠮᠵᠢ ᠪᠠᠨ ᠳ᠋ᠦᠩᠨᠡᠬᠦ ᠶᠢᠨ ᠲᠠᠭᠠᠤ ᠪᠢᠳᠡ ᠤᠷᠤᠰᠢᠵᠤ ᠪᠠᠶᠢᠭ᠎ᠠ ᠠᠰᠠᠭᠤᠳᠠᠯ ᠪᠠ ᠳᠤᠲᠠᠭᠤᠳᠠᠯ | ᠢᠶᠠᠨ ᠤᠯᠵᠤ ᠲᠠᠨᠢᠬᠤ ᠨᠢ ᠴᠢᠬᠤᠯᠠ᠃ ᠭᠤᠤᠯ ᠢᠯᠡᠷᠡᠯ ᠭᠡᠪᠡᠯ᠄ ᠨᠢᠭᠡᠳᠦᠭᠡᠷ ᠠᠵᠤ ᠦᠢᠯᠡᠰ ᠰᠢᠯᠢᠳᠡᠭ ᠪᠤᠰᠤ᠂ | ᠬᠤᠶᠠᠳᠤᠭᠠᠷ ᠠᠵᠤ ᠦᠢᠯᠡᠰ ᠬᠦᠴᠦᠷᠭᠡᠭ ᠪᠤᠰᠤ᠂ ᠭᠤᠷᠪᠠᠳᠤᠭᠠᠷ ᠠᠵᠤ ᠦᠢᠯᠡᠰ ᠦᠷᠨᠢᠬᠦᠨ ᠪᠤᠰᠤ ᠪᠠᠶᠢᠭ᠎ᠠ︔ | ᠠᠵᠤ ᠠᠬᠤᠢ ᠶᠢᠨ ᠬᠦᠭᠵᠢᠯᠳᠡ ᠶᠢ ᠲᠠᠶᠢᠴᠢᠯᠠᠬᠤ ᠲᠤᠮᠤ ᠲᠦᠷᠦᠯ ᠵᠦᠢᠯ ᠰᠠᠶᠢᠨ ᠲᠦᠷᠦᠯ ᠵᠦᠢᠯ ᠤᠨ ᠨᠦᠬᠡᠴᠡ | ᠬᠦᠷᠦᠯᠴᠡᠬᠦ ᠦᠬᠡᠢ᠂ ᠬᠦᠷᠢᠶᠡᠯᠡᠩ ᠲᠤᠭᠤᠷᠢᠭ ᠤᠨ ᠲᠤᠳᠤᠷᠠᠬᠢ ᠭᠠᠵᠠᠷ ᠰᠢᠷᠤᠢ ᠮᠡᠳᠦ ᠶᠢᠨ ᠪᠠᠳᠤᠯᠠᠭᠠᠨ ᠤ | ᠲᠦᠷᠦᠯ ᠵᠦᠢᠯ ᠢ ᠨᠠᠶᠢᠳᠠᠪᠤᠷᠢᠵᠢᠭᠤᠯᠬᠤ ᠲᠤᠯᠭᠠᠭᠤᠷᠢᠯᠠᠯ ᠬᠦᠴᠦᠨ ᠵᠦᠢᠯ ᠤᠯᠠᠮ ᠮᠠᠭᠤᠳᠠᠭᠰᠠᠨ ︔ ᠬᠦᠮᠦᠨ ᠢ | ᠦᠯᠡᠳᠡᠭᠡᠵᠦ ᠠᠪᠬᠤ ᠳᠤ ᠬᠦᠴᠢᠷᠳᠡᠢ᠂ ᠲᠠᠳᠠᠵᠤ ᠤᠷᠤᠭᠤᠯᠬᠤ ᠳᠤ ᠬᠦᠴᠢᠷᠳᠡᠢ ᠠᠰᠠᠭᠤᠳᠠᠯ ᠪᠠᠰᠠ ᠯᠠ ᠤᠷᠤᠰᠢᠵᠤ | ᠪᠠᠶᠢᠭ᠎ᠠ ︔ ᠭᠠᠶᠢᠯᠢ ᠶᠢᠨ ᠢᠷᠡᠯᠳᠡ ᠶᠢᠨ ᠪᠦᠲᠦᠴᠡ ᠳᠠᠩ ᠴᠤᠯᠭᠤᠢ᠂ ᠰᠢᠨ᠎ᠡ ᠭᠠᠶᠢᠯᠢ ᠶᠢᠨ ᠢᠷᠡᠯᠳᠡ ᠶᠢ | ᠪᠤᠶᠢᠵᠢᠭᠤᠯᠬᠤ ᠲᠠᠯ᠎ᠠ ᠪᠠᠷ ᠬᠦᠷᠦᠯᠴᠡᠬᠦ ᠦᠭᠡᠢ᠂ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠴᠡᠯ ᠡᠳᠦᠷ | ᠢᠷᠡᠬᠦᠶ᠎ᠡ ᠨᠡᠮᠡᠭᠳᠡᠵᠦ᠂ ︽ᠭᠤᠷᠪᠠ ᠶᠢ ᠪᠠᠲᠤᠯᠠᠬᠤ︾ ᠲᠠᠷᠤᠯᠳᠠ ᠲᠠᠰᠤᠷᠠᠯᠳᠠ ᠦᠭᠡᠢ ᠨᠡᠮᠡᠭᠳᠡᠭᠰᠡᠨ︔ ᠬᠤᠲᠠ | ᠬᠥᠳᠡᠭᠡ ᠶᠢᠨ ᠪᠦᠳᠦᠬᠡᠨ ᠪᠠᠶᠢᠭᠤᠯᠤᠯᠳᠠ ᠳᠤ ᠪᠠᠰᠠ ᠮᠠᠰᠢ ᠤᠯᠠᠨ ᠲᠤᠳᠠᠭᠤᠳᠠᠯ ᠤᠷᠤᠰᠢᠵᠤ᠂ ᠣᠯᠠᠨ | ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠪᠠᠰᠠ ᠳᠡᠭᠡᠭᠰᠢᠯᠡᠭᠦᠯᠬᠦ ᠴᠢᠬᠤᠯᠠᠲᠠᠶ ᠪᠠᠶᠢᠵᠤ᠂ ᠠᠷᠠᠳ ᠤᠨ | ᠠᠮᠢᠳᠤᠷᠠᠯ ᠤᠨ ᠬᠦᠷᠢᠶ᠎ᠡ ᠴᠠᠷᠠᠭ᠎ᠠ ᠳᠤ ᠪᠠᠰᠠ ᠪᠠᠭ᠎ᠠ ᠪᠤᠰᠤ ᠦᠷᠢ ᠦᠭᠴᠡᠭᠡ ᠲᠠᠢ᠂ ᠨᠡᠶᠢᠭᠡᠮ ᠤᠨ ᠦᠢᠯᠡᠰ ᠲᠤ | ᠣᠯᠠᠨ ᠤ ᠰᠠᠨᠠᠭᠠᠨ ᠳᠤ ᠬᠦᠷᠬᠦ ᠦᠭᠡᠢ ᠭᠠᠵᠠᠷ ᠪᠠᠰᠠ ᠤᠯᠠᠨ ᠪᠠᠶᠢᠵᠤ᠂ ᠨᠡᠶᠢᠭᠡᠮ ᠤᠨ ᠵᠠᠰᠠᠯᠲᠠ ᠳᠤ ᠮᠠᠰᠢ ᠣᠯᠠᠨ | ᠰᠢᠨ᠎ᠡ ᠥᠷᠢᠰᠦᠯᠳᠦᠭᠡᠨ ᠲᠤᠯᠭᠠᠷᠠᠵᠤ ᠪᠠᠶᠢᠭ᠎ᠠ︔ ᠺᠠᠳ᠋ᠷ ᠤᠨ ᠬᠢᠷᠢ ᠴᠢᠳᠠᠪᠤᠷᠢ ᠭᠡᠪ ᠪᠤᠯᠪᠠᠰᠤᠷᠠᠯ ᠨᠢ ᠴᠠᠭ | ᠦᠶ᠎ᠡ ᠶᠢᠨ ᠱᠠᠭᠠᠷᠳᠠᠯᠭ᠎ᠠ ᠳᠤ ᠪᠦᠷᠢᠮᠦᠰᠦᠨ ᠵᠣᠬᠢᠴᠠᠵᠤ ᠲᠡᠶᠢᠯᠦᠭᠡᠳᠦᠢ᠂ ᠠᠵᠢᠯ ᠬᠢᠵᠦ ᠦᠢᠯᠡᠰ ᠪᠦᠳᠦᠬᠡᠬᠦ᠂ | ᠬᠠᠷᠢᠭᠤᠴᠠᠯᠭ᠎ᠠ ᠡᠬᠦᠷᠭᠡᠯᠡᠵᠦ ᠴᠢᠷᠮᠠᠶᠢᠯᠭ᠎ᠠ ᠭᠠᠷᠭᠠᠬᠤ ᠠᠭᠤᠷ ᠠᠮᠢᠰᠬᠤᠯ ᠦᠳᠭᠡᠨ ᠪᠤᠰᠤ︔ ᠵᠠᠷᠢᠮ ᠬᠦᠷᠢᠶ᠎ᠡ | ᠴᠠᠷᠠᠭᠠᠨ ᠤ ᠠᠷᠢᠭᠤᠨ ᠴᠢᠭᠡᠴᠢ ᠶᠢᠨ ᠭᠡᠮ ᠰᠤᠭᠤᠭ ᠢ ᠪᠠᠰᠠ ᠦᠨᠳᠦᠰᠦ ᠰᠤᠷᠪᠤᠯᠵᠢ ᠠᠴᠠ ᠨᠢ ᠵᠠᠰᠠᠬᠤ | ᠴᠢᠬᠤᠯᠠᠳᠠᠢ ᠪᠠᠶᠢᠭ᠎ᠠ᠂᠂᠂᠂᠂᠂ ᠡᠳᠡᠭᠡᠷ ᠠᠰᠠᠭᠤᠳᠠᠯ ᠢ ᠪᠢᠳᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ | ᠬᠦᠯᠢᠶᠡᠬᠦ ᠦᠭᠡᠢ ᠨᠠᠶᠢᠳᠠᠬᠤ ᠦᠭᠡᠢ ᠪᠠᠶᠢᠵᠤ᠂ ᠡᠷᠴᠢ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠦᠨᠡᠨ ᠬᠦ | ᠰᠢᠢᠳᠪᠦᠷᠢᠯᠡᠬᠦ ᠭᠡᠷᠡᠭᠳᠡᠢ᠂ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠶᠠᠭᠠᠬᠢᠭᠰᠠᠨ ᠴᠤ ᠬᠦᠰᠡᠷᠳᠡᠬᠦᠯᠵᠦ ᠪᠤᠯᠬᠤ | ᠦᠭᠡᠢ︕ | ᠬᠤᠶᠠᠷ᠂ 2025 ᠣᠨ ᠤ ᠠᠵᠢᠯ ᠤᠨ ᠪᠠᠶᠢᠷᠢᠯᠠᠭᠤᠯᠤᠯᠳᠠ | ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠵᠢᠯ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢ ᠬᠡᠷᠡᠭᠵᠢᠭᠦᠯᠬᠦ ᠡᠴᠦᠰ ᠤᠨ ᠵᠢᠯ ᠪᠤᠯᠤᠨ᠎ᠠ᠂ ᠡᠨᠡ ᠵᠢᠯ ᠤᠨ ᠠᠵᠢᠯ ᠢ ᠰᠠᠶᠢᠨ ᠬᠢᠬᠦ ᠨᠢ | ᠴᠢᠬᠤᠯᠠ ᠶᠡᠭᠡ ᠠᠴᠢ ᠬᠤᠯᠪᠣᠭᠳᠠᠯ ᠲᠠᠢ ᠪᠠᠶᠢᠵᠤ᠂ ᠪᠢᠳᠡᠨ ᠤ ᠡᠬᠦᠷᠭᠡ ᠬᠠᠷᠢᠭᠤᠴᠠᠯᠭ᠎ᠠ ᠴᠤ ᠬᠦᠨᠳᠦ ᠨᠦᠰᠡᠷ | ᠪᠠᠶᠢᠭ᠎ᠠ ᠶᠤᠮ᠃ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠤᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠤᠯ ᠰᠢᠵᠢᠮ ᠢ ᠡᠯ᠎ᠡ | ᠲᠦᠷᠦᠯ ᠤᠨ ᠠᠵᠢᠯ ᠤᠨ ᠲᠤᠮᠳᠠ ᠲᠤᠤᠱᠯᠠᠭᠤᠯᠵᠤ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠪᠣᠯᠤᠨ | ᠪᠥᠬᠦ ᠣᠷᠣᠨ᠂ ᠪᠥᠬᠦ ᠠᠶᠢᠮᠠᠭ᠂ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠤᠨ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠲᠤᠭᠳᠠᠭᠤᠨ ᠤ ᠲᠤᠮᠳᠠ | ᠤᠷᠤᠭᠰᠢᠯᠠᠬᠤ᠂ ᠰᠢᠨ᠎ᠡ ᠶᠢ ᠡᠬᠦᠳᠦᠨ ᠴᠢᠷᠮᠠᠶᠢᠨ ᠠᠵᠢᠯᠯᠠᠬᠤ ᠶᠢ ᠪᠠᠷᠢᠮᠳᠠᠯᠠᠵᠤ᠂ ᠬᠥᠭᠵᠢᠯᠲᠡ ᠪᠠ ᠠᠮᠤᠷ | ᠲᠦᠪᠰᠢᠨ ᠢ ᠨᠢᠭᠡᠳᠦᠯᠲᠡᠶ ᠲᠥᠯᠥᠪᠯᠡᠨ᠂ ᠠᠷᠠᠳ ᠤᠨ ᠠᠮᠢᠳᠤᠷᠠᠯ ᠢ ᠤᠯᠠᠮ ᠰᠠᠶᠢᠵᠢᠷᠠᠭᠤᠯᠵᠤ᠂ ᠬᠤᠳᠠᠯᠳᠤᠭ᠎ᠠ | ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠦᠨ᠂ ︽ᠲᠠᠪᠤᠨ ᠶᠡᠭᠡ ᠡᠭᠦᠷᠭᠡ︾ ᠶᠢ ᠬᠦᠨᠵᠡᠬᠡᠢ | ᠨᠠᠶᠢᠳᠠᠪᠤᠷᠢᠵᠢᠭᠤᠯᠵᠦ᠂ ︽ᠵᠢᠷᠭᠤᠭᠠᠨ ᠢᠨᠵᠧᠨᠧᠷᠢᠩ︾ ᠢ ᠰᠠᠶᠢᠲᠤᠷ ᠠᠳᠬᠤᠨ᠂ ︽ᠵᠢᠷᠭᠤᠭᠠᠨ ᠠᠵᠢᠯᠯᠠᠭ᠎ᠠ︾ | ᠶᠢ ᠬᠢᠨᠠᠮᠠᠭᠠᠶ ᠥᠷᠨᠢᠭᠦᠯᠵᠦ᠂ ︽ᠬᠥᠮᠦᠨ ᠢ ᠦᠯᠡᠳᠡᠬᠡᠬᠦ᠂ ᠬᠥᠮᠦᠨ ᠢ ᠲᠠᠳᠠᠬᠤ᠂ ᠬᠥᠮᠦᠨ ᠢ ᠬᠡᠷᠡᠭᠯᠡᠬᠦ︾ ᠶᠢᠨ | ᠲᠣᠭᠤᠷᠢᠨ ᠳᠤ ᠨᠢᠭᠡ ᠪᠦᠯᠦᠭ ᠬᠦᠴᠢᠷ ᠠᠰᠠᠭᠤᠳᠠᠯ ᠢ ᠰᠢᠢᠳᠪᠦᠷᠢᠯᠡᠨ᠂ ᠨᠢᠬᠡ ᠪᠦᠯᠦᠭ ᠪᠤᠳᠠᠳᠠᠢ ᠠᠵᠢᠯ ᠢ ᠬᠢᠵᠦ᠂ | ︽ᠠᠷᠪᠠᠨ ᠲᠦᠷᠪᠡᠳᠦᠭᠡᠷ ᠲᠠᠪᠤᠨ ᠵᠢᠯ︾ ᠤᠨ ᠬᠠᠷᠠᠯᠲᠠ ᠡᠭᠦᠷᠭᠡ ᠶᠢ ᠴᠢᠨᠠᠷ ᠰᠠᠶᠢᠲᠠᠶ ᠪᠡᠶᠡᠯᠡᠬᠦᠯᠦᠨ᠂ ︽ᠠᠷᠪᠠᠨ | ᠲᠠᠪᠤᠳᠤᠭᠠᠷ ᠲᠠᠪᠤᠨ ᠵᠢᠯ︾ ᠤᠨ ᠡᠬᠢᠯᠡᠯᠳᠡ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃ | ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠤᠷᠢᠳᠴᠢᠯᠠᠨ ᠵᠢᠱᠢᠭᠰᠡᠨ ᠬᠠᠷᠠᠯᠲᠠ ᠪᠣᠯ᠄ | ᠣᠷᠣᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 6 % ᠤᠷᠴᠢᠮ ᠢᠶᠠᠷ ᠨᠡᠮᠡᠭᠳᠡᠬᠦᠯᠵᠦ᠂ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 10 % ᠤᠷᠴᠢᠮ ᠢᠶᠠᠷ ᠨᠡᠮᠡᠭᠳᠡᠬᠦᠯᠵᠦ᠂ ᠡᠩ ᠤᠨ ᠣᠯᠠᠨ | ᠨᠡᠶᠢᠲᠡ ᠶᠢᠨ ᠲᠥᠰᠦᠪ ᠤᠨ ᠣᠷᠣᠯᠭ᠎ᠠ ᠶᠢ 2 % ᠤᠷᠴᠢᠮ ᠢᠶᠠᠷ ᠨᠡᠮᠡᠭᠳᠡᠬᠦᠯᠵᠦ᠂ ᠰᠠᠭᠤᠭᠠᠯᠢ ᠠᠷᠠᠳ ᠤᠨ | ᠤᠷᠤᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠯᠦᠭᠡ ᠦᠨᠳᠦᠰᠦᠨ ᠳᠡᠭᠡᠨ ᠠᠳᠠᠯᠢ ᠪᠠᠶᠢᠯᠭᠠᠨ᠎ᠠ ᠃ | ᠳᠡᠭᠡᠷ᠎ᠡ ᠳᠤᠷᠠᠳᠤᠭᠰᠠᠨ ᠬᠠᠷᠠᠯᠲᠠ ᠡᠭᠦᠷᠭᠡ ᠶᠢᠨ ᠲᠣᠭᠤᠷᠢᠨ ᠳᠤ᠂ ᠳᠣᠤᠷᠠᠬᠢ ᠲᠤᠯᠤᠭᠠᠨ ᠲᠠᠯ᠎ᠠ ᠶᠢᠨ ᠠᠵᠢᠯ ᠢ | ᠭᠤᠤᠯᠳᠠᠯᠭ᠎ᠠ ᠲᠠᠢ ᠰᠠᠶᠢᠨ ᠠᠳᠬᠤᠬᠤ ᠭᠡᠷᠡᠭᠳᠡᠢ᠄ | ︵ᠨᠢᠭᠡ︶ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ᠃ ᠣᠳᠣ ᠦᠶ᠎ᠡ ᠶᠢᠨ | ᠲᠠᠷᠢᠶᠠᠯᠠᠩ ᠮᠠᠯ ᠠᠵᠤ ᠠᠬᠤᠢ ᠶᠢ ᠲᠦᠷᠭᠡᠳᠬᠡᠨ ᠬᠦᠭᠵᠢᠬᠦᠯᠬᠦ ᠭᠡᠷᠡᠭᠳᠡᠢ᠃ ᠲᠠᠯᠠᠪᠠᠢ ᠶᠢ ᠲᠣᠭᠲᠠᠪᠤᠷᠢᠵᠢᠭᠤᠯᠬᠤ᠂ | ᠤᠨᠠᠯᠲᠠ ᠶᠢ ᠨᠡᠮᠡᠭᠳᠡᠭᠦᠯᠬᠦ ᠬᠤᠶᠠᠷ ᠲᠠᠯ᠎ᠠ ᠪᠠᠷ ᠬᠦᠴᠦᠯᠡᠵᠤ᠂ ᠲᠠᠷᠢᠶᠠᠨ ᠭᠠᠵᠠᠷ ᠤᠨ ᠬᠠᠮᠠᠭᠠᠯᠠᠯᠳᠠ ᠪᠠ ᠠᠮᠤ | ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ ᠤᠨ ᠬᠢᠨ ᠬᠠᠷᠢᠭᠤᠴᠠᠯᠭ᠎ᠠ ᠡᠭᠦᠷᠭᠡᠯᠡᠬᠦ ᠶᠢ ᠴᠢᠩᠭ᠎ᠠ | ᠨᠠᠶᠢᠳᠠᠪᠤᠷᠢᠵᠢᠭᠤᠯᠵᠤ᠂ 1 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠤᠨ᠂ 6 | ᠲᠦᠮᠡᠨ ᠮᠦ ᠭᠠᠵᠠᠷ ᠢ ᠰᠤᠯᠠᠷᠠᠭᠤᠯᠤᠨ ᠲᠡᠭᠰᠢᠯᠡᠵᠦ᠂ 5 ᠲᠦᠮᠡᠨ ᠮᠦ ᠭᠠᠵᠠᠷ ᠢ ᠲᠦᠮᠦᠰᠦᠨ ᠤ ᠤᠨᠠᠯᠳᠠ ᠶᠢ | ᠨᠡᠮᠡᠭᠳᠡᠬᠦᠯᠬᠦ ᠵᠢᠱᠢᠶ᠎ᠡ ᠦᠵᠡᠭᠦᠯᠬᠦ ᠣᠷᠣᠨ ᠪᠤᠯᠭᠠᠵᠤ ᠂ ᠠᠮᠤ ᠪᠤᠳᠠᠭ᠎ᠠ ᠲᠠᠷᠢᠬᠤ ᠲᠠᠯᠠᠪᠠᠢ ᠶᠢ 90 ᠲᠦᠮᠡᠨ | ᠮᠦ ᠠᠴᠠ ᠳᠡᠭᠡᠭᠰᠢ ᠳᠤ ᠲᠣᠭᠲᠠᠪᠤᠷᠢᠵᠢᠭᠤᠯᠤᠨ᠂ ᠤᠨᠠᠯᠲᠠ ᠶᠢ 5.3 ᠳ᠋ᠦᠩᠰᠢᠭᠤᠷ ᠵᠢᠩ ᠳᠤ ᠬᠦᠷᠭᠡᠨ᠎ᠡ᠃ | ᠲᠦᠬᠦᠭᠡᠷᠦᠮᠵᠢᠳᠦ ᠲᠠᠷᠢᠶᠠᠯᠠᠩ ᠢ ᠶᠡᠬᠡᠪᠡᠷ ᠬᠥᠭᠵᠢᠭᠦᠯᠵᠦ᠂ ︽ ᠲᠠᠭᠠᠭᠤᠯᠤᠭᠴᠢ ᠠᠵᠤ ᠠᠬᠤᠶᠢᠯᠠᠯ + ᠲᠤᠰᠬᠠᠢ | ᠬᠤᠷᠰᠢᠶ᠎ᠠ + ᠲᠠᠷᠢᠶᠠᠴᠢᠨ ᠡᠷᠦᠬᠡ︾ ᠶᠢᠨ ᠵᠠᠭᠪᠤᠷ ᠢᠶᠠᠷ ᠳᠠᠮᠵᠢᠭᠤᠯᠤᠨ᠂ 2000 ᠮᠥ ᠠᠴᠠ ᠳᠡᠭᠡᠭᠰᠢ | ᠲᠦᠬᠦᠭᠡᠷᠦᠮᠵᠢᠳᠦ ᠲᠠᠷᠢᠶᠠᠯᠠᠩ ᠤᠨ ᠲᠠᠯᠠᠪᠠᠢ ᠶᠢ ᠰᠢᠨ᠎ᠡ ᠪᠠᠷ ᠪᠠᠶᠢᠭᠤᠯᠬᠤ ᠪᠤᠶᠤ ᠦᠬᠡᠷᠡᠴᠢᠯᠡᠨ ᠪᠠᠶᠢᠭᠤᠯᠵᠦ᠂ | ᠲᠦᠬᠦᠭᠡᠷᠦᠮᠵᠢᠳᠦ ᠲᠠᠷᠢᠶᠠᠯᠠᠩ ᠤᠨ ᠪᠠᠷᠢᠮᠵᠢᠶᠠᠵᠢᠭᠰᠠᠨ᠂ ᠭᠡᠪᠴᠢᠶᠡᠵᠢᠭᠰᠡᠨ᠂ ᠵᠠᠬ᠎ᠠ ᠲᠡᠯᠬᠡᠬᠦᠷᠵᠢᠭᠰᠡᠨ | ᠬᠦᠭᠵᠢᠯᠳᠡ ᠶᠢ ᠠᠯᠬᠤᠮ ᠠᠯᠬᠤᠮ ᠢᠶᠠᠷ ᠠᠬᠢᠭᠤᠯᠤᠨ᠎ᠠ᠃ ᠤᠯᠤᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ | ᠦᠢᠯᠡᠰ ᠤᠨ ᠬᠦᠷᠢᠶᠡᠯᠡᠩ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠦᠮᠦᠰᠦᠨ ᠤ ᠠᠵᠤ ᠦᠢᠯᠡᠰ ᠤᠨ | ᠰᠦᠷᠦᠭᠵᠢᠯ ᠤᠨ ᠬᠠᠮᠢᠶ᠎ᠠ ᠪᠥᠬᠦᠶ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠵᠢᠯ ᠤᠨ ᠡᠭᠦᠷᠭᠡ ᠶᠢ ᠴᠢᠨᠠᠷ | ᠰᠠᠶᠢᠲᠠᠶ ᠪᠡᠶᠡᠯᠡᠭᠦᠯᠦᠨ᠎ᠡ᠃ ᠭᠡᠪᠴᠢᠶᠡᠵᠢᠭᠰᠡᠨ ᠬᠠᠰᠢᠶᠠᠯᠠᠨ ᠮᠠᠯᠵᠢᠬᠤ ᠦᠢᠯᠡᠰ ᠢ ᠶᠡᠬᠡᠪᠡᠷ ᠬᠥᠭᠵᠢᠭᠦᠯᠵᠦ᠂ ᠮᠢᠬᠠᠨ | ᠤ ᠦᠬᠡᠷ ᠲᠡᠵᠢᠭᠡᠨ ᠦᠷᠡᠵᠢᠭᠦᠯᠬᠦ ᠬᠡᠪᠴᠢᠶ᠎ᠡ ᠶᠢ ᠯᠠᠪᠳᠠᠭᠤᠨ ᠢᠶᠠᠷ ᠥᠷᠭᠡᠳᠬᠡᠨ᠂ ᠮᠢᠬᠠᠨ ᠦᠬᠡᠷ ᠤᠨ ᠲᠤᠭ᠎ᠠ | ᠲᠤᠯᠤᠭᠠᠢ ᠶᠢ 15 ᠲᠦᠮᠡ ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ᠃ ᠲᠠᠷᠢᠬᠤ ᠪᠠᠷ ᠲᠡᠵᠢᠭᠡᠬᠦ ᠶᠢ ᠠᠬᠢᠭᠤᠯᠬᠤ᠂ | ᠮᠠᠯ ᠪᠡᠯᠴᠢᠭᠡᠷ ᠢ ᠨᠢᠭᠡ ᠴᠤᠭᠴᠠᠵᠢᠭᠤᠯᠬᠤ ᠵᠠᠮ ᠢᠶᠠᠷ ᠵᠠᠮᠨᠠᠨ᠂ ᠴᠢᠨᠠᠷ ᠰᠠᠶᠢᠲᠠᠶ ᠲᠡᠵᠢᠭᠡᠯ ᠡᠪᠡᠰᠦ 32 ᠲᠦᠮᠡᠨ | ᠮᠦ ᠲᠠᠷᠢᠵᠤ᠂ 1 ᠲᠦᠮᠡᠨ ᠬᠠᠪᠳᠠᠭᠠᠢ ᠳᠥᠷᠪᠡᠯᠵᠢᠨ ᠮᠧᠲᠷ ᠪᠠᠷᠢᠮᠵᠢᠶᠠᠳᠤ ᠫᠧᠩ ᠰᠠᠷᠠᠪᠴᠢ ᠶᠢ ᠪᠠᠶᠢᠭᠤᠯᠤᠨ᠂ | ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠪᠠᠶᠢᠭᠤᠯᠵᠤ ᠠᠰᠢᠭᠯᠠᠯᠲᠠ ᠳᠤ ᠤᠷᠤᠭᠤᠯᠤᠨ᠎ᠠ᠃ ᠣᠯᠠᠨ ᠡᠰᠢᠵᠢᠭᠰᠡᠨ | ᠲᠡᠵᠢᠭᠡᠨ ᠦᠷᠡᠵᠢᠭᠦᠯᠬᠦ ᠦᠢᠯᠡᠰ ᠢ ᠢᠳᠡᠪᠬᠢᠲᠡᠶ ᠪᠠᠷ ᠬᠥᠭᠵᠢᠭᠦᠯᠵᠦ᠂ ᠭᠠᠯᠠᠭᠤ ᠲᠡᠵᠢᠭᠡᠬᠦ ᠲᠤᠷᠰᠢᠯᠳᠠ ᠶᠢ | ᠵᠣᠷᠢᠭᠵᠢᠭᠤᠯᠤᠨ ᠳᠡᠮᠵᠢᠨ᠎ᠡ᠃ ︽ᠮᠣᠩᠭᠤᠯ︾ ᠨᠠᠷᠠᠲᠤ ᠲᠡᠮᠳᠡᠭ ᠤᠨ ᠪᠠᠶᠢᠭᠤᠯᠤᠯᠲᠠ ᠶᠢ ᠴᠢᠩᠭᠠᠳᠬᠠᠵᠤ᠂ | ᠣᠷᠣᠨ ᠤ ᠲᠠᠰ ᠤᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠢᠯᠡᠰᠵᠢᠭᠰᠡᠨ ᠭᠤᠤᠯᠳᠠᠯᠭ᠎ᠠ ᠲᠠᠢ | ᠲᠠᠭᠠᠭᠤᠯᠤᠭᠴᠢ ᠠᠵᠤ ᠠᠬᠤᠶᠢᠯᠠᠯ 1 ᠶᠢ ᠡᠷᠡᠮᠡᠯᠵᠡᠯᠡᠨ ᠮᠡᠳᠡᠭᠦᠯᠵᠦ᠂ ᠮᠠᠯᠴᠢᠨ ᠲᠠᠷᠢᠶᠠᠴᠢᠨ ᠤ ᠵᠢᠱᠢᠶ᠎ᠡ ᠦᠵᠡᠭᠦᠯᠬᠦ | ᠬᠤᠷᠰᠢᠶ᠎ᠠ 10᠂ ᠵᠢᠱᠢᠶ᠎ᠡ ᠦᠵᠡᠭᠦᠯᠬᠦ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ 15 ᠶᠢ ᠦᠨᠡᠯᠡᠨ | ᠲᠣᠭᠲᠠᠭᠠᠨ᠎ᠠ᠃ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠲᠦᠷᠭᠡᠨ ᠠᠬᠢᠭᠤᠯᠬᠤ ᠭᠡᠷᠡᠭᠳᠡᠢ᠃ ᠰᠢᠨ᠎ᠡ | ᠡᠨᠧᠷᠭᠢ᠂ ᠰᠢᠨ᠎ᠡ ᠮᠠᠲ᠋ᠧᠷᠢᠶᠠᠯ᠂ ᠲᠡᠷᠢᠭᠦᠨ ᠤ ᠦᠢᠯᠡᠳᠭᠡᠯ ᠤᠨ ᠦᠢᠯᠡᠰ ᠢᠶᠠᠷ ᠰᠢᠨ᠎ᠡ ᠬᠡᠯᠪᠡᠷᠢ ᠶᠢᠨ ᠠᠵᠤ | ᠦᠢᠯᠡᠳᠪᠦᠷᠢ ᠶᠢ ᠲᠠᠶᠢᠴᠢᠯᠠᠨ᠂ ᠳᠤᠮᠳᠠᠳᠤ ᠤᠯᠤᠰ ᠤᠨ ᠵᠦᠩ ᠵᠢᠶᠤᠤ ᠲᠢᠶᠠᠨ ᠾᠧ ᠣᠶᠤᠨᠴᠢ ᠲᠣᠨᠤᠭ | ᠲᠥᠬᠦᠭᠡᠷᠦᠮᠵᠢ ᠦᠢᠯᠡᠳᠬᠦ ᠲᠥᠷᠥᠯ ᠵᠦᠢᠯ ᠤᠨ ᠪᠠᠶᠢᠭᠤᠯᠤᠯᠳᠠ ᠶᠢ ᠠᠬᠢᠭᠤᠯᠵᠤ᠂ ᠪᠤᠤᠴᠠᠩ ᠠᠵᠤ | ᠦᠢᠯᠡᠳᠪᠦᠷᠢ ᠶᠢᠨ ᠬᠦᠷᠢᠶᠡᠯᠡᠩ ᠤᠨ ᠪᠣᠬᠢᠷᠲᠤᠯ ᠥᠬᠡᠶ ᠴᠠᠬᠢᠯᠭᠠᠨ ᠤ ᠲᠥᠷᠥᠯ ᠵᠦᠢᠯ ᠤᠨ ᠲᠣᠤᠷ ᠨᠡᠶᠢᠯᠡᠭᠦᠯᠦᠨ | ᠴᠠᠬᠢᠯᠭᠠᠨ ᠭᠠᠷᠭᠠᠬᠤ ᠶᠢ ᠪᠡᠶᠡᠯᠡᠬᠦᠯᠦᠨ᠎ᠡ᠃ ᠥᠪᠥᠷ ᠮᠣᠩᠭᠤᠯ ᠤᠨ ᠮᠢ ᠭᠧ ᠭᠤᠮ ᠦᠢᠯᠡᠳᠬᠦᠨ᠂ ᠮᠧᠩ ᠰᠢᠨ | ᠵᠢᠩ ᠰᠢᠨ ᠴᠠᠬᠢᠭᠤᠷ ᠲᠡᠮᠦᠷ᠂ ᠲᠢᠶᠠᠨ ᠷᠦᠨ ᠰᠢᠨ ᠰᠢᠨ᠎ᠡ ᠡᠨᠧᠷᠬᠢ ᠵᠢᠴᠢ ᠤᠯᠠᠭᠠᠨᠴᠠᠪ ᠤᠨ ᠬᠤᠸᠠᠳᠧ ᠠᠴᠠ | ᠰᠢᠯᠢ ᠶᠢᠨ ᠭᠤᠣᠯ ᠠᠶᠢᠮᠠᠭ ᠤᠨ ᠳᠣᠯᠣᠨ ᠨᠠᠭᠤᠷ ᠬᠦᠷᠬᠦ ᠰᠢᠲᠠᠮᠠᠬᠠᠢ ᠬᠡᠢ ᠶᠢᠨ ᠬᠤᠭᠤᠯᠠᠢ ᠶᠢᠨ ᠲᠠᠶᠢᠹᠤᠰᠧ | ᠬᠤᠰᠢᠭᠤᠨ ᠤ ᠬᠡᠰᠡᠭ ᠵᠡᠷᠭᠡ ᠲᠥᠷᠥᠯ ᠵᠦᠢᠯ ᠤᠨ ᠪᠠᠶᠢᠭᠤᠯᠤᠯᠳᠠ ᠶᠢ ᠭᠤᠣᠯᠳᠠᠯᠭ᠎ᠠ ᠲᠠᠢ ᠠᠬᠢᠭᠤᠯᠵᠤ᠂ ᠵᠦᠩ | ᠾᠧ ᠪᠦᠯᠦᠭᠯᠡᠯ ᠂ ᠺᠠᠢ ᠳ᠋ᠠ ᠪᠦᠯᠦᠭᠯᠡᠯ ᠤᠨ ᠬᠠᠮᠢᠶ᠎ᠠ ᠪᠦᠬᠦᠢ ᠲᠥᠷᠥᠯ ᠵᠦᠢᠯ ᠤᠨ ᠠᠰᠢᠭᠯᠠᠯᠲᠠ ᠳᠤ ᠣᠷᠣᠬᠤ ᠶᠢ | ᠲᠦᠷᠭᠡᠳᠬᠡᠨ᠎ᠠ᠃ ᠰᠢᠨ᠎ᠡ ᠨᠢᠭᠡᠨ ᠡᠭᠡᠯᠵᠢ ᠶᠢᠨ ᠠᠭᠤᠷᠬᠠᠶ ᠬᠠᠶᠢᠬᠤ ᠰᠢᠪᠲᠤᠯᠤᠯᠲᠠ ᠶᠢᠨ ᠪᠠᠶᠢᠯᠳᠤᠬᠤ ᠪᠤᠳᠤᠯᠭ᠎ᠠ | ᠶᠢᠨ ᠠᠵᠢᠯᠯᠠᠭᠠᠨ ᠤ ᠲᠤᠮᠳᠠ ᠦᠷᠭᠦᠯᠵᠢᠯᠡᠨ ᠬᠦᠴᠦᠯᠡᠵᠦ᠂ ᠹᠧᠩ ᠲᠠᠢ ᠠᠭᠤᠷᠬᠠᠶ ᠶᠢᠨ ᠦᠢᠯᠡᠰ ᠤᠨ ᠥᠷᠭᠡᠳᠬᠡᠨ | ᠪᠠᠶᠢᠭᠤᠯᠬᠤ ᠢᠨᠵᠧᠨᠧᠷᠢᠩ᠂ ᠸᠠᠩ ᠵᠢᠶᠠ ᠶᠢᠩᠽᠢ ᠠᠭᠤᠷᠬᠠᠶ ᠶᠢᠨ ᠣᠷᠣᠨ ᠤ ᠣᠯᠠᠨ ᠲᠡᠮᠦᠷᠯᠢᠭᠳᠦ ᠠᠭᠤᠷᠬᠠᠶ ᠶᠢᠨ | ᠲᠥᠷᠥᠯ ᠵᠦᠢᠯ ᠤᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠤᠨ᠂ ᠠᠭᠤᠷᠬᠠᠶ ᠶᠢᠨ ᠦᠢᠯᠡᠰ ᠤᠨ ᠨᠡᠭᠡᠭᠡᠯᠲᠡ ᠶᠢᠨ | ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠬᠤ ᠪᠠᠷ ᠴᠢᠷᠮᠠᠶᠢᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠤᠰᠤ ᠴᠠᠬᠢᠯᠭᠠᠨ ᠵᠠᠮ ᠲᠤᠯᠠᠭᠠᠯᠠᠭ᠎ᠠ ᠵᠡᠷᠭᠡ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ ᠶᠢ | ᠦᠷᠭᠦᠯᠵᠢᠯᠡᠨ ᠴᠢᠩᠭᠠᠳᠬᠠᠵᠤ᠂ ᠰᠤᠯᠠ ᠪᠠᠶᠢᠭ᠎ᠠ ᠭᠠᠵᠠᠷ ᠰᠢᠷᠣᠶ ᠶᠢ ᠴᠡᠪᠡᠷᠯᠡᠨ᠂ ᠣᠷᠣᠨ ᠵᠠᠶ ᠶᠢ ᠤᠯᠠᠮ | ᠦᠷᠭᠡᠳᠭᠡᠵᠦ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠬᠦᠴᠦᠨ ᠵᠦᠢᠯ ᠤᠨ ᠪᠠᠳᠤᠯᠠᠭᠠᠨ ᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠰᠢᠯᠢᠳᠡᠭᠵᠢᠭᠦᠯᠦᠨ ᠬᠦᠭᠵᠢᠬᠦᠯᠬᠦ ᠭᠡᠷᠡᠭᠳᠡᠢ᠃ | ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ᠪᠥᠬᠦ ᠣᠷᠣᠨ ᠪᠦᠰᠡ ᠶᠢᠨ ᠳᠥᠷᠪᠡᠨ ᠤᠯᠠᠷᠢᠯ ᠤᠨ | ᠵᠢᠭᠤᠯᠴᠢᠯᠠᠯ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠬᠠᠨ᠎ᠠ ᠬᠠᠳᠠ ᠶᠢᠨ ᠵᠢᠭᠤᠯᠴᠢᠯᠠᠯ ᠤᠨ ᠢᠵᠢ | ᠪᠦᠷᠢᠳᠦᠭᠰᠡᠨ ᠲᠥᠬᠦᠭᠡᠷᠦᠮᠵᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠠᠭᠠᠨ ᠤ ᠠᠳᠤᠭᠤᠨ | ᠵᠤᠰᠠᠭᠠᠯ ᠢ 5A ᠲᠠᠰ ᠤᠨ ᠦᠵᠡᠮᠵᠢ ᠶᠢᠨ ᠣᠷᠣᠨ ᠪᠤᠯᠭᠠᠵᠤ ᠡᠭᠦᠳᠦᠨ ᠪᠠᠶᠢᠭᠤᠯᠬᠤ ᠠᠵᠢᠯ ᠢ ᠠᠬᠢᠭᠤᠯᠤᠨ᠂ ᠰᠢ | ᠱᠠᠨ ᠪᠡᠶ᠎ᠡ ᠶᠢᠨ ᠲᠠᠮᠢᠷ ᠤᠨ ᠴᠡᠴᠡᠷᠯᠢᠭ᠂ ᠳ᠋ᠦᠩ ᠵᠢᠶᠤᠤ ᠪᠡᠶ᠎ᠡ ᠴᠢᠭᠢᠷᠠᠭᠵᠢᠭᠤᠯᠬᠤ ᠠᠵᠢᠯᠯᠠᠭᠠᠨ ᠤ ᠲᠥᠪ ᠵᠡᠷᠭᠡ | ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠨ᠎ᠠ᠃ ᠣᠷᠣᠨ ᠤ ᠲᠠᠰ ᠤᠨ ᠬᠥᠳᠡᠭᠡ ᠲᠣᠰᠬᠤᠨ ᠤ ᠵᠢᠭᠤᠯᠴᠢᠯᠠᠯ | ᠤᠨ ᠭᠤᠤᠯᠳᠠᠯᠭ᠎ᠠ ᠲᠠᠢ ᠴᠡᠭ ᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠣᠳᠣᠨ | ᠲᠠᠰ ᠤᠨ ᠮᠠᠯᠴᠢᠨ ᠠᠶᠢᠯ ᠤᠨ ᠵᠢᠭᠤᠯᠴᠢᠯᠠᠯ ᠢ ᠤᠯᠤᠰ ᠤᠨ ᠲᠠᠰ ᠤᠨ ᠠᠶᠢᠯ ᠭᠡᠷ ᠤᠨ ᠬᠡᠯᠪᠡᠷᠢᠳᠦ ᠵᠢᠭᠤᠯᠴᠢᠯᠠᠯ | ᠵᠦᠭ ᠲᠠᠰ ᠳᠡᠪᠰᠢᠭᠦᠯᠦᠨ ᠪᠠᠶᠢᠭᠤᠯᠬᠤ ᠶᠢ ᠠᠬᠢᠭᠤᠯᠤᠨ᠎ᠠ᠃ ︽ᠠᠯᠮᠠᠰ ᠤᠨ ᠪᠠᠯᠭᠠᠰᠤ · ᠲᠠᠶᠢᠪᠤᠰᠧ ᠬᠤᠰᠢᠭᠤ︾ | ᠨᠡᠷᠡᠲᠦ ᠲᠡᠮᠳᠡᠭ ᠤᠨ ᠠᠯᠳᠠᠷᠰᠢᠯ ᠢ ᠲᠠᠭᠤᠷᠢᠰᠤᠭᠤᠯᠵᠤ᠂ ︽ᠳᠤᠮᠳᠠᠳᠤ ᠤᠯᠤᠰ ᠤᠨ ᠬᠠᠭᠠᠨ ᠤ ᠠᠳᠤᠭᠤᠨ | ᠰᠣᠶᠣᠯ ᠤᠨ ᠨᠤᠲᠤᠭ︾ ᠤᠨ ᠨᠡᠷᠡᠲᠦ ᠲᠡᠮᠳᠡᠭ ᠢ ᠲᠡᠯᠭᠡᠷᠡᠬᠦᠯᠦᠨ᠂ ︽ᠪᠤᠤᠴᠠᠩ ᠳᠤ ᠬᠦᠷᠴᠦ ᠰᠢᠨᠡᠯᠡᠶ᠎ᠡ︾ | ᠰᠦᠮ᠎ᠡ ᠶᠢᠨ ᠴᠤᠭᠯᠠᠭᠠᠨ᠂ ᠴᠠᠨ᠎ᠠ ᠴᠡᠴᠡᠭ ᠰᠣᠨᠢᠷᠬᠠᠬᠤ ᠴᠤᠭᠯᠠᠭᠠᠨ᠂ ᠮᠠᠰᠢᠨ ᠮᠤᠲ᠋ᠤᠷ ᠢᠶᠠᠷ ᠲᠠᠯ᠎ᠠ ᠨᠤᠲᠤᠭ ᠢ | ᠲᠤᠭᠤᠯᠬᠤ ᠬᠦᠳᠡᠯᠭᠡᠭᠡᠨ᠂ ᠮᠣᠩᠭᠤᠯ ᠮᠣᠷᠢᠨ ᠤ ᠬᠤᠯᠪᠤᠭᠠᠳᠤ ᠤᠷᠤᠯᠳᠤᠭᠠᠨ᠂ ᠲᠤᠮᠳᠠᠳᠤ ᠤᠯᠤᠰ ᠤᠨ ᠠᠳᠤᠭᠤᠨ | ᠤ ᠦᠢᠯᠡᠰ ᠤᠨ ᠨᠡᠶᠢᠬᠡᠮᠯᠢᠭ ᠤᠨ ᠮᠤᠷᠢᠨ ᠤᠷᠤᠯᠳᠤᠭᠠᠨ ᠵᠡᠷᠭᠡ ᠰᠣᠶᠣᠯ ᠵᠢᠭᠤᠯᠴᠢᠯᠠᠯ ᠤᠨ ᠬᠦᠳᠡᠯᠪᠦᠷᠢ | ᠠᠵᠢᠯᠯᠠᠭ᠎ᠠ ᠶᠢ ᠰᠠᠶᠢᠲᠤᠷ ᠡᠷᠬᠢᠯᠡᠵᠦ᠂ ᠠᠵᠤ ᠦᠢᠯᠡᠳᠪᠦᠷᠢ ᠶᠢᠨ ᠵᠢᠭᠤᠯᠴᠢᠯᠠᠯ᠂ ᠠᠮᠢ ᠠᠬᠤᠢ ᠶᠢᠨ ᠵᠢᠭᠤᠯᠴᠢᠯᠠᠯ᠂ | ᠬᠥᠳᠡᠭᠡ ᠲᠣᠰᠬᠤᠨ ᠤ ᠵᠢᠭᠤᠯᠴᠢᠯᠠᠯ᠂ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ᠂ ᠰᠤᠳᠤᠯᠤᠨ ᠰᠤᠷᠤᠯᠴᠠᠬᠤ | ᠵᠢᠭᠤᠯᠴᠢᠯᠠᠯ ᠢ ᠢᠳᠡᠪᠬᠢᠲᠡᠶ ᠬᠥᠭᠵᠢᠭᠦᠯᠵᠦ᠂ ᠨᠢᠭᠡ ᠪᠦᠯᠦᠭ ᠬᠤᠪᠢᠰᠬᠠᠯᠲᠤ ᠵᠢᠭᠤᠯᠴᠢᠯᠠᠯ ᠤᠨ ᠵᠠᠮ ᠱᠤᠭᠤᠮ ᠪᠠ | ᠰᠤᠳᠤᠯᠤᠨ ᠰᠤᠷᠤᠯᠴᠠᠬᠤ ᠰᠠᠭᠤᠷᠢᠨ ᠭᠠᠵᠠᠷ ᠢ ᠪᠠᠶᠢᠭᠤᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ | ᠬᠥᠭᠵᠢᠯᠲᠡ ᠶᠢᠨ ᠰᠢᠨ᠎ᠡ ᠵᠠᠮ ᠢ ᠨᠡᠭᠡᠭᠡᠨ᠎ᠡ᠃ ᠬᠡᠷᠡᠭᠯᠡᠭᠡ ᠶᠢ ᠠᠬᠢᠭᠤᠯᠤᠨ ᠲᠠᠰ ᠳᠡᠪᠰᠢᠭᠦᠯᠬᠦ ᠠᠵᠢᠯᠯᠠᠭ᠎ᠠ ᠶᠢ ᠶᠡᠬᠡᠪᠡᠷ | ᠥᠷᠨᠢᠭᠦᠯᠵᠦ᠂ ᠰᠣᠶᠣᠯ ᠲᠠᠮᠢᠷ ᠵᠤᠭ᠎ᠠ ᠴᠡᠩᠭᠡᠯ᠂ ᠬᠡᠷ ᠤᠨ ᠡᠳ᠋ᠯᠡᠯ ᠴᠠᠬᠢᠯᠭᠠᠨ ᠬᠡᠷᠡᠭᠰᠡᠯ᠂ ᠬᠤᠭᠤᠯᠠ ᠤᠮᠳᠠ | ᠬᠤᠨᠤᠭ ᠰᠠᠭᠤᠴᠠ ᠵᠡᠷᠭᠡ ᠬᠡᠷᠡᠭᠯᠡᠭᠡᠨ ᠤ ᠨᠡᠮᠡᠭᠳᠡᠯ ᠤᠨ ᠴᠡᠭ ᠢ ᠢᠳᠡᠪᠬᠢᠲᠡᠶ ᠪᠠᠷ ᠪᠤᠶᠢᠵᠢᠭᠤᠯᠤᠨ ᠬᠥᠭᠵᠢᠭᠦᠯᠵᠦ᠂ | ᠬᠡᠷᠡᠭᠯᠡᠭᠡᠨ ᠤ ᠳᠠᠯᠳᠠ ᠬᠦᠴᠦᠨ ᠢ ᠭᠦᠢᠴᠡᠳ ᠪᠠᠳᠠᠷᠠᠭᠤᠯᠤᠨ᠂ ᠵᠤᠬᠢᠬᠤ ᠬᠡᠮᠵᠢᠶ᠎ᠡ ᠪᠠᠷ ᠬᠡᠪᠴᠢᠶᠡᠵᠢᠵᠦ ᠤᠯᠤᠰ ᠤᠨ | ᠪᠦᠷᠢᠳᠭᠡᠯ ᠳᠤ ᠤᠷᠤᠭᠰᠠᠨ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ 5 ᠶᠢ ᠰᠢᠨ᠎ᠡ ᠪᠠᠷ ᠨᠡᠮᠡᠭᠳᠡᠭᠦᠯᠦᠨ᠎ᠡ᠃ | ᠰᠦᠯᠵᠢᠶᠡᠨ ᠣᠳᠣᠳ ᠤᠨ ᠠᠵᠤ ᠠᠬᠤᠶ᠂ ᠰᠢᠭᠤᠳ ᠨᠡᠪᠲᠡᠷᠡᠭᠦᠯᠭᠡ ᠶᠢᠨ ᠠᠵᠤ ᠠᠬᠤᠶ ᠶᠢ ᠲᠡᠳᠬᠦᠨ ᠬᠥᠭᠵᠢᠭᠦᠯᠵᠦ | ᠂ ᠬᠤᠳᠠᠯᠳᠤᠭᠠᠨ ᠤ ᠶᠠᠪᠤᠳᠠᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠨ ᠂ ᠪᠥᠬᠦ ᠵᠢᠯ ᠤᠨ | ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠠᠷᠠᠯᠵᠢᠶᠠᠨ ᠤ ᠬᠡᠮᠵᠢᠶ᠎ᠡ ᠶᠢ 10 ᠳ᠋ᠦᠩᠰᠢᠭᠤᠷ ᠲᠥᠭᠦᠷᠢᠭ | ᠲᠠᠪᠠᠭᠤᠯᠵᠤ᠂ ᠭᠠᠳᠠᠭᠠᠳᠤ ᠠᠷᠠᠯᠵᠢᠶᠠᠨ ᠤ ᠠᠷᠠᠯᠵᠢᠶᠠᠨ ᠤ ᠬᠡᠮᠵᠢᠶ᠎ᠡ ᠶᠢ 1.6 ᠳ᠋ᠦᠩᠰᠢᠭᠤᠷ ᠲᠥᠭᠦᠷᠢᠭ ᠲᠤ | ᠬᠦᠷᠭᠡᠨ᠎ᠡ᠃ | ︵ᠬᠤᠶᠠᠷ︶ ᠲᠦᠷᠦᠯ ᠵᠦᠢᠯ ᠢ ᠲᠦᠯᠦᠪᠵᠢᠬᠦᠯᠦᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ | ᠠᠵᠤ ᠠᠬᠤᠢ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠢ ᠴᠢᠩᠭᠠᠷᠠᠭᠤᠯᠤᠨ᠎ᠠ᠃ ᠲᠥᠷᠥᠯ ᠵᠦᠢᠯ ᠤᠨ | ᠪᠠᠶᠢᠭᠤᠯᠤᠯᠲᠠ ᠶᠢ ᠪᠦᠬᠦ ᠬᠦᠴᠦᠨ ᠢᠶᠠᠷ ᠰᠠᠶᠢᠨ ᠠᠳᠬᠤᠬᠤ ᠭᠡᠷᠡᠭᠳᠡᠢ᠃ ︽ᠲᠥᠷᠥᠯ ᠵᠦᠢᠯ ᠢᠶᠠᠷ ᠲᠡᠷᠢᠬᠦᠨ | ᠪᠣᠯᠭᠠᠬᠤ︾ ᠢᠯᠡ ᠲᠣᠳᠣ ᠤᠳᠤᠷᠢᠳᠤᠮᠵᠢ ᠶᠢ ᠪᠠᠳᠤᠳᠬᠠᠵᠤ᠂ ᠤᠯᠤᠰ ᠣᠷᠣᠨ ᠤ ᠲᠥᠷᠥ ᠶᠢᠨ ᠪᠣᠳᠣᠯᠭ᠎ᠠ ᠶᠢᠨ | ᠤᠳᠤᠷᠢᠳᠤᠮᠵᠢ᠂ ᠪᠠᠯᠠ ᠣᠷᠣᠭᠤᠯᠤᠯᠲᠠ ᠶᠢᠨ ᠬᠠᠨᠳᠤᠰᠢ ᠶᠢ ᠠᠩᠬᠠᠷᠤᠨ᠂ ᠪᠥᠬᠦ ᠲᠠᠯ᠎ᠠ ᠶᠢ ᠨᠢᠭᠡᠳᠦᠯᠲᠡᠶ ᠲᠥᠯᠥᠪᠯᠡᠨ | ᠂ ᠠᠯᠤᠰ ᠬᠡᠲᠦ ᠪᠠᠷ ᠲᠥᠯᠥᠪᠵᠢᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠴᠢᠨᠠᠷ | ᠰᠠᠶᠢᠲᠠᠶ ᠲᠤᠭᠳᠠᠭᠠᠨ᠎ᠠ᠃ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠭᠤᠯᠭ᠎ᠠ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠵᠡᠷᠭᠡ | ᠡᠬᠢ ᠪᠠᠶᠠᠯᠢᠭ ᠢ ᠰᠠᠶᠢᠲᠤᠷ ᠬᠡᠷᠡᠭᠯᠡᠵᠦ᠂ ᠤᠯᠤᠰ ᠤᠨ ᠶᠠᠮᠤᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠲᠢᠩᠬᠢᠮ | ᠲᠣᠪᠴᠢᠶ᠎ᠠ᠂ ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠲᠠᠢ ᠵᠣᠯᠭᠠᠭᠤᠯᠬᠤ ᠪᠠᠨ ᠴᠢᠩᠭᠠᠳᠬᠠᠨ᠂ ᠠᠷᠭ᠎ᠠ | ᠪᠦᠬᠦᠨ ᠢ ᠰᠦᠪᠡᠭᠴᠢᠯᠡᠨ ᠲᠥᠷᠥ ᠶᠢᠨ ᠪᠣᠳᠣᠯᠭ᠎ᠠ᠂ ᠲᠥᠷᠥᠯ ᠵᠦᠢᠯ᠂ ᠪᠠᠯᠠ ᠮᠥᠩᠭᠦ ᠶᠢ ᠡᠷᠡᠮᠡᠯᠵᠡᠯᠡᠨ ᠣᠯᠵᠤ᠂ | ᠠᠵᠤ ᠦᠢᠯᠡᠰ ᠤᠨ ᠬᠥᠭᠵᠢᠯᠲᠡ᠂ ᠠᠮᠢ ᠠᠬᠤᠶ ᠶᠢᠨ ᠬᠠᠮᠠᠭᠠᠯᠠᠯᠲᠠ᠂ ᠬᠤᠲᠠ ᠬᠥᠳᠡᠭᠡ ᠶᠢᠨ ᠪᠠᠶᠢᠭᠤᠯᠤᠯᠲᠠ᠂ | ᠠᠷᠠᠳ ᠤᠨ ᠠᠮᠢᠳᠤᠷᠠᠯ ᠤᠨ ᠰᠠᠶᠢᠵᠢᠷᠠᠭᠤᠯᠤᠯᠳᠠ ᠵᠡᠷᠭᠡ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ ᠨᠢᠭᠡ | ᠪᠦᠯᠦᠭ ᠪᠥᠬᠦ ᠲᠠᠯ᠎ᠠ ᠶᠢᠨ ᠴᠢᠨᠠᠷᠲᠠᠶ᠂ ᠰᠠᠭᠤᠷᠢᠯᠠᠬᠤ ᠴᠢᠨᠠᠷᠲᠠᠶ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠴᠢᠬᠤᠯᠠ | ᠶᠡᠭᠡ ᠲᠥᠷᠥᠯ ᠵᠦᠢᠯ ᠢ ᠲᠥᠯᠥᠪᠯᠡᠨ ᠨᠦᠬᠡᠴᠡᠯᠡᠨ᠎ᠡ᠃ ᠠᠵᠤ ᠠᠬᠤᠶᠢᠯᠠᠯ ᠢ ᠬᠠᠪᠰᠤᠷᠤᠨ ᠵᠠᠬ᠎ᠠ ᠲᠡᠯᠬᠡᠬᠦᠷ ᠲᠤ | ᠬᠦᠶᠦᠵᠦ᠂ ᠵᠠᠬᠢᠶᠠᠯᠠᠭ᠎ᠠ ᠳᠤ ᠬᠦᠶᠦᠵᠦ ᠂ ᠪᠤᠳᠠᠳᠠᠢ ᠠᠷᠭ᠎ᠠ ᠪᠠᠷᠢᠯ ᠢᠶᠠᠷ ᠠᠵᠤ ᠠᠬᠤᠶᠢᠯᠠᠯ ᠢ ᠬᠠᠪᠰᠤᠷᠬᠤ | ᠠᠵᠢᠯᠯᠠᠭ᠎ᠠ ᠦᠷᠨᠢᠬᠦᠯᠦᠨ᠂ ᠭᠤᠣᠯᠳᠠᠯᠭ᠎ᠠ ᠲᠠᠢ ᠲᠥᠷᠥᠯ ᠵᠦᠢᠯ ᠤᠨ ᠬᠦᠴᠦᠨ ᠵᠦᠢᠯ ᠤᠨ ᠪᠠᠲᠤᠯᠠᠭ᠎ᠠ ᠪᠠ ᠪᠦᠬᠦ | ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠦᠢᠯᠡᠴᠢᠯᠡᠭᠡ ᠬᠠᠮᠢᠶᠠᠷᠤᠯᠲᠠ ᠶᠢ ᠴᠢᠩᠭᠠᠳᠬᠠᠵᠤ᠂ ᠲᠥᠷᠥᠯ | ᠵᠦᠢᠯ ᠤᠨ ᠪᠠᠶᠢᠭᠤᠯᠤᠯᠲᠠ ᠶᠢᠨ ᠬᠤᠷᠳᠤᠴᠠ᠂ ᠴᠢᠨᠠᠷ ᠪᠠ ᠪᠦᠲᠦᠮᠵᠢ ᠶᠢ ᠨᠡᠮᠡᠭᠳᠡᠬᠦᠯᠦᠨ᠂ ︽ᠲᠥᠷᠥᠯ ᠵᠦᠢᠯ ᠤᠨ | ᠬᠠᠮᠢᠶᠠᠷᠤᠭᠴᠢ︾ ᠶᠢᠨ ᠬᠡᠯᠪᠡᠷᠢᠳᠦ ᠦᠢᠯᠡᠴᠢᠯᠡᠭᠡ ᠪᠠᠷ ᠲᠤᠰᠬᠠᠢ ᠠᠩᠭᠢ ᠶᠢᠨ ᠬᠢᠨ ᠠᠬᠢᠭᠤᠯᠬᠤ᠂ ᠲᠣᠭᠲᠠᠮᠠᠯ | ᠬᠤᠭᠤᠴᠠᠭ᠎ᠠ ᠲᠠᠢ ᠲᠣᠬᠢᠷᠠᠭᠤᠯᠬᠤ᠂ ᠠᠬᠤᠢ ᠲᠠᠯᠠᠪᠠᠢ ᠳᠤ ᠠᠯᠪᠠᠯᠠᠬᠤ ᠵᠡᠷᠭᠡ ᠠᠵᠢᠯ ᠤᠨ ᠲᠣᠭᠲᠠᠴᠠ ᠶᠢ | ᠴᠢᠩᠭᠠᠳᠬᠠᠵᠤ᠂ ︽ᠨᠢᠭᠡ ᠲᠦᠷᠦᠯ ᠵᠦᠢᠯ ᠤᠨ ᠨᠢᠭᠡ ᠨᠠᠷᠢᠨ ᠳᠠᠩᠰᠠ︾ ᠨᠠᠷᠢᠯᠢᠬᠵᠢᠭᠰᠠᠨ ᠬᠠᠮᠢᠶᠠᠷᠤᠯᠳᠠ ᠶᠢ | ᠬᠡᠷᠡᠭᠵᠢᠭᠦᠯᠵᠦ᠂ ᠭᠤᠣᠯᠳᠠᠯᠭ᠎ᠠ ᠲᠠᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠬᠦᠢᠴᠡᠳᠭᠡᠬᠦ | ᠪᠣᠭᠤᠮᠲᠠ ᠰᠢᠪᠲᠤᠯᠬᠤ ᠠᠵᠢᠯᠯᠠᠭ᠎ᠠ ᠶᠢ ᠦᠷᠨᠢᠬᠦᠯᠦᠨ᠂ 50 ᠭᠤᠣᠯᠳᠠᠯᠭ᠎ᠠ ᠲᠠᠢ ᠲᠥᠷᠥᠯ ᠵᠦᠢᠯ ᠤᠨ | ᠪᠠᠶᠢᠭᠤᠯᠤᠯᠳᠠ ᠶᠢ ᠡᠬᠢᠯᠡᠬᠦᠯᠵᠦ᠂ 22.34 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ | ᠪᠡᠶᠡᠯᠡᠬᠦᠯᠦᠨ᠎ᠡ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠶᠡᠬᠡᠪᠡᠷ ᠦᠷᠨᠢᠬᠦᠯᠬᠦ ᠭᠡᠷᠡᠭᠳᠡᠢ᠃ | ᠠᠷᠠᠯᠵᠢᠶᠠᠴᠢᠨ ᠤᠷᠢᠵᠤ ᠪᠡᠯᠡ ᠣᠷᠣᠭᠤᠯᠬᠤ ︽ᠲᠡᠷᠢᠭᠦᠨ ᠢᠨᠵᠧᠨᠧᠷᠢᠩ︾ ᠢ ᠢᠮᠠᠭᠲᠠ ᠭᠤᠶᠢᠪᠢᠰᠢ ᠦᠭᠡᠢ | ᠪᠠᠷᠢᠮᠲᠠᠯᠠᠵᠤ᠂ ᠤᠷᠤᠨ ᠠᠶᠢᠮᠠᠭ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠦᠷᠦ ᠶᠢᠨ ᠪᠤᠳᠤᠯᠭ᠎ᠠ ᠶᠢ | ᠬᠦᠢᠴᠡᠳ ᠠᠰᠢᠭᠯᠠᠨ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ᠂ ᠣᠨᠴᠠᠯᠢᠭᠲᠤ ᠲᠠᠷᠢᠶᠠᠯᠠᠩ ᠮᠠᠯ ᠠᠵᠤ ᠠᠬᠤᠶ᠂ | ᠰᠣᠶᠣᠯ ᠵᠢᠭᠤᠯᠴᠢᠯᠠᠯ ᠡᠷᠡᠭᠦᠯᠵᠢᠯ ᠰᠤᠪᠢᠯᠠᠯᠲᠠ ᠵᠡᠷᠭᠡ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ | ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ ᠨᠡᠶᠢᠴᠡᠭᠰᠡᠨ᠂ ᠡᠬᠢ ᠪᠠᠶᠠᠯᠢᠭ ᠤᠨ ᠳᠠᠪᠠᠭᠤᠯᠢᠭ ᠲᠤ ᠵᠤᠬᠢᠷᠠᠭᠰᠠᠨ᠂ | ᠬᠡᠯᠬᠢᠶᠡᠰᠦ ᠶᠢ ᠤᠷᠳᠤᠳᠬᠠᠵᠤ ᠬᠡᠯᠬᠢᠶᠡᠰᠦ ᠶᠢ ᠨᠥᠬᠦᠪᠥᠷᠢᠯᠡᠵᠦ ᠬᠡᠯᠬᠢᠶᠡᠰᠦ ᠶᠢ ᠬᠦᠴᠦᠷᠬᠡᠭᠵᠢᠭᠦᠯᠬᠦ ᠨᠢᠭᠡ ᠪᠦᠯᠦᠭ | ᠠᠵᠤ ᠠᠬᠤᠶᠢᠯᠠᠯ ᠪᠠ ᠲᠥᠷᠥᠯ ᠵᠦᠢᠯ ᠢ ᠤᠷᠢᠵᠤ ᠣᠷᠣᠭᠤᠯᠤᠨ ᠂ ᠬᠠᠨᠳᠤᠯᠭ᠎ᠠ ᠲᠠᠢ ᠪᠠᠷ ᠠᠷᠠᠯᠵᠢᠶᠠᠴᠢᠨ ᠤᠷᠢᠬᠤ | ᠵᠤᠯᠭᠠᠭᠤᠯᠤᠯᠳᠠ ᠶᠢᠨ ᠠᠵᠢᠯᠯᠠᠭ᠎ᠠ ᠶᠢ 20 ᠤᠳᠠᠭ᠎ᠠ ᠦᠷᠨᠢᠬᠦᠯᠵᠦ᠂ ᠠᠷᠠᠯᠵᠢᠶᠠᠴᠢᠨ ᠤᠷᠢᠬᠤ ᠲᠠᠨᠢᠯᠴᠠᠭᠤᠯᠭ᠎ᠠ | ᠶᠢᠨ ᠠᠵᠢᠯᠯᠠᠭ᠎ᠠ ᠶᠢ 3 ᠤᠳᠠᠭ᠎ᠠ ᠡᠷᠬᠢᠯᠡᠨ᠂ 130 ᠡᠷᠦᠬᠡ ᠠᠵᠤ ᠠᠬᠤᠶᠢᠯᠠᠯ ᠯᠤᠭ᠎ᠠ ᠵᠣᠯᠭᠠᠭᠤᠯᠤᠨ᠎ᠠ᠃ ᠪᠠᠢ | ᠬᠤᠢ ᠱᠧᠩ ᠂ ᠾᠦᠢ ᠲᠠᠢ᠂ ᠷᠦᠩ ᠰᠢᠨ ᠵᠡᠷᠭᠡ ᠰᠢᠨ᠎ᠡ ᠡᠨᠧᠷᠬᠢ ᠶᠢᠨ ᠬᠠᠮᠢᠶᠠᠳᠠᠢ ᠲᠦᠷᠦᠯ ᠵᠦᠢᠯ ᠤᠨ ᠭᠡᠷ᠎ᠡ | ᠲᠤᠭᠳᠠᠬᠤ ᠠᠵᠢᠯ ᠢ ᠲᠦᠷᠭᠡᠳᠬᠡᠨ ᠠᠬᠢᠭᠤᠯᠵᠤ᠂ ᠭᠠᠷ ᠤᠨ ᠦᠰᠦᠭ ᠵᠢᠷᠤᠬᠤ᠂ ᠭᠠᠷ ᠭᠦᠢᠴᠡᠳᠬᠡᠯ ᠬᠢᠬᠦ᠂ ᠠᠵᠢᠯ | ᠡᠬᠢᠯᠡᠬᠦᠯᠬᠦ᠂ ᠪᠠᠷᠢᠯᠭ᠎ᠠ ᠲᠠᠭᠤᠰᠬᠠᠵᠤ ᠠᠰᠢᠭᠯᠠᠯᠲᠠ ᠳᠤ ᠣᠷᠣᠭᠤᠯᠬᠤ ᠵᠡᠷᠭᠡ ᠪᠦᠬᠦ ᠶᠠᠪᠤᠴᠠ ᠶᠢᠨ ᠦᠢᠯᠡᠴᠢᠯᠡᠭᠡ ᠶᠢ | ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠨᠤᠷᠮ᠎ᠠ ᠪᠠ ᠪᠡᠯᠡ ᠮᠥᠩᠭᠦ ᠶᠢ | ᠪᠣᠳᠠᠲᠠᠶᠢᠵᠢᠭᠤᠯᠬᠤ ᠨᠤᠷᠮ᠎ᠠ ᠶᠢ ᠲᠠᠰᠤᠷᠠᠯᠲᠠ ᠦᠭᠡᠢ ᠲᠡᠭᠡᠭᠰᠢᠯᠡᠬᠦᠯᠦᠨ᠂ ᠠᠷᠠᠯᠵᠢᠶᠠᠴᠢᠨ ᠤᠷᠢᠬᠤ ᠲᠦᠷᠦᠯ ᠵᠦᠢᠯ | 13 ᠶᠢ ᠣᠷᠣᠭᠤᠯᠵᠤ᠂ 12 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠮᠥᠩᠭᠦ ᠶᠢ ᠪᠣᠳᠠᠲᠠᠶᠢᠵᠢᠭᠤᠯᠬᠤ ᠪᠠᠷ | ᠴᠢᠷᠮᠠᠶᠢᠨ᠎ᠠ᠃ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠤᠯᠠᠮ ᠰᠢᠯᠢᠳᠡᠭᠵᠢᠬᠦᠯᠬᠦ ᠭᠡᠷᠡᠭᠳᠡᠢ᠃ ︽ | ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠥᠭᠡᠷᠡᠴᠢᠯᠡᠯᠲᠡ ᠪᠠᠷ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠨᠠᠩ ᠯᠠᠪᠳᠠᠭᠤᠨ ᠲᠣᠭᠲᠠᠭᠤᠨ᠂ | ᠡᠷᠬᠡ ᠲᠡᠭᠰᠢ᠂ ᠢᠯᠡ ᠲᠣᠳᠣ᠂ ᠵᠢᠱᠢᠵᠦ ᠪᠣᠯᠬᠤᠶᠢᠴᠠ ᠬᠥᠭᠵᠢᠯᠲᠡ ᠶᠢᠨ ᠣᠷᠴᠢᠨ ᠨᠥᠬᠦᠴᠡᠯ ᠢ ᠪᠣᠶ ᠪᠤᠯᠭᠠᠬᠤ ᠪᠠᠷ | ᠴᠢᠷᠮᠠᠶᠢᠨ᠎ᠠ᠃ ᠣᠯᠠᠨ ᠲᠦᠮᠡᠨ ᠰᠡᠳᠬᠢᠯ ᠬᠠᠨᠤᠮᠵᠢᠲᠠᠶ ᠪᠠᠶᠢᠬᠤ ᠪᠠᠷ ᠪᠠᠷᠢᠮᠵᠢᠶ᠎ᠠ ᠪᠣᠯᠭᠠᠵᠤ᠂ ︽12345︾ | ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠤᠲᠠᠰᠤ ᠶᠢᠨ ᠠᠵᠢᠯ ᠢ ᠴᠢᠨᠠᠷ ᠰᠠᠶᠢᠲᠠᠶ ᠰᠠᠶᠢᠲᠤᠷ ᠡᠷᠭᠢᠯᠡᠨ᠎ᠡ᠃ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠵᠠᠬ᠎ᠠ ᠲᠡᠯᠬᠡᠬᠦᠷᠴᠢᠯᠡᠭᠰᠡᠨ ᠪᠣᠳᠠᠲᠤ ᠴᠣᠭᠴᠠ ᠲᠡᠰᠢ | ᠬᠡᠯᠪᠡᠷᠢ ᠪᠠᠨ ᠬᠤᠪᠢᠷᠠᠭᠤᠯᠬᠤ ᠠᠯᠬᠤᠭ᠎ᠠ ᠶᠢ ᠲᠦᠷᠭᠡᠳᠬᠡᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠠᠮᠢᠵᠢᠷᠠᠯ ᠤᠨ ᠬᠦᠴᠦᠨ ᠢ ᠬᠥᠭᠵᠢᠭᠡᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠦᠷᠢᠰᠦᠯᠳᠦᠭᠡᠨ ᠤ | ᠴᠢᠳᠠᠯ ᠢ ᠨᠡᠮᠡᠭᠳᠡᠬᠦᠯᠦᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠤᠳᠠᠳᠤ ᠬᠦᠴᠦᠨ ᠢ | ᠪᠤᠵᠠᠭᠠᠶᠢᠷᠠᠭᠤᠯᠤᠨ᠎ᠠ᠃ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ | ᠪᠣᠳᠣᠯᠭ᠎ᠠ ᠶᠢ ᠦᠷ᠎ᠡ ᠪᠦᠳᠦᠮᠵᠢ ᠲᠠᠢ ᠨᠠᠶᠢᠳᠠᠪᠤᠷᠢᠵᠢᠭᠤᠯᠤᠨ᠂ ᠵᠠᠰᠠᠭ ᠠᠵᠤ ᠠᠬᠤᠶᠢᠯᠠᠯ ᠤᠨ ᠪᠠᠶᠢᠩᠭᠤᠵᠢᠭᠰᠠᠨ | ᠨᠡᠪᠲᠡᠷᠡᠯᠴᠡᠬᠦ ᠲᠣᠭᠲᠠᠴᠠ ᠶᠢ ᠤᠯᠠᠮ ᠲᠡᠬᠦᠯᠳᠡᠷᠵᠢᠬᠦᠯᠵᠦ᠂ ᠵᠠᠰᠠᠭ ᠤᠨ ᠣᠷᠳᠣᠨ ᠲᠦᠷᠦᠭᠦᠯᠡᠨ ᠠᠮᠠᠯᠠᠯᠲᠠ ᠪᠠᠨ | ᠰᠠᠬᠢᠵᠤ᠂ ᠲᠦᠷᠦ ᠶᠢᠨ ᠪᠤᠳᠤᠯᠭ᠎ᠠ ᠶᠢᠨ ᠠᠰᠢᠭ ᠢ ᠬᠦᠷᠳᠡᠭᠡᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ | ᠬᠦᠴᠢᠷᠳᠡᠯ ᠢ ᠪᠥᠬᠦ ᠬᠦᠴᠦᠨ ᠢᠶᠠᠷ ᠰᠢᠢᠳᠪᠦᠷᠢᠯᠡᠵᠦ ᠥᠭᠭᠦᠨ᠎ᠡ᠃ ᠡᠬᠦᠨ ᠤ ᠬᠠᠮᠳᠤ᠂ ᠭᠤᠣᠯᠳᠠᠯᠭ᠎ᠠ ᠲᠠᠢ | ᠬᠦᠷᠢᠶ᠋ᠴᠠ ᠴᠠᠷᠠᠭᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠳᠤ | ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠭᠡᠷᠡᠭᠳᠡᠢ᠃ | ︵ᠭᠤᠷᠪᠠ︶ ᠬᠤᠲᠠ ᠬᠥᠳᠡᠭᠡ ᠶᠢᠨ ᠬᠥᠭᠵᠢᠯᠲᠡ ᠶᠢ ᠨᠢᠭᠡᠳᠦᠯᠲᠡᠶ ᠲᠦᠯᠦᠪᠵᠢᠬᠦᠯᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠠᠵᠢᠯᠯᠠᠵᠤ ᠠᠮᠢᠳᠤᠷᠠᠬᠤ ᠳᠤ ᠲᠣᠬᠢᠷᠠᠮᠵᠢᠲᠠᠶ ᠪᠠᠶᠢᠬᠤ ᠬᠢᠷᠢ ᠲᠦᠪᠰᠢᠨ ᠢ ᠪᠦᠬᠦ ᠲᠠᠯ᠎ᠠ ᠪᠠᠷ | ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠪᠦᠬᠦ ᠲᠠᠯ᠎ᠠ ᠪᠠᠷ ᠬᠥᠭᠵᠢᠨ ᠮᠠᠨᠳᠤᠬᠤ ᠶᠢ ᠠᠬᠢᠭᠤᠯᠬᠤ ᠭᠡᠷᠡᠭᠳᠡᠢ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠵᠤ᠂ ᠲᠠᠬᠢᠨ | ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠰᠠᠶᠢᠲᠤᠷ | ᠨᠠᠶᠢᠳᠠᠪᠤᠷᠢᠵᠢᠭᠤᠯᠤᠨ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠦᠵᠡᠭᠳᠡᠯ ᠭᠠᠷᠭᠠᠬᠤ ᠦᠬᠡᠢ ᠪᠠᠷ | ᠴᠢᠷᠮᠠᠶᠢᠨ᠎ᠠ᠃ ᠵᠣᠯᠭᠠᠭᠤᠯᠬᠤ ᠪᠡᠯᠡ ᠮᠥᠩᠭᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠡᠯᠡ ᠮᠥᠩᠭᠦ | 2.6 ᠳ᠋ᠦᠩᠰᠢᠭᠤᠷ ᠲᠥᠭᠦᠷᠢᠭ ᠢ ᠡᠷᠡᠮᠡᠯᠵᠡᠯᠡᠨ ᠤᠯᠵᠤ᠂ ᠲᠦᠬᠦᠭᠡᠷᠦᠮᠵᠢᠳᠦ ᠲᠠᠷᠢᠶᠠᠯᠠᠩ᠂ ᠬᠦᠷᠢᠶ᠎ᠡ ᠬᠠᠰᠢᠶᠠᠨ ᠤ | ᠠᠵᠤ ᠠᠬᠤᠢ᠂ ᠠᠵᠢᠯᠯᠠᠵᠤ ᠠᠮᠢᠳᠤᠷᠠᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ | ᠪᠠᠶᠢᠭᠤᠯᠤᠯᠳᠠ ᠵᠡᠷᠭᠡ 13 ᠲᠦᠷᠦᠯ ᠵᠦᠢᠯ ᠢ ᠭᠡᠷᠡᠭᠵᠢᠬᠦᠯᠦᠨ᠎ᠡ᠃ ︽ᠮᠢᠩᠭᠠᠨ ᠲᠣᠰᠬᠤᠨ ᠢᠶᠠᠷ ᠵᠢᠱᠢᠶ᠎ᠡ | ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ ᠵᠠᠰᠠᠬᠤ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ | ᠬᠡᠷᠡᠭᠯᠡᠵᠦ᠂ ᠠᠶᠢᠯ ᠲᠣᠰᠬᠤᠨ ᠤ ᠠᠷᠢᠭᠤᠨ ᠴᠡᠪᠡᠷ ᠤᠨ ︽ᠲᠦᠷᠪᠡᠨ ᠤᠯᠠᠷᠢᠯ︾ ᠤᠨ ᠳᠠᠶᠢᠯᠠᠯᠳᠤᠭᠠᠨ ᠢ | ᠦᠷᠭᠦᠯᠵᠢᠯᠡᠨ ᠠᠬᠢᠭᠤᠯᠵᠤ᠂ 1193 ᠡᠷᠦᠭᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ ᠶᠢᠨ ᠬᠠᠮᠳᠤ᠂ ︽ | ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ ᠵᠠᠰᠠᠬᠤ︾ ᠠᠵᠢᠯ ᠤᠨ | ᠵᠢᠱᠢᠶ᠎ᠡ ᠦᠵᠡᠭᠦᠯᠬᠦ ᠲᠣᠰᠬᠤᠨ 7 ᠶᠢ ᠡᠭᠦᠳᠦᠨ ᠪᠠᠶᠢᠭᠤᠯᠤᠨ᠎ᠠ᠃ ︽ᠨᠢᠭᠡ ᠭᠡᠷ᠎ᠡ ᠳᠥᠷᠪᠡᠨ ᠵᠦᠪᠯᠡᠯ︾᠂ ᠰᠢᠨ᠎ᠡ | ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠪᠠ ᠪᠣᠯᠪᠠᠰᠤᠨ ᠪᠦᠯᠬᠦᠮᠳᠡᠯᠳᠦ ᠴᠢᠯᠦᠭᠡᠳᠦ | ᠳᠡᠯᠭᠡᠭᠦᠷ ᠤᠨ ᠦᠢᠯᠡᠳᠦᠯ ᠢ ᠬᠦᠢᠴᠡᠳ ᠪᠠᠳᠠᠷᠠᠭᠤᠯᠤᠨ᠂ ᠪᠣᠯᠪᠠᠰᠤᠨ ᠲᠣᠰᠬᠤᠨ ᠪᠠᠯᠭᠠᠰᠤ ᠶᠢ ᠡᠭᠦᠳᠦᠨ | ᠪᠠᠶᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠪᠣᠯᠪᠠᠰᠤᠨ ᠰᠠᠶᠢᠬᠠᠨ ᠭᠡᠪ ᠰᠤᠷᠲᠠᠯ ᠢ ᠲᠡᠯᠬᠡᠷᠡᠬᠦᠯᠦᠨ᠎ᠡ᠃ | ᠬᠤᠲᠠ ᠪᠠᠯᠭᠠᠰᠤᠨ ᠤ ᠭᠡᠪ ᠴᠢᠨᠠᠷ ᠢ ᠬᠦᠴᠦᠯᠡᠨ ᠲᠡᠩᠰᠢᠯᠡᠬᠦᠯᠬᠦ ᠭᠡᠷᠡᠭᠳᠡᠢ᠃ ᠮᠤᠬᠤᠷ ᠵᠠᠮ ᠢ ᠨᠡᠪᠳᠡᠷᠡᠬᠦᠯᠬᠦ᠂ | ᠢᠯᠴᠢ ᠬᠠᠩᠭᠠᠬᠤ᠂ ᠤᠰᠤ ᠬᠠᠩᠭᠠᠬᠤ᠂ ᠰᠢᠲᠠᠮᠠᠬᠠᠶ ᠬᠡᠢ ᠬᠠᠩᠭᠠᠬᠤ᠂ ᠪᠣᠷᠣᠭᠠᠨ ᠤ ᠤᠰᠤ ᠪᠠ ᠪᠣᠬᠢᠷ ᠤᠰᠤ ᠶᠢ | ᠰᠠᠯᠭᠠᠬᠤ᠂ ᠲᠠᠷᠢᠵᠤ ᠨᠣᠭᠤᠭᠠᠷᠠᠭᠤᠯᠬᠤ ᠵᠡᠷᠭᠡ ᠬᠤᠲᠠ ᠶᠢᠨ ᠶᠠᠪᠤᠳᠠᠯ ᠤᠨ ᠢᠨᠵᠧᠨᠧᠷᠢᠩ ᠢ ᠦᠷᠭᠦᠯᠵᠢᠯᠡᠨ ᠰᠠᠶᠢᠲᠤᠷ | ᠬᠡᠷᠡᠭᠵᠢᠭᠦᠯᠵᠦ᠂ ᠬᠤᠲᠠ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠲᠥᠬᠦᠭᠡᠷᠦᠮᠵᠢ ᠶᠢᠨ | ᠰᠢᠨᠡᠴᠢᠯᠡᠯᠲᠡ᠂ ᠭᠤᠸᠠᠩ ᠮᠢᠩ ᠰᠠᠭᠤᠭᠠᠯᠢ ᠲᠣᠭᠤᠷᠢᠭ ᠪᠣᠯᠤᠨ ᠢ ᠮᠢᠨ ᠰᠠᠭᠤᠭᠠᠯᠢ ᠲᠣᠭᠤᠷᠢᠭ ᠤᠨ ᠰᠠᠭᠤᠷᠢ | ᠲᠥᠬᠦᠭᠡᠷᠦᠮᠵᠢ ᠶᠢᠨ ᠦᠬᠡᠷᠡᠴᠢᠯᠡᠯᠳᠡ ᠶᠢᠨ ᠢᠨᠵᠧᠨᠧᠷᠢᠩ ᠢ ᠪᠡᠶᠡᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ | ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ | ᠭᠤᠤᠯᠳᠠᠯᠭ᠎ᠠ ᠲᠠᠢ ᠣᠷᠣᠨ ᠪᠦᠰᠡ ᠳᠤ ᠠᠩᠬᠠᠷᠤᠯ ᠢᠶᠠᠨ ᠲᠦᠪᠯᠡᠷᠡᠬᠦᠯᠦᠨ᠂ ᠪᠣᠯᠪᠠᠰᠤᠨ ᠵᠠᠮ ᠬᠠᠷᠢᠯᠴᠠᠭ᠎ᠠ᠂ | ᠬᠤᠲᠠ ᠶᠢᠨ ᠦᠩᠭᠡ ᠲᠦᠷᠬᠦ ᠂ ᠲᠡᠷᠭᠡᠨ ᠵᠤᠭᠰᠤᠭᠠᠯ ᠵᠡᠷᠭᠡ ᠶᠢᠨ ᠲᠦᠷᠢᠮᠵᠢᠬᠦᠯᠦᠨ ᠰᠠᠶᠢᠵᠢᠷᠠᠭᠤᠯᠬᠤ | ᠠᠵᠢᠯᠯᠠᠭ᠎ᠠ ᠶᠢ ᠶᠡᠬᠡᠪᠡᠷ ᠠᠬᠢᠭᠤᠯᠵᠤ᠂ ᠳᠤᠷ᠎ᠠ ᠪᠠᠷ ᠢᠶᠠᠨ ᠪᠠᠷᠢᠵᠤ ᠪᠠᠶᠢᠭᠤᠯᠬᠤ᠂ ᠳᠤᠷ᠎ᠠ ᠪᠠᠷ ᠢᠶᠠᠨ ᠠᠯᠠᠵᠤ | ᠨᠢᠲᠤᠯᠬᠤ᠂ ᠲᠠᠭᠤ ᠱᠤᠤᠭᠢᠶᠠᠨ ᠭᠠᠷᠭᠠᠵᠤ ᠠᠷᠠᠳ ᠢᠷᠭᠡᠳ ᠢ ᠦᠢᠮᠡᠭᠦᠯᠬᠦ ᠵᠡᠷᠭᠡ ᠦᠢᠯᠡ ᠠᠵᠢᠯᠯᠠᠭ᠎ᠠ ᠶᠢ | ᠬᠦᠴᠦᠲᠡᠶ ᠴᠡᠭᠴᠡᠯᠡᠨ᠂ ᠬᠤᠲᠠ ᠶᠢᠨ ᠲᠣᠭᠤᠷᠢᠭ ᠤᠨ ᠨᠠᠷᠢᠯᠢᠬᠵᠢᠭᠰᠠᠨ ᠬᠠᠮᠢᠶᠠᠷᠤᠯᠳᠠ ᠶᠢᠨ ᠬᠢᠷᠢ ᠲᠦᠪᠰᠢᠨ ᠢ | ᠲᠠᠰᠤᠷᠠᠯᠲᠠ ᠥᠬᠡᠶ ᠲᠡᠭᠡᠭᠰᠢᠯᠡᠬᠦᠯᠦᠨ᠎ᠡ᠃ ᠰᠠᠭᠤᠭᠠᠯᠢ ᠲᠣᠭᠤᠷᠢᠭ ᠤᠨ ᠠᠳᠠᠯ ᠠᠬᠤᠶ ᠶᠢᠨ ᠦᠢᠯᠡᠴᠢᠯᠡᠭᠡ ᠶᠢ | ᠰᠠᠶᠢᠵᠢᠷᠠᠭᠤᠯᠬᠤ ᠠᠵᠢᠯᠯᠠᠭ᠎ᠠ ᠦᠷᠨᠢᠬᠦᠯᠵᠦ᠂ ᠲᠤᠰᠬᠠᠶᠢᠵᠢᠭᠰᠠᠨ ᠦᠢᠯᠡᠴᠢᠯᠡᠭᠡᠨ ᠤ ᠠᠵᠤ ᠠᠬᠤᠶᠢᠯᠠᠯ ᠢ ᠢᠳᠡᠪᠬᠢᠲᠡᠶ | ᠤᠷᠢᠵᠤ ᠣᠷᠣᠭᠤᠯᠤᠨ᠂ ᠠᠳᠠᠯ ᠠᠬᠤᠶ ᠶᠢᠨ ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠨ ᠴᠢᠨᠠᠷ ᠢ | ᠲᠡᠭᠡᠭᠰᠢᠯᠡᠬᠦᠯᠦᠨ᠎ᠡ᠃ ᠬᠥᠳᠡᠭᠡ ᠲᠤᠰᠬᠤᠨ ᠤ ᠣᠷᠴᠢᠨ ᠲᠤᠭᠤᠷᠢᠨ ᠢ ᠶᠡᠬᠡᠪᠡᠷ ᠰᠠᠶᠢᠵᠢᠷᠠᠭᠤᠯᠬᠤ ᠬᠡᠷᠡᠭᠲᠡᠶ᠃ ᠲᠠᠢ | ᠽᠢ ᠴᠧᠩ ᠠᠴᠠ ᠰᠢᠯᠢ ᠶᠢᠨ ᠬᠤᠲᠠ ᠬᠦᠷᠬᠦ ᠲᠡᠮᠦᠷ ᠵᠠᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ | ᠳᠥᠷᠪᠡᠨ ᠰᠠᠶᠢᠨᠳᠠᠢ ᠬᠥᠳᠡᠭᠡ ᠶᠢᠨ ᠵᠠᠮ︾ ᠤᠨ ᠪᠠᠶᠢᠭᠤᠯᠤᠯᠳᠠ ᠶᠢᠨ ᠦᠷ᠎ᠡ ᠪᠦᠲᠦᠭᠡᠯ ᠢ ᠪᠠᠬᠢᠵᠢᠬᠦᠯᠦᠨ᠂ 2 | ᠲᠣᠰᠬᠤᠨ ᠳᠤ ᠨᠡᠶᠢᠳᠡ ᠤᠷᠳᠤ ᠨᠢ 36 ᠺᠢᠯᠤᠮᠧᠲᠷ ᠤᠨ ᠬᠤᠣᠰ ᠴᠢᠭᠯᠡᠯ ᠢᠶᠠᠷ ᠲᠡᠷᠭᠡ ᠨᠡᠪᠲᠡᠷᠡᠬᠦ ᠵᠠᠰᠠᠮᠠᠯ ᠵᠠᠮ ᠢ | ᠪᠠᠶᠢᠭᠤᠯᠵᠤ᠂ ᠦᠴᠢ ᠤᠪᠤᠭ᠎ᠠ ᠠᠴᠠ ᠬᠠᠰᠢᠶᠠᠲᠤ ᠬᠦᠷᠬᠦ᠂ ᠬᠤᠩ ᠵᠢᠩ ᠠᠴᠠ ᠨᠠᠨ ᠳ᠋ᠢ ᠹᠠᠩ ᠬᠦᠷᠬᠦ 27.3 | ᠺᠢᠯᠤᠮᠧᠲᠷ ᠵᠢᠭᠤᠯᠴᠢᠯᠠᠯ ᠤᠨ ᠵᠠᠰᠠᠮᠠᠯ ᠵᠠᠮ ᠢ ᠥᠭᠡᠷᠡᠴᠢᠯᠡᠨ ᠥᠷᠭᠡᠳᠬᠡᠵᠤ᠂ 90 ᠺᠢᠯᠤᠮᠧᠲᠷ ᠤᠷᠳᠤ ᠬᠥᠳᠡᠭᠡ | ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠨ᠎ᠠ᠃ ᠬᠦᠳᠡᠭᠡ ᠲᠤᠰᠬᠤᠨ ᠤ ᠤᠰᠤ ᠤᠮᠳᠠ ᠶᠢᠨ ᠠᠮᠤᠷ | ᠲᠦᠪᠰᠢᠨ ᠤ ᠪᠠᠲᠤᠯᠠᠭ᠎ᠠ ᠶᠢ ᠪᠥᠬᠦ ᠲᠠᠯ᠎ᠠ ᠪᠠᠷ ᠴᠢᠩᠭᠠᠳᠬᠠᠵᠤ᠂ ᠠᠮᠤᠷ ᠲᠦᠪᠰᠢᠨ ᠤᠤᠭᠤᠬᠤ ᠤᠰᠤᠨ ᠤ | ᠢᠨᠵᠧᠨᠧᠷᠢᠩ᠂ ᠤᠰᠤᠨ ᠤ ᠴᠢᠨᠠᠷ ᠢ ᠳᠡᠭᠡᠭᠰᠢᠯᠡᠭᠦᠯᠬᠦ ᠪᠠᠲᠤᠯᠠᠭ᠎ᠠ ᠶᠢᠨ ᠢᠨᠵᠧᠨᠧᠷᠢᠩ 5 ᠶᠢ ᠬᠡᠷᠡᠭᠵᠢᠭᠦᠯᠦᠨ᠎ᠡ᠃ | ᠴᠠᠬᠢᠯᠭᠠᠨ ᠬᠠᠩᠭᠠᠬᠤ ᠴᠢᠨᠠᠷ ᠤᠨ ᠪᠠᠳᠤᠯᠠᠭᠠᠨ ᠤ ᠬᠢᠷᠢ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠰᠢᠩ ᠱᠧᠩ | ᠲᠤᠰᠬᠤᠨ᠂ ᠬᠤᠩ ᠱᠧᠩ ᠲᠤᠰᠬᠤᠨ ᠤ 35 ᠺᠢᠯᠣᠸᠠᠲ ᠤᠨ ᠬᠦᠴᠦᠳᠡᠯ ᠥᠭᠡᠷᠡᠴᠢᠯᠡᠬᠦ ᠢᠨᠵᠧᠨᠧᠷᠢᠩ᠂ ᠬᠤᠲᠠ | ᠬᠦᠳᠡᠭᠡ ᠶᠢᠨ ᠴᠠᠬᠢᠯᠭᠠᠨ ᠬᠦᠴᠦᠨ ᠤ ᠦᠬᠡᠷᠡᠴᠢᠯᠡᠯᠳᠡ ᠶᠢᠨ ᠢᠨᠵᠧᠨᠧᠷᠢᠩ ᠵᠡᠷᠭᠡ ᠶᠢ ᠬᠡᠷᠡᠭᠵᠢᠭᠦᠯᠦᠨ᠎ᠡ᠃ | ᠰᠦᠯᠵᠢᠶᠡᠨ ᠤ ᠦᠢᠯᠡᠴᠢᠯᠡᠭᠡᠨ ᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ 5G ᠶᠢᠨ ᠰᠠᠭᠤᠷᠢ | ᠥᠷᠲᠡᠭᠡ 33 ᠶᠢ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠰᠠᠶᠢᠵᠢᠷᠠᠭᠤᠯᠤᠨ᠎ᠠ᠃ | ︵ᠲᠦᠷᠪᠡ︶ ᠣᠷᠴᠢᠨ ᠲᠣᠭᠤᠷᠢᠨ ᠤ ᠬᠠᠮᠠᠭᠠᠯᠠᠯᠲᠠ ᠪᠠ ᠵᠠᠰᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ | ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ᠃ᠣᠷᠴᠢᠨ ᠲᠣᠭᠤᠷᠢᠨ ᠤ ᠪᠣᠬᠢᠷᠲᠤᠯ ᠤᠨ | ᠰᠡᠷᠭᠡᠶᠢᠯᠡᠨ ᠵᠠᠰᠠᠬᠤ ᠠᠵᠢᠯ ᠢ ᠬᠦᠨᠵᠡᠬᠡᠶᠢᠷᠡᠬᠦᠯᠬᠦ ᠭᠡᠷᠡᠭᠳᠡᠢ᠃ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠭᠤᠷᠪᠠᠳᠤᠭᠠᠷ ᠡᠭᠡᠯᠵᠢ ᠶᠢᠨ ᠱᠠᠭᠠᠷᠳᠠᠨ ᠪᠠᠶᠢᠴᠠᠭᠠᠬᠤ ᠡᠯ᠎ᠡ ᠲᠦᠷᠦᠯ ᠤᠨ ᠪᠡᠯᠡᠳᠬᠡᠯ ᠠᠵᠢᠯ ᠢ | ᠪᠦᠬᠦ ᠬᠦᠴᠦᠨ ᠢᠶᠠᠷ ᠰᠠᠶᠢᠨ ᠬᠢᠵᠦ᠂ ᠴᠡᠯᠮᠡᠭ ᠣᠭᠲᠠᠷᠭᠤᠢ᠂ ᠴᠡᠩᠭᠡᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ | ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠰᠢᠳᠠᠭᠠᠬᠤ ᠶᠢ ᠴᠠᠭᠠᠵᠠᠯᠠᠬᠤ᠂ ᠪᠣᠬᠢᠷᠲᠤᠯ ᠢ ᠪᠠᠭᠠᠰᠬᠠᠬᠤ᠂ | ᠤᠳᠤᠭ᠎ᠠ ᠲᠤᠭᠤᠰᠤ ᠶᠢ ᠬᠢᠵᠠᠭᠠᠷᠯᠠᠬᠤ ᠬᠠᠮᠢᠶᠠᠷᠤᠯᠳᠠ ᠶᠢᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠤᠨ᠎ᠠ᠃ ᠭᠤᠤᠯ ᠤᠨ ᠤᠷᠤᠰᠬᠠᠯ | ᠤᠷᠤᠭᠤ ᠪᠣᠬᠢᠷᠲᠤᠯ ᠭᠠᠳᠠᠭᠰᠢᠯᠠᠭᠤᠯᠬᠤ ᠠᠵᠢᠯᠯᠠᠭ᠎ᠠ ᠶᠢ ᠪᠦᠬᠦ ᠲᠠᠯ᠎ᠠ ᠪᠠᠷ ᠪᠠᠶᠢᠴᠠᠭᠠᠨ ᠴᠡᠭᠴᠡᠯᠡᠵᠦ᠂ ᠬᠠᠤᠯᠢ | ᠲᠦᠷᠢᠮ ᠵᠦᠷᠢᠴᠡᠵᠦ ᠲᠤᠷ᠎ᠠ ᠪᠠᠷ ᠢᠶᠠᠨ ᠪᠠᠶᠢᠭᠤᠯᠤᠭᠰᠠᠨ ᠭᠡᠷ ᠪᠠᠷᠢᠯᠭ᠎ᠠ ᠶᠢ ᠨᠤᠷᠠᠭᠠᠵᠤ ᠨᠡᠬᠦᠯᠭᠡᠨ᠂ ᠬᠠᠭᠠᠯᠪᠤᠷᠢᠯᠠᠨ | ᠲᠠᠷᠢᠬᠤ ᠶᠢ ᠴᠠᠭᠠᠵᠠᠯᠠᠵᠤ᠂ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢ ᠲᠠᠰᠤᠷᠠᠯᠲᠠ ᠥᠬᠡᠶ | ᠴᠢᠩᠭᠠᠳᠬᠠᠨ᠂ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠤᠰᠤᠨ ᠤ ᠴᠢᠨᠠᠷ ᠤᠨ ᠪᠠᠷᠢᠮᠵᠢᠶ᠎ᠠ ᠳᠤ | ᠬᠦᠷᠦᠭᠰᠡᠨ ᠨᠣᠷᠮ᠎ᠠ ᠶᠢ ᠦᠷᠬᠦᠯᠵᠢᠯᠡᠨ 100% ᠳᠤ ᠪᠠᠲᠤᠯᠠᠨ᠎ᠠ᠃ ᠲᠠᠷᠢᠶᠠᠯᠠᠩ ᠤᠨ ᠤᠯᠠᠨ ᠡᠬᠢᠳᠤ | ᠪᠣᠬᠢᠷᠲᠤᠯ ᠤᠨ ︽ᠲᠦᠷᠪᠡ ᠶᠢ ᠬᠢᠵᠠᠭᠠᠷᠯᠠᠬᠤ︾ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠬᠢᠮᠢ ᠶᠢᠨ | ᠪᠤᠷᠳᠤᠭᠤᠷ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠬᠤ᠂ ᠮᠠᠯ ᠵᠢᠭᠦᠷᠲᠡᠨ ᠤ ᠢᠯᠭᠠᠳᠠᠰᠤ ᠶᠢ ᠡᠬᠢ | ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠵᠤ᠂ ᠠᠮᠢ ᠠᠬᠤᠢ ᠶᠢᠨ ᠬᠠᠮᠠᠭᠠᠯᠠᠯᠳᠠ ᠪᠠ ᠵᠠᠰᠠᠯᠳᠠ ᠶᠢᠨ ᠬᠢᠷᠢ | ᠴᠢᠳᠠᠪᠤᠷᠢ ᠶᠢ ᠲᠠᠰᠤᠷᠠᠯᠳᠠ ᠦᠭᠡᠢ ᠲᠡᠭᠡᠭᠰᠢᠯᠡᠬᠦᠯᠦᠨ᠎ᠡ᠃ ᠬᠤᠭᠤᠯᠠᠨ ᠬᠡᠷ ᠤᠨ ᠬᠤᠭ ᠨᠣᠪᠰᠢ ᠶᠢ ᠰᠢᠢᠳᠪᠦᠷᠢᠯᠡᠬᠦ | ᠲᠥᠬᠦᠭᠡᠷᠦᠮᠵᠢ ᠶᠢᠨ ᠲᠥᠷᠥᠯ ᠵᠦᠢᠯ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ 300 ᠡᠷᠦᠬᠡ ᠳᠤ ︽ | ᠨᠡᠭᠦᠷᠡᠰᠦ ᠶᠢ ᠴᠠᠬᠢᠯᠭᠠᠨ ᠪᠤᠯᠭᠠᠬᠤ︾ ᠴᠡᠪᠡᠷ ᠡᠨᠧᠷᠬᠢ ᠶᠢᠨ ᠳᠤᠯᠠᠭᠠᠯᠠᠭ᠎ᠠ ᠶᠢᠨ ᠦᠬᠡᠷᠡᠴᠢᠯᠡᠯᠳᠡ ᠶᠢ ᠬᠢᠨ᠎ᠡ᠃ ᠠᠮᠢ | ᠠᠬᠤᠶ ᠶᠢᠨ ᠬᠠᠮᠠᠭᠠᠯᠠᠯᠲᠠ ᠪᠠ ᠰᠡᠷᠭᠦᠭᠡᠯᠲᠡ ᠶᠢ ᠴᠢᠩᠭᠠᠳᠬᠠᠬᠤ ᠭᠡᠷᠡᠭᠳᠡᠢ᠃ ᠠᠭᠤᠯᠠ ᠤᠰᠤ ᠤᠢ ᠮᠣᠳᠣ ᠭᠠᠵᠠᠷ | ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ | ᠰᠢᠰᠲ᠋ᠧᠮ ᠲᠠᠢ ᠰᠡᠷᠭᠦᠭᠡᠬᠦ ᠠᠵᠢᠯ ᠢ ᠪᠦᠬᠦ ᠲᠠᠯ᠎ᠠ ᠪᠠᠷ ᠠᠬᠢᠭᠤᠯᠤᠨ᠂ ︽ᠤᠮᠠᠷᠠᠲᠤ ᠶᠢᠨ ᠭᠤᠷᠪᠠᠨ ᠤᠷᠤᠨ︾ ᠵᠡᠷᠭᠡ | ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠡᠷᠡᠮᠡᠯᠵᠡᠯᠡᠨ ᠮᠡᠳᠡᠭᠦᠯᠵᠦ᠂ 10 ᠲᠦᠮᠡᠨ ᠮᠦ | ᠲᠠᠴᠢᠷᠰᠢᠭᠰᠠᠨ ᠨᠤᠲᠤᠭ ᠪᠡᠯᠴᠢᠭᠡᠷ ᠢ ᠰᠡᠷᠭᠦᠭᠡᠬᠦ᠂ 6 ᠲᠦᠮᠡᠨ ᠮᠦ ᠤᠢ ᠮᠤᠳᠤ ᠶᠢ ᠠᠷᠠᠴᠢᠯᠠᠨ ᠪᠤᠶᠢᠵᠢᠭᠤᠯᠬᠤ᠂ | 1 ᠲᠦᠮᠡᠨ ᠮᠦ ᠪᠣᠳᠠ ᠮᠣᠳᠣ ᠶᠢ ᠲᠠᠷᠢᠵᠤ ᠣᠶᠢᠵᠢᠭᠤᠯᠬᠤ ᠠᠵᠢᠯ ᠢ ᠬᠢᠨ᠎ᠡ ᠃ ᠮᠠᠯ ᠪᠡᠯᠴᠢᠭᠡᠷ ᠢ ᠲᠡᠩᠴᠡᠭᠦᠷᠢ ᠲᠠᠢ | ᠪᠠᠶᠢᠯᠭᠠᠬᠤ᠂ ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ ᠳᠦᠷᠢᠮ ᠲᠤᠭᠳᠠᠭᠠᠯ ᠪᠣᠯᠤᠨ ᠠᠮᠢ ᠠᠬᠤᠶ | ᠶᠢᠨ ᠬᠠᠮᠭᠠᠯᠠᠯᠳᠠ ᠶᠢᠨ ᠱᠠᠩᠨᠠᠯ ᠨᠦᠬᠦᠪᠦᠷᠢ ᠶᠢᠨ ᠲᠥᠷᠥ ᠶᠢᠨ ᠪᠣᠳᠣᠯᠭ᠎ᠠ ᠶᠢ ᠴᠢᠩᠭ᠎ᠠ ᠭᠡᠷᠡᠭᠵᠢᠬᠦᠯᠵᠦ᠂ ︽ᠣᠶ | ᠰᠢᠭᠤᠶ ᠨᠤᠳᠤᠭ ᠪᠡᠯᠴᠢᠭᠡᠷ ᠤᠨ ᠳᠠᠷᠤᠭ᠎ᠠ ᠶᠢᠨ ᠲᠦᠷᠢᠮ︾ ᠢ ᠴᠢᠩᠭ᠎ᠠ ᠨᠠᠶᠢᠳᠠᠪᠤᠷᠢᠵᠢᠭᠤᠯᠤᠨ᠂ ᠬᠤᠯᠠᠭᠠᠢ ᠪᠠᠷ | ᠪᠡᠯᠴᠢᠭᠡᠷᠯᠡᠬᠦᠯᠬᠦ᠂ ᠲᠣᠭᠲᠠᠭᠠᠯ ᠠᠴᠠ ᠵᠥᠷᠢᠴᠡᠨ ᠮᠠᠯ ᠬᠠᠷᠢᠭᠤᠯᠬᠤ᠂ ᠳᠤᠷ᠎ᠠ ᠪᠠᠷ ᠢᠶᠠᠨ ᠴᠠᠪᠴᠢᠵᠤ ᠣᠭᠲᠣᠯᠬᠤ | ᠵᠡᠷᠭᠡ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠦᠭᠬᠦᠨ᠎ᠡ᠃ ︽ᠤᠰᠤ ᠠᠷᠪᠢᠯᠠᠬᠤ | ᠠᠵᠢᠯᠯᠠᠭ᠎ᠠ︾ ᠶᠢ ᠪᠦᠬᠦ ᠲᠠᠯᠠᠪᠠᠷ ᠦᠷᠨᠢᠬᠦᠯᠵᠦ᠂ ︽ᠴᠠᠬᠢᠯᠭᠠᠨ ᠢ ᠬᠡᠮᠵᠢᠵᠦ ᠤᠰᠤ ᠶᠢ ᠪᠤᠳᠤᠬᠤ ︾ ᠤᠰᠤᠨ ᠤ | ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠡᠯᠬᠡᠷᠡᠬᠦᠯᠦᠨ᠂ ᠲᠠᠷᠢᠶᠠᠯᠠᠩ ᠳᠤ ᠭᠡᠷᠡᠭᠯᠡᠬᠦ ᠤᠰᠤᠨ ᠤ | ᠰᠦᠢᠳᠭᠡᠯ ᠢ ᠬᠤᠷᠢᠶᠠᠵᠤ ᠲᠤᠰᠢᠶᠠᠬᠤ ᠪᠠ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠪᠡᠷᠳᠡᠭᠡᠨ | ᠪᠡᠯᠡᠳᠭᠡᠭᠰᠡᠨ ᠬᠤᠳᠳᠤᠭ ᠤᠰᠤᠨ ᠤ ᠪᠤᠬᠢᠷᠳᠤᠯ ᠭᠠᠳᠠᠭᠰᠢᠯᠠᠭᠤᠯᠬᠤ ᠬᠠᠮᠢᠶᠠᠷᠤᠯᠳᠠ ᠶᠢ ᠴᠢᠩᠭᠠᠳᠬᠠᠵᠤ᠂ | ᠲᠦᠷᠢᠮ ᠲᠣᠭᠲᠠᠭᠠᠯ ᠠᠴᠠ ᠵᠥᠷᠢᠴᠡᠨ ᠭᠠᠵᠠᠷ ᠳᠣᠤᠷᠠᠬᠢ ᠤᠰᠤ ᠶᠢ ᠭᠡᠷᠡᠭᠯᠡᠭᠰᠡᠨ ᠦᠢᠯᠡ ᠠᠵᠢᠯᠯᠠᠭ᠎ᠠ ᠳᠤ ᠴᠢᠩᠭ᠎ᠠ | ᠴᠣᠬᠢᠯᠲᠠ ᠥᠭᠭᠦᠨ᠎ᠡ᠃ ᠪᠣᠷᠣᠭᠠᠨ ᠤ ᠤᠰᠤ ᠶᠢ ᠬᠠᠳᠠᠭᠠᠯᠠᠨ ᠠᠰᠢᠭᠯᠠᠬᠤ ᠢᠨᠵᠧᠨᠧᠷᠢᠩ ᠤᠨ ᠲᠥᠯᠥᠪᠵᠢᠭᠦᠯᠭᠡ ᠶᠢ | ᠡᠬᠢᠯᠡᠭᠦᠯᠵᠦ᠂ ᠲᠠᠷᠢᠶᠠᠯᠠᠩ ᠪᠠ ᠠᠵᠤ ᠦᠢᠯᠡᠳᠪᠦᠷᠢ ᠶᠢᠨ ᠤᠰᠤ ᠠᠷᠪᠢᠯᠠᠬᠤ ᠳᠤ ᠲᠤᠯᠭᠠᠭᠤᠷᠢᠯᠠᠯ ᠬᠠᠩᠭᠠᠨ᠎ᠠ᠃ ︽ | ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ︾ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ | ᠭᠤᠤᠯ ᠤᠨ ᠤᠷᠴᠢᠨ ᠲᠤᠭᠤᠷᠢᠨ ᠤ ︽ᠳᠥᠷᠪᠡᠨ ᠦᠵᠡᠭᠳᠡᠯ ᠢ ᠴᠡᠭᠴᠡᠯᠡᠬᠦ︾ ᠶᠢ ᠪᠠᠶᠢᠩᠭᠤ ᠶᠢᠨ ᠴᠢᠨᠠᠷᠳᠠᠢ | ᠰᠠᠶᠢᠲᠤᠷ ᠠᠳᠬᠤᠨ᠂ 40 ᠬᠠᠪᠳᠠᠭᠠᠢ ᠳᠥᠷᠪᠡᠯᠵᠢᠨ ᠺᠢᠯᠤᠮᠧᠲᠷ ᠪᠠᠭ᠎ᠠ ᠰᠠᠪᠠ ᠭᠠᠵᠠᠷ ᠤᠨ ᠵᠠᠰᠠᠯᠲᠠ ᠶᠢ ᠬᠢᠨ᠎ᠡ᠃ | ᠪᠣᠬᠢᠷᠲᠤᠯ ᠥᠬᠡᠶ ᠠᠭᠤᠷᠬᠠᠶ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠦᠷᠨᠢᠬᠦᠯᠦᠨ᠂ 25.4 ᠾᠧᠺᠲ᠋ᠠᠷ | ᠠᠭᠤᠷᠬᠠᠶ ᠶᠢᠨ ᠣᠷᠴᠢᠨ ᠲᠣᠭᠤᠷᠢᠨ ᠢ ᠵᠠᠰᠠᠵᠤ᠂ 1.3 ᠾᠧᠺᠲ᠋ᠠᠷ ᠪᠣᠬᠢᠷᠲᠤᠯ ᠥᠬᠡᠶ ᠠᠭᠤᠷᠬᠠᠶ ᠶᠢᠨ | ᠪᠠᠶᠢᠭᠤᠯᠤᠯᠲᠠ ᠶᠢ ᠬᠢᠨ᠎ᠡ᠃ | ︵ᠲᠠᠪᠤ ︶ ᠠᠷᠠᠳ ᠤᠯᠠᠨ ᠤ ᠠᠵᠠ ᠵᠢᠷᠭᠠᠯ ᠢ ᠨᠡᠮᠡᠭᠳᠡᠬᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ | ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠦᠷᠭᠦᠯᠵᠢᠯᠡᠨ ᠰᠠᠶᠢᠵᠢᠷᠠᠭᠤᠯᠤᠨ᠎ᠠ᠃ ᠨᠡᠶᠢᠭᠡᠮ ᠤᠨ ᠪᠠᠳᠤᠯᠠᠭᠠᠨ ᠤ | ᠴᠢᠳᠠᠪᠤᠷᠢ ᠶᠢ ᠲᠠᠰᠤᠷᠠᠯᠲᠠ ᠦᠬᠡᠢ ᠲᠡᠭᠡᠭᠰᠢᠯᠡᠬᠦᠯᠬᠦ ᠭᠡᠷᠡᠭᠳᠡᠢ᠃ ᠦᠢᠯᠡᠰ ᠪᠦᠳᠦᠬᠡᠵᠦ ᠠᠵᠢᠯ ᠤᠯᠬᠤ ᠲᠥᠷᠥ ᠶᠢᠨ | ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ | ᠤᠷ᠎ᠠ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠬᠤᠲᠠ | ᠪᠠᠯᠭᠠᠰᠤᠨ ᠤ ᠠᠵᠢᠯ ᠣᠯᠬᠤ ᠳᠤ ᠬᠦᠴᠢᠷᠲᠡᠶ ᠬᠥᠮᠦᠰ᠂ ᠠᠵᠢᠯ ᠣᠯᠤᠭᠰᠠᠨ ᠬᠥᠮᠦᠨ ᠥᠬᠡᠶ ᠬᠡᠷ ᠪᠦᠯᠢ ᠶᠢᠨ | ᠬᠥᠮᠦᠰ ᠤᠨ ᠠᠵᠢᠯ ᠣᠯᠬᠤ ᠠᠷᠭ᠎ᠠ ᠵᠠᠮ ᠢ ᠬᠦᠴᠦᠯᠡᠨ ᠥᠷᠭᠡᠳᠬᠡᠵᠦ᠂ ᠬᠦᠯᠦᠰᠦᠨ ᠠᠵᠢᠯᠴᠢᠨ ᠵᠡᠷᠭᠡ | ᠭᠤᠤᠯᠳᠠᠯᠭ᠎ᠠ ᠲᠠᠢ ᠬᠥᠮᠦᠰ ᠤᠨ ᠠᠵᠢᠯ ᠣᠯᠬᠤ ᠶᠢ ᠲᠤᠭᠳᠠᠪᠤᠷᠢᠵᠢᠭᠤᠯᠤᠨ᠂ ᠬᠤᠲᠠ ᠪᠠᠯᠭᠠᠰᠤᠨ ᠤ 600 | ᠬᠥᠮᠦᠨ ᠳᠤ ᠰᠢᠨ᠎ᠡ ᠪᠠᠷ ᠠᠵᠢᠯ ᠣᠯᠭᠤᠵᠤ᠂ 700 ᠬᠥᠮᠦᠨ ᠤᠳᠠᠭ᠎ᠠ ᠳᠤ ᠮᠡᠷᠭᠡᠵᠢᠯ ᠤᠨ ᠪᠣᠯᠪᠠᠰᠤᠷᠠᠯ ᠬᠦᠷᠳᠡᠭᠡᠨ | ᠂ 800 ᠲᠦᠮᠡᠨ ᠲᠥᠭᠦᠷᠢᠭ ᠤᠨ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠶᠢ ᠲᠠᠷᠬᠠᠭᠠᠨ᠎ᠠ᠃ ᠬᠤᠲᠠ | ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠶ ᠶᠢ ᠠᠰᠠᠷᠠᠨ ᠲᠡᠵᠢᠭᠡᠬᠦ᠂ | ᠲᠦᠷ ᠴᠠᠭ ᠤᠨ ᠠᠪᠤᠷᠠᠨ ᠲᠤᠰᠠᠯᠠᠬᠤ᠂ ᠨᠠᠰᠤᠵᠢᠯ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ ᠵᠡᠷᠭᠡ | ᠨᠡᠶᠢᠭᠡᠮ ᠤᠨ ᠪᠠᠲᠤᠯᠠᠭ᠎ᠠ ᠪᠠ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠯᠠᠪᠳᠠᠭᠤᠨ ᠢᠶᠠᠷ ᠥᠷᠭᠡᠳᠬᠡᠨ᠂ | ᠨᠡᠶᠢᠭᠡᠮ ᠤᠨ ᠠᠰᠠᠷᠠᠮᠵᠢ ᠪᠠ ᠨᠢᠭᠦᠯᠡᠰᠦᠩᠭᠦᠶ ᠶᠢᠨ ᠦᠢᠯᠡᠰ ᠢ ᠶᠡᠬᠡᠪᠡᠷ ᠬᠥᠭᠵᠢᠭᠦᠯᠵᠦ᠂ ᠨᠠᠰᠤᠳᠠᠶᠢᠴᠤᠳ ᠤᠨ | ᠠᠰᠠᠷᠠᠮᠵᠢ ᠶᠢᠨ ᠬᠦᠷᠢᠶᠡᠯᠡᠩ ᠤᠨ ᠦᠢᠯᠡᠴᠢᠯᠡᠭᠡᠨ ᠤ ᠶᠠᠰᠤ ᠴᠢᠨᠠᠷ ᠢ ᠰᠠᠶᠢᠵᠢᠷᠠᠭᠤᠯᠤᠨ᠂ ᠬᠡᠦᠬᠡᠳ ᠰᠠᠭᠠᠲᠠᠭᠤᠯᠬᠤ | ᠦᠢᠯᠡᠴᠢᠯᠡᠭᠡᠨ ᠤ ᠪᠦᠲᠦᠮᠵᠢᠲᠡᠶ ᠬᠠᠩᠭᠠᠯᠭ᠎ᠠ ᠶᠢ ᠦᠷᠭᠡᠳᠭᠡᠵᠦ᠂ ᠬᠦᠴᠢᠷᠳᠡᠯᠲᠡᠢ ᠣᠯᠠᠨ ᠲᠦᠮᠡᠨ ᠳᠤ ᠲᠦᠷ ᠴᠠᠭ | ᠤᠨ ᠠᠪᠤᠷᠠᠨ ᠲᠤᠰᠠᠯᠠᠮᠵᠢ ᠦᠵᠡᠬᠦᠯᠬᠦ ᠶᠢ ᠴᠢᠩᠭᠠᠳᠬᠠᠨ᠂ ᠨᠠᠰᠤᠳᠠᠢ ᠨᠢᠯᠬ᠎ᠠ ᠶᠢ ᠬᠠᠶᠢᠷᠠᠯᠠᠨ ᠬᠠᠯᠠᠮᠵᠢᠯᠠᠵᠤ᠂ | ᠠᠷᠠᠳ ᠤᠨ ᠠᠮᠢᠳᠤᠷᠠᠯ ᠤᠨ ᠦᠨᠳᠦᠰᠦᠨ ᠵᠦᠢᠯ ᠤᠨ ᠪᠠᠳᠤᠯᠠᠭᠠᠨ ᠤ ᠲᠣᠤᠷ ᠢ ᠪᠠᠲᠤ ᠴᠤᠭᠴᠠᠯᠠᠨ᠎ᠠ᠃ ᠪᠣᠯᠪᠠᠰᠤᠨ | ᠣᠷᠣᠰᠢᠭᠤᠯᠭ᠎ᠠ᠂ ᠵᠡᠮᠳᠡᠭᠴᠦᠳ᠂ ᠡᠮᠡᠭᠲᠡᠶᠢᠴᠦᠳ ᠬᠡᠦᠬᠡᠳ ᠪᠠᠭᠠᠴᠤᠳ᠂ ᠴᠡᠷᠢᠭ ᠠᠴᠠ ᠬᠠᠯᠠᠭᠳᠠᠭᠰᠠᠳ ᠵᠡᠷᠭᠡ | ᠶᠢᠨ ᠡᠯ᠎ᠡ ᠲᠦᠷᠦᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠤᠯᠠᠨ ᠲᠦᠮᠡᠨ ᠤ ᠠᠮᠢ | ᠪᠡᠶ᠎ᠡ ᠶᠢᠨ ᠠᠰᠢᠭ ᠲᠤᠰᠠ ᠶᠢ ᠪᠠᠲᠤᠯᠠᠨ᠎ᠠ᠃ ᠠᠷᠠᠳ ᠲᠦᠮᠡᠨ ᠤ ᠰᠡᠳᠬᠢᠯ ᠳᠤ ᠲᠠᠭᠠᠯᠠᠭᠳᠠᠭᠰᠠᠨ ᠰᠤᠷᠭᠠᠨ | ᠬᠥᠮᠦᠵᠢᠯ ᠢ ᠰᠠᠶᠢᠨ ᠡᠷᠬᠢᠯᠡᠬᠦ ᠭᠡᠷᠡᠭᠳᠡᠢ᠃ ᠰᠤᠷᠭᠠᠨ ᠬᠥᠮᠦᠵᠢᠯ ᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠵᠤ᠂ ᠡᠯ᠎ᠡ | ᠲᠥᠷᠥᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠠᠬᠢᠭᠤᠯᠤᠨ᠂ ᠰᠤᠷᠭᠠᠨ | ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠬᠦᠴᠦᠯᠡᠨ ᠬᠡᠷᠡᠭᠵᠢᠭᠦᠯᠵᠦ᠂ ᠰᠤᠷᠭᠠᠭᠤᠯᠢ ︵ | ᠴᠡᠴᠡᠷᠯᠢᠭ︶ ᠶᠢᠨ ᠵᠠᠬᠢᠷᠤᠯ ᠪᠠ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠬᠢᠨᠠᠨ ᠰᠢᠯᠭᠠᠬᠤ ᠪᠠ | ᠤᠷᠮᠠᠰᠢᠭᠤᠯᠤᠨ ᠵᠤᠷᠢᠬᠵᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠪᠠᠭᠰᠢ ᠶᠢ ᠬᠥᠮᠦᠵᠢᠭᠦᠯᠬᠦ ᠪᠠ ᠣᠷᠣᠭᠤᠯᠤᠨ | ᠠᠪᠴᠢᠷᠠᠬᠤ ᠡᠷᠴᠢᠮ ᠢ ᠴᠢᠩᠭᠠᠷᠠᠭᠤᠯᠤᠨ᠂ ᠡᠨᠡ ᠵᠢᠯ 44 ᠪᠠᠭᠰᠢ ᠶᠢ ᠢᠯᠡ ᠪᠠᠷ ᠡᠯᠰᠡᠵᠦ᠂ ᠬᠢᠴᠢᠶᠡᠯ ᠲᠦᠷᠦᠯ | ᠤᠨ ᠲᠤᠳᠠᠭᠤᠳᠠᠯ ᠢ ᠨᠦᠬᠦᠪᠦᠷᠢᠯᠡᠨ᠎ᠡ᠃ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠠᠪᠰᠤᠷᠤᠨ | ᠲᠡᠳᠬᠦᠬᠦ ᠬᠠᠮᠲᠤᠷᠠᠯᠴᠠᠭ᠎ᠠ ᠶᠢ ᠴᠢᠩᠭᠠᠳᠬᠠᠵᠤ᠂ 1 ᠡᠷᠦᠬᠡ ᠨᠡᠶᠢᠬᠡᠮ ᠤᠨ ᠰᠤᠷᠭᠠᠭᠤᠯᠢ ᠡᠷᠬᠢᠯᠡᠬᠦ ᠭᠤᠤᠯ ᠴᠤᠭᠴᠠ | ᠶᠢ ᠤᠷᠢᠵᠤ ᠮᠠᠨ ᠤ ᠬᠤᠰᠢᠭᠤᠨ ᠳᠠᠭᠠᠨ ᠰᠤᠷᠭᠠᠭᠤᠯᠢ ᠡᠷᠬᠢᠯᠡᠬᠦᠯᠬᠦ ᠪᠠᠷ ᠴᠢᠷᠮᠠᠶᠢᠨ᠂ 12 ᠪᠠᠭᠰᠢ ᠶᠢ | ᠪᠡᠭᠡᠵᠢᠩ ᠳᠤ ᠲᠤᠮᠢᠯᠠᠨ ᠠᠵᠢᠯ ᠤᠨ ᠪᠠᠶᠢᠷᠢ ᠶᠢᠨ ᠰᠤᠷᠤᠯᠭ᠎ᠠ ᠪᠤᠯᠪᠠᠰᠤᠷᠠᠯ ᠳᠤ ᠤᠷᠤᠯᠴᠠᠭᠤᠯᠤᠨ᠎ᠠ᠃ ᠰᠤᠷᠭᠠᠨ | ᠬᠥᠮᠦᠵᠢᠯ ᠤᠨ ᠰᠠᠭᠤᠷᠢ ᠲᠥᠬᠦᠭᠡᠷᠦᠮᠵᠢ ᠶᠢᠨ ᠪᠠᠢᠭᠤᠯᠤᠯᠲᠠ ᠶᠢ ᠲᠦᠷᠭᠡᠳᠭᠡᠨ ᠠᠬᠢᠭᠤᠯᠵᠤ᠂ ᠨᠢᠭᠡᠳᠦᠭᠡᠷ | ᠳᠤᠮᠳᠠᠳᠤ ᠰᠤᠷᠭᠠᠭᠤᠯᠢ ᠶᠢᠨ ᠲᠠᠮᠢᠷ ᠤᠨ ᠣᠷᠳᠣᠨ ᠢ ᠡᠨᠡ ᠵᠢᠯ ᠠᠰᠢᠭᠯᠠᠯᠳᠠ ᠳᠤ ᠣᠷᠣᠭᠤᠯᠤᠨ᠎ᠠ᠃ ᠶᠡᠭᠡ | ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ | ᠨᠢᠭᠡᠳᠦᠭᠡᠷ ᠳᠤᠮᠳᠠᠳᠤ ᠰᠤᠷᠭᠠᠭᠤᠯᠢ ᠶᠢ ᠡᠨᠡ ᠵᠢᠯ ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠬᠦ ᠴᠢᠨᠠᠷᠲᠠᠶ | ᠳᠤᠮᠳᠠᠳᠤ ᠰᠤᠷᠭᠠᠭᠤᠯᠢ ᠪᠠᠷ ᠬᠢᠨᠠᠨ ᠲᠤᠭᠳᠠᠭᠠᠯᠭᠠᠬᠤ ᠪᠠᠷ ᠴᠢᠷᠮᠠᠶᠢᠨ᠎ᠠ᠃ ᠡᠯ᠎ᠡ ᠲᠥᠷᠥᠯ ᠤᠨ ︽ᠰᠤᠷᠭᠠᠭᠤᠯᠢ ᠶᠢᠨ | ᠬᠦᠷᠢᠶᠡᠨ ᠳᠤ ᠤᠷᠤᠭᠤᠯᠬᠤ︾ ᠠᠵᠢᠯᠯᠠᠭ᠎ᠠ ᠶᠢ ᠴᠣᠮᠬᠠᠳᠬᠠᠵᠤ᠂ ᠰᠤᠷᠤᠭᠴᠢᠳ ᠤᠨ ᠰᠡᠳᠬᠢᠴᠡ ᠶᠢᠨ ᠬᠠᠯᠠᠮᠵᠢᠯᠠᠯ | ᠪᠠ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠂ ᠠᠶᠢᠮᠠᠭ ᠤᠨ | ᠱᠠᠲᠤᠨ ᠤ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ 3 ᠶᠢ ᠡᠭᠦᠳᠦᠨ ᠪᠠᠶᠢᠭᠤᠯᠤᠨ᠎ᠠ᠃ ᠤᠯᠤᠰ ᠤᠨ ᠨᠡᠶᠢᠳᠡᠮ | ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠢ ᠯᠠᠪᠳᠠᠭᠤᠨ ᠢᠶᠠᠷ ᠠᠬᠢᠭᠤᠯᠵᠤ᠂ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠪᠠᠷᠢᠮᠵᠢᠶ᠎ᠠ ᠳᠤ ᠬᠦᠷᠦᠭᠰᠡᠨ ᠰᠤᠷᠭᠠᠭᠤᠯᠢ ᠶᠢᠨ | ᠦᠷ᠎ᠡ ᠪᠦᠲᠦᠭᠡᠯ ᠢ ᠪᠦᠬᠦ ᠲᠠᠯ᠎ᠠ ᠪᠠᠷ ᠪᠠᠬᠢᠵᠢᠭᠦᠯᠦᠨ᠎ᠡ᠃ ᠡᠷᠡᠭᠦᠯ ᠬᠠᠮᠠᠭᠠᠯᠠᠯ ᠰᠣᠶᠣᠯ ᠲᠠᠮᠢᠷ ᠤᠨ ᠦᠢᠯᠡᠰ ᠢ | ᠲᠦᠷᠭᠡᠳᠬᠡᠨ ᠬᠦᠭᠵᠢᠬᠦᠯᠬᠦ ᠭᠡᠷᠡᠭᠳᠡᠢ᠃ ᠡᠮᠨᠡᠯᠭᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ | ᠪᠥᠬᠦ ᠲᠠᠯ᠎ᠠ ᠪᠠᠷ ᠴᠢᠩᠭᠠᠳᠬᠠᠵᠤ᠂ ᠰᠤᠮᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠡᠬᠡ | ᠨᠢᠯᠬᠠᠰ ᠤᠨ ᠡᠷᠡᠭᠦᠯ ᠢ ᠬᠠᠮᠠᠭᠠᠯᠠᠬᠤ ᠲᠦᠪ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠴᠢᠳᠠᠪᠤᠷᠢ ᠶᠢ | ᠳᠡᠭᠡᠭᠰᠢᠯᠡᠭᠦᠯᠬᠦ ᠲᠥᠷᠥᠯ ᠵᠦᠢᠯ ᠢ ᠢᠳᠡᠪᠬᠢᠲᠡᠶ ᠪᠠᠷ ᠡᠷᠡᠮᠡᠯᠵᠡᠯᠡᠨ ᠮᠡᠳᠡᠭᠦᠯᠵᠦ᠂ ᠬᠢᠲᠠᠳ ᠮᠣᠩᠭᠤᠯ ᠡᠮᠨᠡᠯᠭᠡ ᠶᠢᠨ | ᠬᠤᠷᠢᠶᠠᠨ ᠤ ᠡᠮᠴᠢᠯᠡᠭᠡᠨ ᠤ ᠶᠡᠷᠦᠩᠬᠡᠶᠢᠯᠡᠭᠰᠡᠨ ᠠᠰᠠᠷ᠂ ᠬᠤᠰᠢᠭᠤ ᠡᠮᠨᠡᠯᠭᠡ ᠶᠢᠨ ᠬᠤᠷᠢᠶᠠᠨ ᠤ ᠰᠠᠭᠤᠷᠢ | ᠲᠥᠬᠦᠭᠡᠷᠦᠮᠵᠢ ᠶᠢᠨ ᠥᠭᠡᠷᠡᠴᠢᠯᠡᠯᠲᠡ ᠪᠠ ᠭᠤᠤᠯᠳᠠᠯᠭ᠎ᠠ ᠲᠠᠢ ᠲᠤᠰᠬᠠᠶ ᠰᠠᠯᠠᠭᠠᠨ ᠤ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ᠂ ᠬᠤᠰᠢᠭᠤ ᠰᠤᠮᠤ ᠬᠤᠶᠠᠷ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ | ᠶᠡᠷᠦᠩᠬᠡᠶᠢᠯᠡᠭᠰᠡᠨ ᠦᠢᠯᠡᠴᠢᠯᠡᠭᠡᠨ ᠤ ᠬᠢᠷᠢ ᠲᠦᠪᠰᠢᠨ ᠢ ᠴᠢᠨᠠᠭᠰᠢᠳᠠ ᠲᠡᠭᠡᠭᠰᠢᠯᠡᠬᠦᠯᠦᠨ ᠂ ᠪᠠᠶᠢᠩᠭᠤ | ᠲᠣᠬᠢᠶᠠᠯᠳᠤᠬᠤ ᠡᠪᠡᠳᠴᠢᠨ ᠪᠠ ᠣᠯᠠᠨ ᠡᠭᠦᠰᠳᠡᠭ ᠡᠪᠡᠳᠴᠢᠨ ᠤ ᠡᠮᠴᠢᠯᠡᠨ ᠵᠠᠰᠠᠬᠤ ᠴᠢᠳᠠᠪᠤᠷᠢ ᠶᠢ | ᠴᠢᠩᠭᠠᠷᠠᠭᠤᠯᠵᠤ᠂ ︽ᠪᠠᠭ᠎ᠠ ᠡᠪᠡᠳᠴᠢᠨ ᠳᠤ ᠰᠤᠮᠤᠨ ᠠᠴᠠ ᠭᠠᠷᠬᠤ ᠥᠬᠡᠶ᠂ ᠬᠦᠨᠳᠦ ᠡᠪᠡᠳᠴᠢᠨ ᠳᠤ | ᠬᠤᠰᠢᠭᠤᠨ ᠠᠴᠠ ᠭᠠᠷᠬᠤ ᠥᠬᠡᠶ︾ ᠪᠠᠶᠢᠬᠤ ᠬᠠᠷᠠᠯᠲᠠ ᠶᠢ ᠪᠡᠶᠡᠯᠡᠬᠦᠯᠬᠦ ᠪᠠᠷ ᠴᠢᠷᠮᠠᠶᠢᠨ᠎ᠠ᠃ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮᠨᠡᠯᠬᠡ ᠶᠢᠨ ᠬᠤᠯᠪᠤᠭᠠᠳᠤ | ᠴᠣᠭᠴᠠ ᠶᠢᠨ ᠪᠠᠶᠢᠭᠤᠯᠤᠯᠲᠠ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ | ᠠᠬᠢᠭᠤᠯᠤᠨ᠂ ᠣᠯᠠᠨ ᠲᠦᠮᠡᠨ ᠳᠤ ᠡᠷᠬᠡ ᠲᠡᠭᠰᠢ ᠪᠥᠭᠡᠳ ᠬᠦᠷᠦᠯᠴᠡᠭᠡᠳᠡᠢ ᠡᠷᠡᠭᠦᠯ ᠮᠡᠨᠳᠦ ᠶᠢᠨ ᠦᠢᠯᠡᠴᠢᠯᠡᠭᠡ ᠶᠢ | ᠬᠠᠩᠭᠠᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠢ ᠤᠷᠢᠵᠤ ᠡᠯᠰᠡᠬᠦ ᠠᠵᠢᠯ ᠢ ᠦᠷᠭᠦᠯᠵᠢᠯᠡᠨ | ᠰᠠᠶᠢᠲᠤᠷ ᠬᠢᠵᠦ᠂ ᠰᠤᠷᠭᠠᠭᠤᠯᠢ ᠪᠠ ᠡᠮᠨᠡᠯᠭᠡ ᠬᠠᠮᠳᠤᠷᠠᠯᠴᠠᠭᠰᠠᠨ᠂ ᠡᠮᠨᠡᠯᠭᠡ ᠪᠠ ᠰᠤᠷᠭᠠᠨ ᠬᠥᠮᠦᠵᠢᠯ | ᠠᠭᠤᠰᠤᠯᠴᠠᠭᠰᠠᠨ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠬᠥᠮᠦᠵᠢᠭᠦᠯᠬᠦ ᠵᠠᠭᠪᠤᠷ ᠢ ᠢᠳᠡᠪᠬᠢᠲᠡᠶ ᠪᠠᠷ ᠰᠦᠪᠡᠭᠴᠢᠯᠡᠨ | ᠪᠠᠶᠢᠭᠤᠯᠤᠨ᠎ᠠ᠃ ᠡᠬᠡ ᠤᠷᠤᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ ᠬᠠᠯᠳᠠᠪᠤᠷᠢᠲᠤ | ᠡᠪᠡᠳᠴᠢᠨ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠰᠢᠢᠳᠪᠦᠷᠢᠯᠡᠬᠦ ᠴᠢᠳᠠᠪᠤᠷᠢ ᠶᠢ ᠲᠠᠰᠤᠷᠠᠯᠲᠠ | ᠦᠭᠡᠢ ᠴᠢᠩᠭᠠᠳᠬᠠᠨ᠂ ᠬᠤᠯᠤᠭᠠᠨ᠎ᠠ ᠶᠢᠨ ᠬᠢᠵᠢᠭ᠂ ᠪᠣᠭᠤᠮ᠎ᠠ ᠡᠪᠡᠳᠴᠢᠨ ᠵᠡᠷᠭᠡ ᠬᠦᠨᠳᠦ ᠶᠡᠭᠡ ᠬᠠᠯᠳᠠᠪᠤᠷᠢᠲᠤ | ᠡᠪᠡᠳᠴᠢᠨ ᠤ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠰᠠᠶᠢᠨ ᠬᠢᠬᠦ ᠬᠡᠷᠡᠭᠲᠡᠶ᠃ ᠤᠯᠠᠭᠠᠨᠮᠥ᠋ᠴᠢᠷ ᠤᠨ | ︽ ᠰᠤᠷᠤᠯᠴᠠᠬᠤ ᠪᠦᠳᠦᠬᠡᠬᠦ ᠲᠣᠭᠯᠠᠬᠤ︾ ᠡᠷᠴᠢᠮ ᠢ ᠴᠢᠩᠭᠠᠷᠠᠭᠤᠯᠵᠤ᠂ ᠴᠠᠭ ᠦᠶ᠎ᠡ ᠶᠢᠨ ᠭᠤᠤᠯ ᠰᠡᠳᠦᠪ ᠨᠢ | ᠢᠯᠡ ᠲᠣᠳᠣ᠂ ᠠᠭᠤᠯᠭ᠎ᠠ ᠨᠢ ᠣᠯᠠᠨ ᠲᠦᠮᠡᠨ ᠲᠠᠢ ᠣᠶᠢᠷᠠᠲᠤᠭᠰᠠᠨ᠂ ᠰᠣᠶᠣᠯ ᠤᠨ ᠠᠮᠳᠠ ᠰᠢᠮᠳᠡ ᠪᠠᠷ ᠪᠢᠯᠬᠠᠮ᠎ᠠ | ᠨᠢᠭᠡ ᠪᠦᠯᠦᠭ ᠲᠠᠶᠢᠰᠠᠨ ᠤ ᠤᠷᠠᠯᠢᠭ ᠤᠨ ᠪᠦᠲᠦᠭᠡᠯ ᠢ ᠭᠠᠷᠭᠠᠬᠤ ᠶᠢᠨ ᠬᠠᠮᠳᠤ᠂ ︽ᠬᠦᠮᠦᠨ ᠢ ᠲᠠᠳᠠᠬᠤ︾ ᠶᠢᠨ | ᠲᠤᠭᠤᠷᠢᠨ ᠳᠤ ᠣᠯᠠᠨ ᠲᠦᠮᠡᠨᠴᠢ ᠴᠢᠨᠠᠷᠲᠠᠶ ᠰᠣᠶᠣᠯ ᠲᠠᠮᠢᠷ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ | ᠡᠷᠴᠢᠮᠳᠡᠢ ᠠᠷᠭ᠎ᠠ ᠪᠠᠷᠢᠯ ᠢᠶᠠᠷ ᠤᠮᠠᠷᠠᠳᠤ ᠬᠢᠯᠢ ᠶᠢᠨ ᠰᠤᠶᠤᠯ ᠤᠨ ᠲᠡᠭᠡᠭᠰᠢᠯᠡᠬᠦᠯᠦᠯᠳᠡ ᠶᠢᠨ ᠠᠵᠢᠯᠯᠠᠭ᠎ᠠ ᠶᠢ | ᠦᠷᠨᠢᠬᠦᠯᠦᠨ᠎ᠡ᠃ | ︵ᠵᠢᠷᠭᠤᠭ᠎ᠠ︶ ᠨᠡᠶᠢᠭᠡᠮ ᠤᠨ ᠵᠠᠰᠠᠯᠲᠠ ᠶᠢᠨ ᠰᠢᠰᠲ᠋ᠧᠮᠵᠢ ᠳᠤ ᠠᠩᠬᠠᠷᠤᠯ ᠢᠶᠠᠨ ᠲᠥᠪᠯᠡᠷᠡᠭᠦᠯᠵᠦ᠂ | ᠨᠡᠶᠢᠭᠡᠮ ᠤᠨ ᠠᠮᠤᠷ ᠲᠣᠭᠲᠠᠭᠤᠨ ᠢ ᠪᠦᠬᠦ ᠬᠦᠴᠦᠨ ᠢᠶᠠᠷ ᠬᠠᠮᠠᠭᠠᠯᠠᠨ᠎ᠠ᠃ᠦᠨᠳᠦᠰᠦᠲᠡᠨ ᠤ ᠠᠵᠢᠯ ᠢ ᠴᠢᠩᠭᠠᠳᠬᠠᠨ | ᠰᠠᠶᠢᠵᠢᠷᠠᠭᠤᠯᠬᠤ ᠭᠡᠷᠡᠭᠳᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠤᠳᠬᠠᠬᠤ ᠶᠢ ᠡᠯ᠎ᠡ ᠲᠦᠷᠦᠯ ᠤᠨ ᠠᠵᠢᠯ ᠤᠨ ᠭᠤᠣᠯ ᠰᠢᠵᠢᠮ ᠪᠤᠯᠭᠠᠨ᠂ ︽ᠵᠢᠱᠢᠶᠡᠴᠢ ᠥᠪᠡᠷᠲᠡᠭᠡᠨ ᠵᠠᠰᠠᠬᠤ | ᠣᠷᠣᠨ︾ ᠢ ᠪᠦᠬᠦ ᠲᠠᠯ᠎ᠠ ᠪᠠᠷ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠢᠯᠴᠠᠨ ᠰᠢᠭᠢᠳᠬᠡᠬᠦ | ᠮᠠᠶ᠋ᠢᠭ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ 1 ᠶᠢ ᠡᠬᠦᠳᠦᠨ ᠪᠠᠶᠢᠭᠤᠯᠤᠨ᠎ᠠ᠃ ᠪᠥᠬᠦ | ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠤᠨ ᠰᠢᠯᠭᠠᠨ ᠠᠪᠬᠤ | ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ | ᠦᠵᠡᠭᠦᠯᠬᠦ ᠲᠣᠭᠤᠷᠢᠨ ᠦᠵᠡᠬᠦ ᠴᠡᠭ 3 ᠶᠢ ᠲᠠᠰ ᠳᠡᠪᠰᠢᠭᠦᠯᠦᠨ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠪᠥᠬᠦ ᠬᠦᠴᠦᠨ ᠢᠶᠠᠷ ᠡᠬᠦᠳᠦᠨ ᠪᠠᠶᠢᠭᠤᠯᠬᠤ ᠬᠡᠷᠡᠭᠲᠡᠶ᠃ | ᠦᠨᠳᠦᠰᠦᠲᠡᠨ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠴᠤ᠂ ᠡᠨᠡ ᠵᠢᠯ ᠪᠤᠤᠴᠠᠩ | ᠪᠠᠯᠭᠠᠰᠤᠨ ᠤ ᠯᠠᠯᠤ ᠶᠢᠨ ᠰᠦᠮ᠎ᠡ ᠶᠢ ᠨᠡᠭᠦᠯᠭᠡᠨ᠎ᠡ᠃ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠲᠡᠭᠡᠭᠰᠢᠯᠡᠬᠦᠯᠬᠦ | ᠭᠡᠷᠡᠭᠳᠡᠢ᠃ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠲᠦᠷᠢᠮ ᠢ ᠦᠷᠭᠦᠯᠵᠢᠯᠡᠨ ᠬᠡᠷᠡᠭᠵᠢᠭᠦᠯᠵᠦ᠂ | ᠤᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠦᠨᠡᠨ ᠬᠦ ᠰᠢᠢᠳᠪᠦᠷᠢᠯᠡᠨ ᠂ ᠠᠰᠠᠭᠤᠳᠠᠯ ᠢ | ᠦᠨᠳᠦᠰᠦᠨ ᠱᠠᠲᠤᠨ ᠳᠤ ᠰᠢᠢᠳᠪᠦᠷᠢᠯᠡᠵᠦ᠂ ᠵᠥᠷᠢᠴᠡᠯ ᠢ ᠴᠤᠬᠤᠶᠢᠵᠤ ᠪᠠᠶᠢᠭ᠎ᠠ ᠦᠶ᠎ᠡ ᠳᠤᠨᠢ ᠰᠢᠢᠳᠪᠦᠷᠢᠯᠡᠬᠦ ᠪᠠᠷ | ᠴᠢᠷᠮᠠᠶᠢᠨ᠎ᠠ᠃ ᠨᠡᠶᠢᠭᠡᠮ ᠤᠨ ᠠᠮᠤᠷ ᠲᠦᠪᠰᠢᠨ ᠤ ᠪᠦᠬᠦᠯᠢ ᠴᠣᠭᠴᠠ ᠶᠢᠨ ᠰᠡᠷᠭᠡᠶᠢᠯᠡᠯᠳᠡ ᠪᠠ ᠡᠵᠡᠮᠳᠡᠯ ᠢ | ᠴᠢᠩᠭᠠᠳᠬᠠᠨ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠪᠠᠶᠢᠩᠭᠤᠵᠢᠭᠤᠯᠤᠨ | ᠥᠷᠨᠢᠭᠦᠯᠵᠦ᠂ ᠬᠤᠯᠪᠣᠭ᠎ᠠ ᠰᠦᠯᠵᠢᠶᠡᠨ ᠤ ᠵᠡᠷᠭᠡ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠳᠤ ᠴᠢᠩᠭ᠎ᠠ ᠴᠣᠬᠢᠯᠲᠠ ᠦᠭᠬᠦᠨ᠎ᠡ᠃ ︽ᠨᠢᠭᠡ ᠲᠣᠰᠬᠤᠨ ᠤ ᠨᠢᠭᠡ ᠴᠠᠭᠳᠠᠭ᠎ᠠ︾᠂ ︽ᠴᠠᠭᠳᠠᠭ᠎ᠠ | ᠠᠷᠠᠳ ᠬᠤᠯᠪᠣᠭᠠᠯᠠᠨ ᠡᠶᠡᠳᠡᠬᠦᠯᠬᠦ︾ ᠵᠠᠭᠪᠤᠷ ᠢ ᠭᠦᠨᠵᠡᠭᠡᠶ ᠭᠡᠷᠡᠭᠵᠢᠬᠦᠯᠵᠦ᠂ ᠣᠶᠤᠨᠴᠢ ᠳᠣᠲᠣᠭᠠᠳᠤ ᠶᠢ | ᠬᠠᠮᠠᠭᠠᠯᠠᠬᠤ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠂ ᠦᠨᠳᠦᠰᠦᠨ ᠱᠠᠳᠤᠨ ᠤ ᠲᠤᠮᠢᠯᠠᠭᠰᠠᠨ ᠰᠠᠯᠪᠤᠷᠢ | ᠶᠢᠨ ᠰᠠᠭᠤᠷᠢ ᠲᠦᠬᠦᠭᠡᠷᠦᠮᠵᠢ ᠶᠢᠨ ᠨᠦᠬᠦᠴᠡᠯ ᠢ ᠲᠠᠰᠤᠷᠠᠯᠳᠠ ᠦᠬᠡᠢ ᠰᠠᠶᠢᠵᠢᠷᠠᠭᠤᠯᠵᠤ᠂ ᠴᠣᠬᠢᠯᠲᠠ ᠥᠭᠴᠦ | ᠰᠡᠷᠭᠡᠶᠢᠯᠡᠬᠦ ᠪᠠ ᠶᠡᠷᠦᠩᠬᠡᠶᠢᠯᠡᠨ ᠵᠠᠰᠠᠬᠤ ᠬᠢᠷᠢ ᠴᠢᠳᠠᠪᠤᠷᠢ ᠶᠢᠨ ᠬᠤᠤᠰ ᠳᠡᠭᠡᠭᠰᠢᠯᠡᠯᠲᠡ ᠶᠢ ᠯᠠᠪᠳᠠᠭᠤᠨ ᠪᠠᠲᠤᠲᠠᠶ | ᠠᠬᠢᠭᠤᠯᠤᠨ᠂ ᠨᠠᠩ ᠥᠨᠳᠥᠷ ᠲᠦᠪᠰᠢᠨ ᠪᠥᠬᠦᠶ ᠠᠮᠤᠷ ᠠᠮᠤᠭᠤᠯᠠᠩ ᠲᠠᠶᠢᠹᠤᠰᠧ ᠬᠤᠰᠢᠭᠤ ᠶᠢ ᠪᠠᠶᠢᠭᠤᠯᠤᠨ᠎ᠠ᠃ | ᠣᠯᠠᠨ ᠨᠡᠶᠢᠲᠡ ᠶᠢᠨ ᠠᠮᠤᠷ ᠲᠥᠪᠰᠢᠨ ᠤ ᠬᠢᠷᠢ ᠬᠡᠮᠵᠢᠶ᠎ᠡ ᠶᠢ ᠲᠡᠭᠡᠭᠰᠢᠯᠡᠬᠦᠯᠬᠦ ᠭᠡᠷᠡᠭᠳᠡᠢ᠃ ᠠᠶᠤᠯᠭᠦᠢ | ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠭᠤᠷᠪᠠᠨ ᠵᠢᠯ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢ | ᠭᠦᠨᠵᠡᠭᠡᠢ ᠦᠷᠨᠢᠬᠦᠯᠦᠨ᠂ ᠬᠦᠨᠳᠦ ᠶᠡᠭᠡ ᠠᠮᠤᠷ ᠲᠦᠪᠰᠢᠨ ᠤ ᠬᠡᠮ ᠰᠤᠭᠤᠭ ᠢ ᠪᠦᠬᠦ ᠬᠦᠴᠦᠨ ᠢᠶᠠᠷ ᠰᠡᠷᠭᠡᠶᠢᠯᠡᠨ | ᠠᠷᠢᠯᠭᠠᠵᠤ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠬᠢᠷᠢ ᠴᠢᠳᠠᠪᠤᠷᠢ ᠶᠢ | ᠲᠠᠰᠤᠷᠠᠯᠲᠠ ᠦᠭᠡᠢ ᠲᠡᠭᠡᠭᠰᠢᠯᠡᠬᠦᠯᠦᠨ᠂ ᠬᠦᠨᠳᠦ ᠶᠡᠭᠡ ᠣᠨᠴᠠ ᠶᠡᠭᠡ ᠤᠰᠤᠯ ᠠᠳᠡᠯ ᠭᠠᠷᠬᠤ ᠶᠢ ᠡᠷᠡᠰ | ᠬᠤᠷᠢᠭᠯᠠᠬᠤ ᠬᠡᠷᠡᠭᠲᠡᠢ᠃ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢ ᠴᠢᠩᠭ᠎ᠠ | ᠨᠠᠶᠢᠳᠠᠪᠤᠷᠢᠵᠢᠭᠤᠯᠵᠤ᠂ ᠠᠷᠠᠳ ᠣᠯᠠᠨ ᠤ ᠢᠳᠡᠭᠡᠨ ᠤᠮᠳᠠᠭᠠᠨ ᠡᠮ ᠤᠨ ᠵᠦᠢᠯᠡᠰ ᠤᠨ ᠠᠮᠤᠷ ᠲᠦᠪᠰᠢᠨ ᠢ ᠦᠨᠡᠨᠬᠦ | ᠪᠠᠳᠤᠯᠠᠨ᠎ᠠ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠠᠤᠯᠢ ᠪᠤᠰᠤ ᠪᠠᠷ ᠪᠡᠯᠡ | ᠴᠤᠭᠯᠠᠭᠤᠯᠬᠤ᠂ ᠵᠤᠷᠢᠯᠭ᠎ᠠ ᠲᠠᠢ ᠪᠠᠷ ︽ᠥᠷᠢ ᠠᠴᠠ ᠲᠤᠳᠠᠭᠠᠬᠤ︾ ᠵᠡᠷᠭᠡ ᠶᠠᠯᠠᠲᠤ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ᠂ ᠰᠢᠨ ᠶᠤᠸᠠᠨ ᠲᠣᠰᠬᠤᠨ ᠪᠠᠯᠭᠠᠰᠤᠨ ᠤ | ᠪᠠᠩᠬᠢ ᠶᠢᠨ ᠥᠭᠡᠷᠡᠴᠢᠯᠡᠯᠲᠡ ᠶᠢ ᠪᠦᠬᠦ ᠬᠦᠴᠦᠨ ᠢᠶᠠᠷ ᠠᠬᠢᠭᠤᠯᠵᠤ᠂ ᠣᠷᠣᠨ ᠪᠦᠰᠡ ᠶᠢᠨ ᠴᠢᠨᠠᠷᠲᠠᠶ ᠮᠥᠩᠭᠦᠨ | ᠭᠦᠢᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠡᠷᠡᠰ ᠰᠠᠬᠢᠨ᠎ᠠ᠃ ᠴᠠᠯᠢᠩ | ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠬᠥᠯᠥᠰᠥᠨ ᠠᠵᠢᠯᠴᠢᠨ ᠤ | ᠴᠠᠯᠢᠩ ᠤᠯᠭᠤᠮᠵᠢ ᠶᠢ ᠪᠥᠬᠦ ᠬᠦᠴᠦᠨ ᠢᠶᠠᠷ ᠪᠠᠲᠤᠯᠠᠨ᠎ᠠ᠃ ᠲᠤᠭ᠎ᠠ ᠪᠦᠷᠢᠳᠬᠡᠯ᠂ ᠬᠢᠨᠠᠨ ᠪᠤᠳᠤᠯᠲᠠ᠂ ᠬᠤᠶᠠᠷ ᠢ | ᠬᠦᠷᠢᠶᠡᠯᠡᠵᠦ ᠬᠠᠮᠲᠤ ᠪᠠᠷ ᠪᠠᠶᠢᠭᠤᠯᠬᠤ᠂ ᠰᠣᠨᠢᠨ ᠮᠡᠳᠡᠭᠡᠨ ᠤ ᠤᠬᠠᠭᠤᠯᠭ᠎ᠠ᠂ ᠲᠠᠩᠰᠠ ᠡᠪᠬᠡᠮᠡᠯ ᠲᠡᠤᠬᠡ ᠣᠶᠢᠯᠠᠯᠭ᠎ᠠ | ᠂ ᠴᠠᠭ ᠠᠭᠤᠷ ᠤᠨ ᠬᠡᠮᠵᠢᠯᠳᠡ ᠵᠡᠷᠭᠡ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠵᠡᠮᠳᠡᠭᠴᠦᠳ ᠤᠨ ᠬᠤᠯᠪᠣᠭ᠎ᠠ᠂ | ᠡᠮᠡᠭᠲᠡᠶᠢᠴᠦᠳ ᠤᠨ ᠬᠤᠯᠪᠣᠭ᠎ᠠ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠠᠵᠢᠯᠴᠢᠨ ᠤ ᠡᠪᠯᠡᠯ᠂ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ᠂ ᠡᠪ ᠬᠠᠮᠲᠤ ᠵᠠᠯᠠᠭᠤᠴᠤᠳ ᠤᠨ ᠡᠪᠯᠡᠯ ᠤᠨ ᠦᠢᠯᠡᠰ ᠤᠨ ᠬᠥᠭᠵᠢᠯᠲᠡ ᠶᠢ | ᠬᠠᠯᠠᠮᠵᠢᠯᠠᠨ ᠳᠡᠮᠵᠢᠨ᠎ᠡ᠃ | ︵ᠳᠤᠯᠤᠭ᠎ᠠ︶ ᠠᠷᠢᠭᠤᠨ ᠴᠢᠬᠡᠴᠢ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ | ᠬᠠᠷᠢᠭᠤᠴᠠᠯᠭ᠎ᠠ ᠡᠬᠦᠷᠭᠡᠯᠡᠨ ᠴᠢᠷᠮᠠᠶᠢᠵᠤ ᠠᠵᠢᠯᠯᠠᠳᠠᠭ ᠵᠠᠰᠠᠭ ᠤᠨ ᠣᠷᠳᠣᠨ ᠢ ᠪᠠᠶᠢᠭᠤᠯᠬᠤ ᠭᠡᠷᠡᠭᠳᠡᠢ᠃ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠨ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ | ᠠᠬᠢᠭᠤᠯᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠦᠵᠡᠯ ᠰᠠᠨᠠᠭᠠᠨ ᠤ ᠠᠤᠭ᠎ᠠ ᠬᠦᠴᠦᠨ ᠢ ᠦᠨᠡᠨ ᠬᠦ ᠡᠭᠦᠷᠭᠡ | ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠭᠡᠬᠦ᠂ ᠠᠵᠢᠯ ᠬᠢᠵᠦ ᠦᠢᠯᠡᠰ ᠪᠦᠳᠦᠬᠡᠬᠦ ᠬᠦᠴᠦᠷᠬᠡᠭ ᠶᠡᠭᠡ | ᠬᠥᠳᠡᠯᠭᠡᠬᠦ ᠬᠦᠴᠦᠨ ᠪᠤᠯᠭᠠᠵᠤ ᠬᠤᠪᠢᠷᠠᠭᠤᠯᠤᠨ᠂ ᠦᠨᠡᠨᠴᠢ ᠰᠢᠳᠤᠷᠭᠤ ᠪᠠᠷ ᠰᠢᠨ᠎ᠡ ᠴᠠᠭ ᠦᠶ᠎ᠡ ᠶᠢᠨ | ᠬᠥᠭᠵᠢᠯᠲᠡ ᠶᠢᠨ ᠬᠦᠨᠳᠦ ᠡᠭᠦᠷᠭᠡ ᠶᠢ ᠡᠬᠦᠷᠭᠡᠯᠡᠵᠦ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠨ᠂ ︽ | ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ | ᠲᠤᠬᠠᠶ ᠴᠢᠬᠤᠯᠠ ᠨᠠᠶᠢᠳᠠᠯᠭ᠎ᠠ ᠪᠠ ᠵᠢᠯᠣᠭᠤᠳᠣᠯᠭ᠎ᠠ ᠶᠢ ᠢᠮᠠᠭᠲᠠ ᠪᠠᠲᠤ ᠴᠡᠭᠡᠵᠢᠯᠡᠨ᠂ ︽ᠬᠤᠶᠠᠷ ᠶᠡᠭᠡ ᠶᠠᠪᠤᠳᠠᠯ︾ | ᠢ ᠰᠠᠶᠢᠨ ᠬᠢᠬᠦ ᠶᠢᠨ ᠲᠣᠭᠤᠷᠢᠨ ᠳᠤ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠳᠤ | ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠠᠵᠢᠯᠯᠠᠭ᠎ᠠ︾ ᠶᠢ ᠨᠠᠷᠢᠨ ᠬᠢᠨᠠᠮᠠᠭᠠᠢ ᠦᠷᠨᠢᠬᠦᠯᠦᠨ᠂ | ᠨᠠᠶᠢᠳᠠᠪᠤᠷᠢᠵᠢᠭᠤᠯᠤᠯᠲᠠ ᠶᠢ ᠲᠡᠷᠡ ᠶᠣᠰᠣᠭᠠᠷ ᠨᠢ ᠰᠠᠶᠢᠲᠤᠷ ᠠᠳᠬᠤᠵᠤ᠂ ᠠᠵᠢᠯ ᠶᠠᠪᠤᠳᠠᠯ ᠪᠣᠯᠭᠠᠨ ᠢ ᠠᠮᠵᠢᠯᠳᠠ | ᠪᠦᠲᠦᠮᠵᠢ ᠲᠠᠢ ᠨᠠᠶᠢᠳᠠᠪᠤᠷᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ | ᠪᠠᠶᠢᠴᠠᠭᠠᠬᠤ ᠲᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ︽ᠡᠷᠬᠢᠨ | ᠬᠠᠷᠠᠬᠤ︾ ᠠᠵᠢᠯ ᠢ ᠪᠥᠬᠦ ᠲᠠᠯ᠎ᠠ ᠪᠠᠷ ᠭᠦᠨᠵᠡᠭᠡᠶ ᠰᠠᠶᠢᠨ ᠠᠳᠬᠤᠵᠤ᠂ ᠪᠣᠳᠠᠲᠠᠶ ᠠᠷᠭ᠎ᠠ ᠴᠢᠩᠭ᠎ᠠ ᠪᠠᠷᠢᠮᠵᠢᠶ᠎ᠠ ᠪᠠᠷ | ᠴᠡᠭᠴᠡᠯᠡᠨ ᠰᠠᠶᠢᠵᠢᠷᠠᠭᠤᠯᠬᠤ ᠠᠵᠢᠯ ᠢ ᠦᠷ᠎ᠡ ᠪᠦᠲᠦᠮᠵᠢ ᠲᠠᠢ ᠠᠬᠢᠭᠤᠯᠤᠨ᠎ᠠ᠃ ᠬᠠᠤᠯᠢ ᠪᠠᠷ ᠵᠠᠰᠠᠭᠰᠠᠨ | ᠵᠠᠰᠠᠭ ᠤᠨ ᠣᠷᠳᠣᠨ ᠢ ᠪᠠᠶᠢᠭᠤᠯᠬᠤ ᠭᠡᠷᠡᠭᠳᠡᠢ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ | ᠭᠦᠨᠵᠡᠭᠡᠶ ᠰᠤᠷᠤᠯᠴᠠᠨ ᠪᠠᠲᠤᠲᠠᠶ ᠬᠡᠷᠡᠭᠵᠢᠭᠦᠯᠵᠦ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠳᠦ ᠪᠣᠳᠣᠯᠭ᠎ᠠ | ᠲᠣᠭᠲᠠᠭᠠᠬᠤ ᠠᠯᠬᠤᠮ ᠶᠠᠪᠤᠴᠠ ᠶᠢ ᠴᠢᠩᠭ᠎ᠠ ᠨᠠᠶᠢᠳᠠᠪᠤᠷᠢᠵᠢᠭᠤᠯᠤᠨ᠂ ᠵᠠᠰᠠᠭ ᠤᠨ ᠣᠷᠳᠣᠨ ᠤ ᠬᠠᠤᠯᠢ ᠶᠢᠨ | ᠵᠥᠪᠯᠡᠭᠴᠢ ᠶᠢ ᠰᠠᠶᠢᠲᠤᠷ ᠬᠡᠷᠡᠭᠯᠡᠵᠦ᠂ ᠵᠠᠰᠠᠭ ᠵᠠᠬᠢᠷᠭᠠᠨ ᠤ ᠲᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ | ᠬᠠᠤᠯᠢ ᠶᠣᠰᠣᠴᠢ ᠴᠢᠨᠠᠷ ᠤᠨ ᠬᠢᠨᠠᠯᠳᠠ ᠪᠠᠶᠢᠴᠠᠭᠠᠯᠲᠠ ᠶᠢ ᠴᠢᠩᠭᠠᠳᠬᠠᠨ᠂ ᠵᠠᠰᠠᠭ ᠤᠨ ᠣᠷᠳᠣᠨ ᠤ ᠠᠵᠢᠯ ᠤᠨ | ᠬᠠᠤᠯᠢᠵᠢᠯ ᠲᠦᠷᠢᠮᠵᠢᠯ ᠪᠠ ᠰᠢᠨᠵᠢᠯᠡᠬᠦ ᠤᠬᠠᠭᠠᠨᠴᠢᠯᠠᠯᠲᠠ ᠶᠢᠨ ᠲᠦᠪᠰᠢᠨ ᠢ ᠪᠥᠬᠦ ᠲᠠᠯ᠎ᠠ ᠪᠠᠷ ᠲᠡᠭᠡᠭᠰᠢᠯᠡᠬᠦᠯᠦᠨ᠎ᠡ᠃ | ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ | ᠭᠦᠨᠵᠡᠭᠡᠶ ᠠᠬᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠤᠰᠤᠨ ᠤ ᠬᠢᠨᠠᠯᠲᠠ᠂ | ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ᠂ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨᠠᠯᠲᠠ᠂ | ᠨᠡᠶᠢᠭᠡᠮ ᠨᠡᠶᠢᠳᠡ ᠶᠢᠨ ᠬᠢᠨᠠᠯᠲᠠ᠂ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠢᠨᠠᠨ | ᠪᠤᠳᠤᠬᠤ ᠬᠢᠨᠠᠯᠲᠠ ᠶᠢ ᠴᠢᠩᠭᠠᠳᠬᠠᠨ᠂ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠪᠠ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠴᠢᠨᠠᠷ ᠰᠠᠶᠢᠲᠠᠶ ᠬᠦᠢᠴᠡᠳᠭᠡᠨ᠎ᠡ᠃ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ︽ᠭᠤᠷᠪᠠᠨ ᠳᠦᠷᠢᠮ︾ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠨᠠᠢᠮᠠᠳᠤᠭᠠᠷ ᠲᠠᠪᠤᠨ | ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠤᠨ ᠡᠴᠦᠰ ᠤᠨ ᠰᠢᠯᠭᠠᠯᠳᠠ᠂ ᠠᠷᠠᠳᠴᠢᠯᠠᠯ ᠬᠠᠤᠯᠢᠵᠢᠯ ᠤᠨ ᠵᠢᠱᠢᠶ᠎ᠡ | ᠦᠵᠡᠭᠦᠯᠬᠦ ᠭᠠᠴᠠᠭ᠎ᠠ ᠲᠣᠰᠬᠤᠨ ᠤ ᠪᠠᠶᠢᠭᠤᠯᠤᠯᠳᠠ ᠶᠢᠨ ᠠᠵᠢᠯ ᠢ ᠰᠠᠶᠢᠨ ᠬᠢᠨ᠎ᠡ᠃ ᠥᠨᠳᠥᠷ ᠪᠦᠳᠦᠮᠵᠢ ᠲᠠᠢ | ᠵᠠᠰᠠᠭ ᠤᠨ ᠣᠷᠳᠣᠨ ᠢ ᠪᠠᠶᠢᠭᠤᠯᠬᠤ ᠭᠡᠷᠡᠭᠳᠡᠢ᠃ᠴᠢᠳᠠᠪᠤᠷᠢᠳᠠᠨ ᠢ ᠭᠡᠷᠡᠭᠯᠡᠬᠦ ᠲᠡᠭᠡᠷ᠎ᠡ ᠶᠡᠭᠡ ᠬᠦᠴᠦ ᠲᠠᠯᠪᠢᠵᠤ᠂ | ᠨᠡᠩ ᠶᠡᠭᠡ ᠡᠷᠴᠢᠮ ᠨᠡᠩ ᠪᠤᠳᠠᠳᠠᠢ ᠠᠷᠭ᠎ᠠ ᠪᠠᠷ ᠰᠢᠨ᠎ᠡ ᠴᠠᠭ ᠦᠶ᠎ᠡ ᠶᠢᠨ ᠴᠢᠳᠠᠪᠤᠷᠢᠳᠠᠨ ᠤ ᠠᠵᠢᠯ ᠢ ᠰᠠᠶᠢᠨ ᠬᠢᠨ᠎ᠡ | ᠃ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ᠂ ᠡᠴᠦᠰ ᠲᠤᠨᠢ ᠲᠤᠯᠲᠠᠯ᠎ᠠ ᠠᠳᠬᠤᠬᠤ ᠢᠯᠡ ᠲᠣᠳᠣ | ᠤᠳᠤᠷᠢᠳᠤᠮᠵᠢ ᠶᠢ ᠪᠠᠷᠢᠮᠳᠠᠯᠠᠨ᠂ ᠬᠡᠯᠪᠡᠷᠢᠴᠢ ᠦᠵᠡᠯ ᠢ ᠴᠡᠭᠴᠡᠯᠡᠵᠦ ᠦᠨᠳᠦᠰᠦᠨ ᠱᠠᠲᠤᠨ ᠤ ᠳᠠᠷᠤᠭᠠᠰᠤ ᠶᠢ | ᠬᠦᠩᠭᠡᠷᠡᠬᠦᠯᠦᠨ᠂ ᠲᠤᠭ ᠲᠡᠮᠳᠡᠭ ᠲᠣᠳᠣᠷᠬᠠᠢ ᠪᠠᠷ ᠠᠵᠢᠯ ᠬᠢᠭᠴᠢᠳ ᠲᠤ ᠲᠦᠰᠢᠭ ᠲᠤᠯᠭᠠᠭᠤᠷᠢ ᠨᠢ ᠪᠤᠯᠵᠤ᠂ | ᠠᠵᠢᠯ ᠬᠢᠭᠴᠢᠳ ᠤᠨ ᠲᠠᠷᠤᠭᠠᠰᠤ ᠶᠢ ᠪᠠᠭᠠᠰᠬᠠᠨ᠂ ᠠᠵᠢᠯ ᠬᠢᠭᠴᠢᠳ ᠤᠨ ᠡᠷᠴᠢ ᠵᠣᠷᠢᠭ ᠢ ᠬᠥᠪᠴᠢᠯᠡᠨ᠎ᠡ᠃ ︽ | ᠳᠥᠷᠪᠡ ᠶᠢ ᠦᠨᠳᠦᠰᠦᠨ ᠱᠠᠲᠤᠨ ᠳᠤ ᠬᠦᠷᠭᠡᠬᠦ︾ ᠰᠢᠯᠢᠳᠡᠭ ᠰᠤᠷᠲᠠᠯ ᠢ ᠶᠡᠬᠡᠪᠡᠷ ᠪᠠᠳᠠᠷᠠᠭᠤᠯᠵᠤ᠂ ︽ᠭᠤᠷᠪᠠᠨ | ᠠᠷᠪᠢᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠴᠡᠭᠴᠡᠯᠡᠨ ᠵᠠᠰᠠᠬᠤ ᠬᠤᠷᠢᠨ ᠵᠤᠷᠪᠤᠰ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ | ᠦᠷᠭᠦᠯᠵᠢᠯᠡᠨ ᠠᠬᠢᠭᠤᠯᠵᠤ᠂ ︽ᠮᠣᠩᠭᠤᠯ ᠮᠣᠷᠢᠨ ᠤ ᠵᠣᠷᠢᠭ ᠰᠠᠨᠠᠭ᠎ᠠ︾ ᠪᠠᠷ ᠨᠠᠶᠢᠳᠠᠪᠤᠷᠢᠵᠢᠭᠤᠯᠤᠯᠲᠠ ᠶᠢ ᠴᠢᠩᠭ᠎ᠠ | ᠠᠳᠬᠤᠨ᠂ ᠬᠡᠯᠡᠪᠡᠯ ᠬᠡᠯᠡᠭᠰᠡᠨ ᠢᠶᠠᠨ ᠪᠡᠶᠡᠯᠡᠬᠦᠯᠵᠦ ᠂ ᠬᠢᠪᠡᠯ ᠡᠴᠦᠰ ᠲᠤᠨᠢ ᠲᠤᠯᠳᠠᠯ᠎ᠠ ᠰᠠᠶᠢᠨ ᠬᠢᠨ᠎ᠡ ᠃ | ᠠᠷᠢᠭᠤᠨ ᠴᠢᠬᠡᠴᠢ ᠵᠠᠰᠠᠭ ᠤᠨ ᠣᠷᠳᠣᠨ ᠢ ᠪᠠᠶᠢᠭᠤᠯᠬᠤ ᠭᠡᠷᠡᠭᠳᠡᠢ᠃ ᠵᠠᠰᠠᠭ ᠤᠨ ᠣᠷᠳᠣᠨ ᠤ ᠰᠢᠰᠲ᠋ᠧᠮ ᠤᠨ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠ ︽ᠨᠢᠭᠡ ᠠᠵᠢᠯ ᠤᠨ ᠪᠠᠶᠢᠷᠢ ᠳᠤ | ᠬᠤᠣᠰ ᠬᠠᠷᠢᠭᠤᠴᠠᠯᠭ᠎ᠠ ᠡᠭᠦᠷᠭᠡᠯᠡᠬᠦ︾ ᠲᠦᠷᠢᠮ ᠢ ᠴᠢᠩᠭ᠎ᠠ ᠭᠡᠷᠡᠭᠵᠢᠬᠦᠯᠵᠦ᠂ ᠨᠠᠮ ᠤᠨ ᠰᠤᠷᠲᠠᠯ ᠴᠢᠬᠡᠴᠢ ᠵᠠᠰᠠᠭ | ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠤᠨ᠂ ᠲᠥᠪ ᠤᠨ ᠨᠠᠢᠮᠠᠨ ᠲᠣᠭᠲᠠᠭᠠᠯ ᠪᠠ ᠬᠡᠷᠡᠭᠵᠢᠭᠦᠯᠬᠦ ᠨᠠᠷᠢᠨ | ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠳᠥᠷᠪᠡᠨ ᠰᠤᠷᠲᠠᠯ︾ ᠢ ᠴᠥᠬᠦᠷᠡᠰᠢ ᠥᠬᠡᠶ | ᠵᠠᠯᠠᠷᠠᠭᠤᠯᠤᠨ ᠂ ︽ᠠᠷᠪᠢᠴᠢ ᠭᠠᠮᠳᠠᠢ ᠠᠮᠢᠳᠤᠷᠠᠬᠤ︾ ᠦᠵᠡᠯ ᠰᠠᠨᠠᠭ᠎ᠠ ᠶᠢ ᠲᠦᠷᠦᠭᠦᠯᠡᠨ ᠪᠣᠶ ᠪᠣᠯᠭᠠᠵᠤ᠂ ︽ | ᠭᠤᠷᠪᠠᠨ ᠠᠯᠪᠠᠨ ᠵᠠᠷᠤᠳᠠᠯ︾ ᠪᠠ ᠡᠩ ᠤᠨ ᠴᠢᠨᠠᠷᠲᠠᠶ ᠵᠠᠷᠤᠯᠭ᠎ᠠ ᠶᠢ ᠴᠢᠩᠭ᠎ᠠ ᠬᠢᠵᠠᠭᠠᠷᠯᠠᠨ᠂ ᠬᠢᠵᠠᠭᠠᠷ ᠲᠠᠢ | ᠡᠳ᠋ ᠤᠨ ᠬᠦᠴᠦᠨ ᠢᠶᠠᠨ ᠬᠥᠭᠵᠢᠯᠲᠡ ᠶᠢ ᠠᠬᠢᠭᠤᠯᠬᠤ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠲᠡᠭᠡᠷ᠎ᠡ | ᠨᠠᠩ ᠢᠯᠡᠭᠦᠤ ᠬᠡᠷᠡᠭᠯᠡᠨ᠎ᠡ᠃ ᠤᠪᠤᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠪᠠᠷᠢᠮᠲᠠᠯᠠᠵᠤ᠂ | ᠢᠯᠵᠠᠷᠠᠯ ᠢ ᠡᠷᠡᠰ ᠭᠤᠶᠢᠪᠢᠰᠢ ᠦᠭᠡᠢ ᠵᠠᠯᠬᠠᠭᠠᠨ ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ᠂ ᠤᠯᠠᠨ | ᠨᠡᠶᠢᠲᠡ ᠶᠢᠨ ᠡᠬᠢ ᠪᠠᠶᠠᠯᠢᠭ ᠤᠨ ᠰᠤᠯᠢᠯᠴᠠᠭ᠎ᠠ᠂ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯ ᠵᠡᠷᠭᠡ | ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠵᠠᠩᠭᠢᠯᠠᠭ᠎ᠠ ᠶᠢᠨ ᠭᠤᠭᠴᠤᠭᠠᠨ ᠤ ᠠᠶᠤᠯ ᠲᠦᠭᠰᠢᠭᠦᠷᠢ ᠶᠢ ᠬᠠᠮᠢᠶᠠᠷᠤᠨ | ᠡᠵᠡᠮᠳᠡᠬᠦ ᠪᠠᠨ ᠲᠠᠰᠤᠷᠠᠯᠲᠠ ᠦᠭᠡᠢ ᠴᠢᠩᠭᠠᠳᠬᠠᠵᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ | ᠲᠦᠷᠦ ᠶᠢᠨ ᠠᠮᠢ ᠠᠬᠤᠢ ᠶᠢ ᠪᠠᠬᠢᠵᠢᠭᠦᠯᠦᠨ᠎ᠡ᠃ | ᠲᠥᠯᠥᠭᠡᠯᠡᠭᠴᠢᠳ ᠡ︕ ᠰᠢᠨ᠎ᠡ ᠠᠶᠠᠨ ᠨᠢᠭᠡᠨᠲᠡ ᠡᠬᠢᠯᠡᠵᠦ᠂ ᠰᠢᠨ᠎ᠡ ᠬᠠᠷᠠᠯᠲᠠ ᠪᠢᠳᠡᠨ ᠢ ᠤᠷᠮᠠᠰᠢᠭᠤᠯᠤᠨ᠎ᠠ᠃ | ᠪᠢᠳᠡ ᠰᠢ ᠶᠢᠨ ᠫᠢᠩ ᠨᠥᠬᠦᠷ ᠢᠶᠠᠷ ᠭᠤᠤᠯᠯᠠᠭᠴᠢ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ | ᠢᠯᠡᠬᠦᠦ ᠨᠢᠭᠲᠠᠷᠠᠨ ᠪᠦᠯᠬᠦᠮᠳᠡᠵᠦ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠠ ᠬᠤᠰᠢᠭᠤ | ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠪᠠ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠢᠲᠡᠭᠡᠯ ᠵᠣᠷᠢᠭ ᠢᠶᠠᠨ ᠪᠠᠲᠤᠳᠬᠠᠨ | ᠂ ᠴᠤᠭ ᠰᠦᠯᠳᠡ ᠪᠠᠨ ᠪᠠᠳᠠᠷᠠᠭᠤᠯᠵᠤ᠂ ᠬᠠᠲᠠᠭᠤᠵᠢᠯᠲᠠᠢ ᠠᠵᠢᠯᠯᠠᠨ᠂ ᠪᠦᠯᠬᠦᠮᠳᠡᠨ ᠤᠷᠤᠭᠰᠢᠯᠠᠵᠤ᠂ ᠪᠠᠶᠠᠨ | ᠴᠢᠨᠡᠭᠡᠯᠢᠭ᠂ ᠪᠣᠯᠪᠠᠰᠤᠨ ᠰᠠᠶᠢᠬᠠᠨ᠂ ᠡᠶ᠎ᠡ ᠵᠣᠬᠢᠴᠠᠩᠭᠤᠢ᠂ ᠦᠵᠡᠰᠬᠦᠯᠡᠩᠲᠦ ᠭᠤᠶᠤ ᠲᠠᠶᠢᠹᠦᠰᠧ ᠬᠤᠰᠢᠭᠤ ᠶᠢ | ᠲᠦᠷᠭᠡᠭᠡᠨ ᠪᠠᠶᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠡᠭᠡᠶ᠎ᠡ︕ | ᠨᠡᠷ᠎ᠡ ᠦᠭᠡ ᠶᠢᠨ ᠲᠠᠶᠢᠯᠪᠤᠷᠢ᠄ | ᠬᠤᠶᠠᠷ ᠶᠡᠭᠡ ᠶᠠᠪᠤᠳᠠᠯ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ | ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠠᠴᠠ᠄ ᠶᠡᠷᠦᠩᠬᠡᠶ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ | ᠪᠥᠬᠦ ᠲᠠᠯ᠎ᠠ ᠪᠠᠷ ᠪᠠᠶᠢᠭᠤᠯᠬᠤ ᠬᠤᠶᠠᠷ ᠶᠡᠭᠡ ᠶᠠᠪᠤᠳᠠᠯ ᠢ ᠡᠷᠡᠰ ᠭᠤᠶᠢᠪᠢᠰᠢ ᠥᠬᠡᠶ᠂ ᠡᠴᠦᠰ ᠲᠤᠨᠢ ᠲᠤᠯᠲᠠᠯ᠎ᠠ | ᠰᠠᠶᠢᠲᠤᠷ ᠠᠳᠬᠤᠨ᠎ᠠ ᠬᠡᠵᠦ ᠲᠤᠷᠠᠳᠤᠨ ᠭᠠᠷᠭᠠᠵᠠᠢ᠃ ᠡᠭᠦᠨ ᠳᠤ ︽ᠲᠠᠪᠤᠨ ᠶᠡᠭᠡ ᠡᠭᠦᠷᠭᠡ︾ ᠪᠣᠯ ᠥᠪᠥᠷ | ᠮᠣᠩᠭᠤᠯ ᠤᠷᠤᠨ ᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ | ᠬᠠᠯᠬᠠᠪᠴᠢ ᠪᠤᠯᠭᠠᠨ ᠪᠠᠶᠢᠭᠤᠯᠬᠤ᠂ ᠡᠬᠡ ᠤᠯᠤᠰ ᠤᠨ ᠤᠮᠠᠷᠠᠲᠤ ᠶᠢᠨ ᠠᠮᠤᠷ ᠲᠣᠭᠲᠠᠭᠤᠨ ᠤ ᠬᠠᠯᠬᠠᠪᠴᠢ ᠪᠣᠯᠭᠠᠨ | ᠪᠠᠶᠢᠭᠤᠯᠬᠤ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ | ᠭᠠᠵᠠᠷ ᠢ ᠪᠠᠶᠢᠭᠤᠯᠬᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ | ᠰᠠᠭᠤᠷᠢᠨ ᠭᠠᠵᠠᠷ ᠢ ᠪᠠᠶᠢᠭᠤᠯᠬᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠶᠢᠨ ᠴᠢᠬᠤᠯᠠ ᠪᠠᠬᠢᠯᠡᠯᠲᠡ ᠶᠢ | ᠪᠠᠶᠢᠭᠤᠯᠬᠤ ᠶᠠᠪᠤᠳᠠᠯ ᠪᠤᠯᠤᠨ᠎ᠠ᠃ | ᠵᠢᠷᠭᠤᠭᠠᠨ ᠢᠨᠵᠧᠨᠧᠷᠢᠩ᠄ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ᠂ | ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠪᠠ ᠰᠠᠯᠬᠢᠨ ᠴᠠᠬᠢᠯᠭᠠᠨ ᠭᠡᠷᠡᠯ ᠴᠡᠨᠡᠭ ᠢ ᠨᠢᠭᠡ ᠴᠤᠭᠴᠠᠵᠢᠭᠤᠯᠬᠤ | ᠢᠨᠵᠧᠨᠧᠷᠢᠩ᠂ ᠲᠤᠯᠠᠭᠠᠯᠠᠭ᠎ᠠ ᠶᠢᠨ ᠢᠨᠵᠧᠨᠧᠷᠢᠩ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ | ᠂ ᠰᠢᠨᠵᠢᠯᠡᠭᠡ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ᠂ ᠴᠢᠯᠥᠭᠡᠲᠦ ᠠᠷᠠᠯᠵᠢᠶᠠᠨ ᠤ ᠣᠷᠣᠨ ᠢ | ᠡᠭᠦᠳᠦᠨ ᠪᠠᠶᠢᠭᠤᠯᠬᠤ ᠢᠨᠵᠧᠨᠧᠷᠢᠩ ᠃ | ᠤᠰᠤᠨ ᠤ ᠡᠬᠢ ᠪᠠᠶᠠᠯᠢᠭ ᠢᠶᠠᠷ ᠠᠵᠤ ᠦᠢᠯᠡᠰ ᠤᠨ ᠬᠦᠭᠵᠢᠯᠳᠡ ᠶᠢ ᠲᠣᠭᠲᠠᠭᠠᠬᠤ᠄ ᠲᠤᠬᠠᠶᠢᠯᠠᠪᠠᠯ ᠣᠷᠣᠨ | ᠪᠦᠰᠡ ᠶᠢᠨ ᠤᠰᠤᠨ ᠤ ᠡᠬᠢ ᠪᠠᠶᠠᠯᠢᠭ ᠤᠨ ᠨᠥᠬᠦᠴᠡᠯ ᠢ ᠦᠨᠳᠦᠰᠦᠯᠡᠨ ᠠᠵᠤ ᠦᠢᠯᠡᠰ ᠤᠨ ᠪᠠᠶᠢᠷᠢᠰᠢᠭᠤᠯᠤᠯᠳᠠ᠂ | ᠠᠵᠤ ᠦᠢᠯᠡᠰ ᠤᠨ ᠪᠦᠲᠦᠴᠡ ᠪᠠ ᠠᠵᠤ ᠦᠢᠯᠡᠰ ᠤᠨ ᠬᠡᠪᠴᠢᠶ᠎ᠡ ᠶᠢ ᠲᠣᠭᠲᠠᠭᠠᠵᠤ᠂ ᠤᠰᠤᠨ ᠤ ᠡᠬᠢ ᠪᠠᠶᠠᠯᠢᠭ ᠢ | ᠦᠷᠭᠦᠯᠵᠢᠯᠡᠨ ᠠᠰᠢᠭᠯᠠᠬᠤ ᠪᠠ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠦᠨ᠎ᠡ᠃ | ᠲᠤᠰᠬᠠᠢ ᠨᠠᠷᠢᠯᠢᠭ ᠤᠨᠴᠠ ᠰᠢᠨ᠎ᠡ᠄ ᠲᠤᠰᠬᠠᠶᠢᠵᠢᠭᠰᠠᠨ᠂ ᠨᠠᠷᠢᠯᠢᠬᠵᠢᠭᠰᠠᠨ᠂ ᠤᠨᠴᠠᠯᠢᠭᠵᠢᠭᠰᠠᠨ᠂ | ᠰᠢᠨᠡᠵᠢᠭᠰᠡᠨ ᠳᠤᠮᠳᠠ ᠪᠠᠭ᠎ᠠ ᠠᠵᠤ ᠠᠬᠤᠶᠢᠯᠠᠯ᠃ | ᠳᠥᠷᠪᠡ ᠶᠢ ᠦᠯᠦ ᠲᠠᠶᠠᠭᠳᠠᠬᠤ᠄ ᠶᠠᠳᠠᠭᠤ ᠠᠴᠠ ᠠᠩᠭᠢᠵᠢᠷᠠᠭᠰᠠᠨ ᠴᠤ ᠬᠠᠷᠢᠭᠤᠴᠠᠯᠭ᠎ᠠ ᠶᠢ ᠦᠯᠦ | ᠲᠠᠶᠠᠭᠳᠠᠬᠤ᠂ ᠲᠥᠷᠥ ᠶᠢᠨ ᠪᠣᠳᠣᠯᠭ᠎ᠠ ᠶᠢ ᠦᠯᠦ ᠲᠠᠶᠠᠭᠳᠠᠬᠤ᠂ ᠬᠠᠪᠰᠤᠷᠤᠨ ᠲᠡᠳᠬᠦᠬᠦ ᠪᠠᠨ ᠦᠯᠦ ᠲᠠᠶᠠᠭᠳᠠᠬᠤ | ᠂ ᠬᠢᠨᠠᠯᠲᠠ ᠬᠠᠮᠢᠶᠠᠷᠤᠯᠲᠠ ᠪᠠᠨ ᠦᠯᠦ ᠲᠠᠶᠠᠭᠳᠠᠬᠤ᠃ | ᠨᠡᠭᠦᠷᠡᠰᠦ ᠶᠢ ᠴᠠᠬᠢᠯᠭᠠᠨ ᠪᠤᠯᠭᠠᠬᠤ᠄ ᠤᠯᠠᠮᠵᠢᠯᠠᠯᠲᠤ ᠨᠡᠬᠦᠷᠡᠰᠦᠨ ᠤ ᠳᠤᠯᠠᠭᠠᠯᠠᠭ᠎ᠠ ᠠᠴᠠ ᠴᠠᠬᠢᠯᠭᠠᠨ ᠡᠨᠧᠷᠭᠢ | ᠶᠢᠨ ᠲᠤᠯᠠᠭᠠᠯᠠᠭ᠎ᠠ ᠪᠤᠯᠭᠠᠨ ᠦᠬᠡᠷᠡᠴᠢᠯᠡᠬᠦ᠃ | ᠰᠤᠷᠭᠠᠨ ᠬᠥᠮᠦᠵᠢᠯ ᠤᠨ ᠬᠤᠶᠠᠷ ᠢ ᠬᠦᠩᠬᠡᠷᠡᠬᠦᠯᠬᠦ᠄ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠱᠠᠲᠤᠨ ᠤ ᠰᠤᠷᠤᠭᠴᠢᠳ ᠤᠨ ᠳᠠᠰᠬᠠᠯ ᠳᠠᠭᠠᠭᠠᠯᠭᠠᠪᠤᠷᠢ ᠶᠢᠨ ᠭᠡᠳᠦ ᠬᠦᠨᠳᠦ ᠳᠠᠷᠤᠭᠠᠰᠤ ᠪᠠ ᠰᠤᠷᠭᠠᠭᠤᠯᠢ ᠶᠢᠨ | ᠭᠠᠳᠠᠨᠠᠬᠢ ᠪᠣᠯᠪᠠᠰᠤᠷᠠᠯ ᠤᠨ ᠳᠠᠷᠤᠭᠠᠰᠤ ᠶᠢ ᠪᠦᠲᠦᠮᠵᠢᠲᠡᠶ ᠬᠥᠩᠭᠡᠷᠡᠭᠦᠯᠦᠨ᠎ᠡ᠃ | ᠡᠮᠨᠡᠯᠭᠡ ᠶᠢᠨ ᠬᠤᠯᠪᠤᠭᠠᠳᠤ ᠴᠣᠭᠴᠠ᠄ ᠬᠤᠰᠢᠭᠤ ᠱᠠᠳᠤᠨ ᠤ ᠡᠮᠨᠡᠯᠭᠡ ᠶᠢᠨ ᠬᠤᠷᠢᠶ᠎ᠠ ᠪᠠᠷ ᠳᠠᠭᠠᠭᠤᠯᠤᠭᠴᠢ | ᠪᠣᠯᠭᠠᠵᠤ᠂ ᠬᠤᠰᠢᠭᠤ ᠰᠤᠮᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠨᠡᠶᠢᠳᠭᠡᠨ᠂ ᠨᠢᠭᠡ | ᠡᠮᠴᠢᠯᠡᠭᠡᠨ ᠤ ᠰᠢᠰᠲ᠋ᠧᠮᠵᠢ ᠶᠢ ᠪᠦᠷᠢᠯᠳᠦᠬᠦᠯᠵᠦ᠂ ᠡᠬᠢ ᠪᠠᠶᠠᠯᠢᠭ ᠤᠨ ᠳᠠᠪᠠᠭᠤᠯᠢᠭ ᠪᠠ ᠮᠡᠷᠭᠡᠵᠢᠯ ᠤᠨ | ᠳᠠᠪᠠᠭᠤᠯᠢᠭ ᠢ ᠬᠠᠮᠤᠭ ᠤᠨ ᠶᠡᠭᠡ ᠪᠠᠷ ᠪᠠᠳᠠᠷᠠᠭᠤᠯᠤᠨ᠎ᠠ᠃ | ᠰᠢᠨ᠎ᠡ ᠴᠠᠭ ᠦᠶ᠎ᠡ ᠶᠢᠨ ᠹᠧᠩᠴᠢᠶᠤᠤ ᠶᠢᠨ ᠲᠤᠷᠰᠢᠯᠭ᠎ᠠ᠄ ᠨᠡᠶᠢᠭᠡᠮ ᠤᠨ ᠵᠠᠰᠠᠯᠲᠠ ᠶᠢ ᠥᠷᠨᠢᠭᠦᠯᠬᠦ | ᠶᠠᠪᠤᠴᠠ ᠳᠤ ︽ᠲᠠᠪᠤ ᠶᠢ ᠪᠠᠷᠢᠮᠳᠠᠯᠠᠨ᠎ᠠ︾᠂ ᠲᠤᠬᠠᠶᠢᠯᠠᠪᠠᠯ ᠨᠠᠮ ᠤᠨ ᠪᠠᠶᠢᠭᠤᠯᠤᠯᠲᠠ ᠪᠠᠷ ᠬᠥᠲᠥᠯᠥᠨ | ᠳᠠᠭᠠᠭᠤᠯᠬᠤ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠴᠣᠭᠴᠠ ᠪᠣᠯᠭᠠᠬᠤ ᠶᠢ ᠪᠠᠷᠢᠮᠲᠠᠯᠠᠵᠤ᠂ ᠥᠪᠡᠷᠲᠡᠭᠡᠨ | ᠵᠠᠰᠠᠬᠤ᠂ ᠬᠠᠤᠯᠢ ᠪᠠᠷ ᠵᠠᠰᠠᠬᠤ᠂ ᠶᠣᠰᠣ ᠰᠤᠷᠲᠠᠬᠤᠨ ᠢᠶᠠᠷ ᠵᠠᠰᠠᠬᠤ ︽ᠭᠤᠷᠪᠠᠨ ᠵᠠᠰᠠᠯᠲᠠ ᠶᠢᠨ ᠠᠭᠤᠰᠤᠯᠴᠠᠯ︾ ᠢ | ᠪᠠᠷᠢᠮᠲᠠᠯᠠᠵᠤ᠂ ᠬᠥᠮᠥᠨ ᠤ ᠰᠡᠷᠭᠡᠶᠢᠯᠡᠯᠳᠡ᠂ ᠪᠣᠳᠠᠰ ᠤᠨ ᠰᠡᠷᠭᠡᠶᠢᠯᠡᠯᠳᠡ᠂ ᠮᠡᠷᠭᠡᠵᠢᠯ ᠤᠨ ᠰᠡᠷᠭᠡᠶᠢᠯᠡᠯᠳᠡ᠂ | ᠰᠡᠳᠬᠢᠯ ᠤᠨ ᠰᠡᠷᠭᠡᠶᠢᠯᠡᠯᠳᠡ ︽ᠲᠦᠷᠪᠡᠨ ᠰᠡᠷᠭᠡᠶᠢᠯᠡᠯᠳᠡ ᠶᠢ ᠵᠡᠷᠭᠡᠪᠡᠷ ᠠᠳᠬᠤᠬᠤ︾ ᠶᠢ ᠪᠠᠷᠢᠮᠲᠠᠯᠠᠵᠤ᠂ | ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠪᠠᠷᠢᠮᠲᠠᠯᠠᠨ᠎ᠠ᠃ | ︽8.5︾ ᠬᠠᠤᠯᠢ ᠲᠦᠬᠡᠮᠡᠯᠵᠢᠬᠦᠯᠦᠯᠳᠡ᠄ ᠨᠠᠮ ᠤᠨ ᠲᠥᠪ ᠬᠤᠷᠢᠶᠠᠨ ᠤ ᠤᠬᠠᠭᠤᠯᠬᠤ ᠬᠡᠯᠲᠡᠰ᠂ ᠲᠦᠷᠦ | ᠶᠢᠨ ᠬᠠᠤᠯᠢ ᠴᠠᠭᠠᠵᠠ ᠶᠢᠨ ᠶᠠᠮᠤᠨ ᠤ ᠲᠤᠭᠳᠠᠭᠠᠭᠰᠠᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠥᠷᠨᠢᠭᠦᠯᠬᠦ | ︽ᠨᠠᠢᠮᠠᠳᠤᠭᠠᠷ ᠲᠠᠪᠤᠨ ᠵᠢᠯ︾ ᠤᠨ ᠲᠥᠯᠦᠪᠵᠢᠭᠦᠯᠭᠡ ︵2021 ︱ 2025 ᠣᠨ︶᠃ | ᠳᠥᠷᠪᠡᠨ ᠬᠠᠮᠤᠭ ᠤᠨ ᠴᠢᠩᠭ᠎ᠠ᠄ ᠢᠳᠡᠭᠡᠨ ᠤᠮᠳᠠᠭᠠᠨ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠳᠤ ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠴᠢᠩᠭ᠎ᠠ ᠬᠠᠮᠢᠶᠠᠷᠤᠯᠲᠠ᠂ ᠬᠠᠮᠤᠭ ᠤᠨ ᠴᠢᠩᠭ᠎ᠠ | ᠵᠠᠯᠬᠠᠭᠠᠯ᠂ ᠬᠠᠮᠤᠭ ᠤᠨ ᠴᠢᠩᠭ᠎ᠠ ᠬᠠᠷᠢᠭᠤᠴᠠᠯᠭ᠎ᠠ ᠶᠢ ᠭᠡᠷᠡᠭᠵᠢᠬᠦᠯᠵᠦ᠂ ᠠᠷᠠᠳ ᠤᠯᠠᠨ ᠤ ︽ᠬᠡᠯᠡᠨ ᠤ | ᠦᠵᠦᠬᠦᠷ ᠤᠨ ᠠᠮᠤᠷ ᠲᠦᠪᠰᠢᠨ︾ ᠢ ᠬᠠᠮᠠᠭᠠᠯᠠᠨ᠎ᠠ᠃ | ᠢᠳᠡᠭᠡᠨ ᠤᠮᠳᠠᠭᠠᠨ ᠤ ᠠᠮᠤᠷ ᠲᠦᠪᠰᠢᠨ ᠤ ᠬᠤᠶᠠᠷ ᠬᠠᠷᠢᠭᠤᠴᠠᠯᠭ᠎ᠠ᠄ ᠬᠠᠷᠢᠶ᠎ᠠ ᠣᠷᠣᠨ ᠤ | ᠬᠠᠮᠢᠶᠠᠷᠤᠯᠲᠠ ᠶᠢᠨ ᠬᠠᠷᠢᠭᠤᠴᠠᠯᠭ᠎ᠠ ᠪᠣᠯᠤᠨ ᠠᠵᠤ ᠠᠬᠤᠶᠢᠯᠠᠯ ᠤ᠊ ᠭᠤᠤᠯ ᠴᠣᠭᠴᠠ ᠶᠢᠨ ᠬᠠᠷᠢᠭᠤᠴᠠᠯᠭ᠎ᠠ᠃ | ᠬᠤᠶᠠᠷ ᠢ ᠲᠤᠭᠳᠠᠭᠠᠬᠤ᠄ ᠰᠢ ᠶᠢᠨ ᠫᠢᠩ ᠨᠥᠬᠦᠷ ᠤᠨ ᠨᠠᠮ ᠤᠨ ᠲᠥᠪ ᠬᠤᠷᠢᠶᠠᠨ ᠤ ᠭᠤᠣᠯᠯᠠᠭᠴᠢ᠂ ᠪᠦᠬᠦ | ᠨᠠᠮ ᠤᠨ ᠭᠤᠣᠯᠯᠠᠭᠴᠢ ᠶᠢᠨ ᠪᠠᠶᠢᠷᠢ ᠰᠠᠭᠤᠷᠢ ᠶᠢ ᠲᠣᠭᠲᠠᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠣᠭᠤᠳᠬᠤ ᠪᠠᠶᠢᠷᠢ | ᠰᠠᠭᠤᠷᠢ ᠶᠢ ᠲᠤᠭᠳᠠᠭᠠᠨ᠎ᠠ᠃ | ᠬᠤᠶᠠᠷ ᠢ ᠬᠠᠮᠠᠭᠠᠯᠠᠬᠤ᠄ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠭᠤᠤᠯᠯᠠᠭᠴᠢ | ᠂ ᠪᠥᠬᠦ ᠨᠠᠮ ᠤᠨ ᠭᠤᠤᠯᠯᠠᠭᠴᠢ ᠶᠢᠨ ᠪᠠᠶᠢᠷᠢ ᠰᠠᠭᠤᠷᠢ ᠶᠢ ᠬᠠᠮᠠᠭᠠᠯᠠᠵᠤ᠂ ᠨᠠᠮ ᠤᠨ ᠲᠥᠪ ᠬᠤᠷᠢᠶᠠᠨ ᠤ ᠡᠷᠬᠡ ᠰᠦᠷ | ᠪᠠ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠡᠷᠡᠰ ᠬᠠᠮᠠᠭᠠᠯᠠᠨ᠎ᠠ᠃ | ᠭᠤᠷᠪᠠᠨ ᠲᠥᠯᠥᠪᠯᠡᠭᠡ᠄ ᠡᠯ᠎ᠡ ᠦᠨᠳᠦᠰᠦᠲᠡᠨ ᠤ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ | ᠲᠥᠯᠥᠪᠯᠡᠭᠡ᠂ ᠡᠯ᠎ᠡ ᠦᠨᠳᠦᠰᠦᠲᠡᠨ ᠤ ᠣᠯᠠᠨ ᠲᠦᠮᠡᠨ ᠤ ᠬᠠᠷᠢᠯᠴᠠᠨ ᠰᠢᠭᠢᠳᠬᠡᠬᠦ ᠮᠠᠶ᠋ᠢᠭ ᠤᠨ ᠬᠥᠭᠵᠢᠯᠲᠡ ᠶᠢᠨ | ᠲᠥᠯᠥᠪᠯᠡᠭᠡ᠂ ᠵᠢᠭᠤᠯᠴᠢᠯᠠᠯ ᠤᠨ ᠦᠢᠯᠡᠰ ᠢᠶᠠᠷ ᠢᠶᠠᠷ ᠡᠯ᠎ᠡ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠢ ᠠᠬᠢᠭᠤᠯᠬᠤ ᠲᠥᠯᠥᠪᠯᠡᠭᠡ ᠃ | ᠲᠦᠷᠪᠡᠨ ᠰᠤᠷᠲᠠᠯ᠄ ᠬᠡᠯᠪᠡᠷᠢᠴᠢ ᠦᠵᠡᠯ ᠂ ᠨᠣᠶᠠᠨᠴᠢ ᠰᠤᠷᠲᠠᠯ᠂ ᠵᠢᠷᠭᠠᠨ ᠴᠡᠩᠭᠡᠬᠦ ᠰᠤᠷᠳᠠᠯ ᠪᠠ ᠱᠠᠯᠢᠨ | ᠪᠦᠷᠢᠯᠭᠡᠬᠦ ᠰᠤᠷᠲᠠᠯ ᠵᠡᠷᠭᠡ ᠲᠦᠷᠪᠡᠨ ᠵᠦᠢᠯ ᠤᠨ ᠲᠥᠪ ᠪᠤᠰᠤ ᠰᠤᠷᠲᠠᠯ᠃ | ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ᠄ ᠬᠤᠷᠠᠯ ᠤᠯᠠᠨ᠂ ᠠᠵᠢᠯᠯᠠᠭ᠎ᠠ ᠤᠯᠠᠨ᠂ ᠭᠠᠳᠠᠭᠰᠢ | ᠭᠠᠷᠬᠤ ᠨᠢ ᠤᠯᠠᠨ᠂ ᠪᠠᠶᠢᠴᠠᠭᠠᠨ ᠰᠤᠳᠤᠯᠤᠯᠲᠠ ᠴᠥᠭᠡᠨ᠂ ᠠᠵᠢᠯ ᠤᠨ ᠰᠡᠳᠬᠢᠴᠡ ᠴᠥᠭᠡᠨ᠂ ᠪᠣᠳᠠᠲᠠᠢ | ᠠᠰᠠᠭᠤᠳᠠᠯ ᠢ ᠰᠢᠢᠳᠪᠦᠷᠢᠯᠡᠬᠦ ᠨᠢ ᠴᠥᠭᠡᠨ᠂ ᠰᠢᠢᠳᠪᠦᠷᠢᠲᠦ ᠪᠤᠳᠤᠯᠭ᠎ᠠ ᠲᠣᠭᠲᠠᠭᠠᠬᠤ ᠨᠢ ᠤᠳᠠᠭᠠᠨ᠂ ᠬᠢᠵᠦ | ᠬᠦᠳᠡᠯᠬᠦ ᠨᠢ ᠤᠳᠠᠭᠠᠨ᠂ ᠦᠷ᠎ᠡ ᠳ᠋ᠦᠩ ᠨᠢ ᠤᠳᠠᠭᠠᠨ᠃ | ᠭᠤᠷᠪᠠᠨ ᠴᠢᠬᠤᠯᠠ ᠨᠢᠭᠡ ᠶᠡᠭᠡ᠄ ᠴᠢᠬᠤᠯᠠ ᠶᠡᠭᠡ ᠤᠴᠢᠷ ᠶᠠᠪᠤᠳᠠᠯ ᠢ ᠲᠣᠭᠲᠠᠭᠠᠬᠤ᠂ ᠴᠢᠬᠤᠯᠠ ᠺᠠᠳ᠋ᠷ ᠢ | ᠲᠣᠮᠢᠯᠠᠵᠤ ᠪᠠᠭᠤᠯᠭᠠᠬᠤ᠂ ᠴᠢᠬᠤᠯᠠ ᠶᠡᠭᠡ ᠲᠦᠷᠦᠯ ᠵᠦᠢᠯ ᠤᠨ ᠪᠡᠯᠡ ᠣᠷᠣᠭᠤᠯᠤᠯᠲᠠ ᠶᠢ ᠲᠤᠭᠳᠠᠭᠠᠬᠤ ᠵᠢᠴᠢ | ᠶᠡᠭᠡ ᠬᠡᠮᠵᠢᠶᠡᠨ ᠤ ᠪᠡᠯᠡ ᠮᠥᠩᠭᠦ ᠶᠢ ᠭᠡᠷᠡᠭᠯᠡᠬᠦ᠃ | ᠵᠢᠷᠭᠤᠭᠠᠨ ᠠᠵᠢᠯᠯᠠᠭ᠎ᠠ᠄ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ᠂ ᠠᠵᠤ | ᠠᠬᠤᠶᠢᠯᠠᠯ ᠢ ᠳᠡᠮᠵᠢᠬᠦ ᠠᠵᠢᠯᠯᠠᠭ᠎ᠠ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ᠂ ᠤᠰᠤ ᠠᠷᠪᠢᠯᠠᠬᠤ | ᠠᠵᠢᠯᠯᠠᠭ᠎ᠠ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ᠂ ᠤᠮᠠᠷᠠᠲᠤ ᠬᠢᠯᠢ ᠶᠢᠨ | ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠃ | ᠲᠥᠷᠥᠯ ᠵᠦᠢᠯ ᠤᠨ ᠬᠠᠮᠢᠶᠠᠷᠤᠭᠴᠢ᠄ ᠴᠢᠬᠤᠯᠠ ᠶᠡᠭᠡ ᠲᠥᠷᠥᠯ ᠵᠦᠢᠯ ᠪᠦᠷᠢ ᠳᠤ ᠨᠢᠭᠡ ᠬᠠᠮᠢᠶᠠᠷᠤᠭᠴᠢ | ᠦᠢᠯᠡᠴᠢᠯᠡᠭᠡᠨ ᠤ ᠪᠦᠯᠬᠦᠮ ᠢ ᠢᠵᠢ ᠪᠦᠷᠢᠳᠦᠭᠦᠯᠦᠨ᠎ᠡ᠂ ᠡᠬᠦᠨ ᠳᠤ ᠨᠢᠬᠡ ︽ᠬᠠᠮᠢᠶᠠᠷᠤᠭᠴᠢ︾ ᠨᠢᠬᠡ ︽ | ᠦᠢᠯᠡᠴᠢᠯᠡᠭᠴᠢ︾ ᠨᠢᠬᠡ ︽ᠤᠷᠤᠯᠠᠨ ᠬᠦᠢᠴᠡᠳᠭᠡᠭᠴᠢ︾ ᠪᠠᠭᠳᠠᠨ᠎ᠠ᠃ | ᠪᠠᠭᠤᠯᠭᠠᠬᠤ ᠬᠠᠮᠢᠶᠠᠷᠬᠤ ᠦᠢᠯᠡᠴᠢᠯᠡᠬᠦ᠄ ︽ᠪᠠᠭᠤᠯᠭᠠᠬᠤ︾ ᠭᠡᠳᠡᠭ ᠨᠢ ᠵᠠᠰᠠᠭ ᠢ ᠴᠣᠮᠬᠠᠳᠬᠠᠨ ᠡᠷᠬᠡ ᠶᠢ | ᠳᠣᠷᠣᠭᠰᠢ ᠪᠠᠭᠤᠯᠭᠠᠵᠤ᠂ ᠣᠷᠣᠬᠤ ᠵᠥᠪᠰᠢᠶᠡᠷᠡᠯ ᠤᠨ ᠪᠠᠷᠢᠮᠵᠢᠶ᠎ᠠ ᠶᠢ ᠳᠣᠷᠣᠭᠰᠢᠯᠠᠭᠤᠯᠬᠤ ᠶᠢ ᠬᠡᠯᠡᠨ᠎ᠡ᠃ ︽ | ᠬᠠᠮᠢᠶᠠᠷᠬᠤ︾ ᠭᠡᠳᠡᠭ ᠨᠢ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠭᠤᠣᠯᠴᠢ | ᠥᠷᠢᠰᠦᠯᠳᠦᠭᠡᠨ ᠢ ᠠᠬᠢᠭᠤᠯᠬᠤ ᠶᠠᠪᠤᠳᠠᠯ ᠪᠣᠯᠣᠨ᠎ᠠ᠃ ︽ᠦᠢᠯᠡᠴᠢᠯᠡᠬᠦ︾ ᠭᠡᠳᠡᠭ ᠨᠢ ᠥᠨᠳᠥᠷ ᠪᠦᠲᠦᠮᠵᠢᠲᠡᠶ | ᠦᠢᠯᠡᠴᠢᠯᠡᠭᠡ ᠬᠠᠩᠭᠠᠵᠤ᠂ ᠳᠥᠭᠦᠮ ᠳᠥᠲᠡ ᠣᠷᠴᠢᠨ ᠨᠦᠬᠦᠴᠡᠯ ᠢ ᠪᠣᠶ ᠪᠣᠯᠭᠠᠬᠤ ᠶᠢ ᠬᠡᠯᠡᠨ᠎ᠡ᠃ | ᠨᠢᠭᠡ ᠰᠦᠯᠵᠢᠶ᠎ᠡ ᠪᠠᠷ ᠬᠦᠢᠴᠡᠳᠭᠡᠬᠦ ᠄ ᠨᠢᠬᠡ ᠯᠡ ᠰᠦᠯᠵᠢᠶ᠎ᠡ ᠪᠠᠷ ᠪᠥᠬᠦ ᠶᠠᠪᠤᠳᠠᠯ ᠢ ᠬᠦᠢᠴᠡᠳᠬᠡᠬᠦ ᠶᠢ | ᠬᠡᠯᠡᠨ᠎ᠡ᠂ ᠠᠳᠠᠯᠢ ᠪᠤᠰᠤ ᠰᠠᠯᠠᠭ᠎ᠠ ᠮᠥᠴᠢᠷ ᠤᠨ ᠮᠡᠳᠡᠭᠡ ᠵᠠᠩᠭᠢ ᠶᠢᠨ ᠰᠢᠰᠲ᠋ᠧᠮ ᠢ ᠨᠡᠪᠳᠡᠷᠡᠬᠦᠯᠵᠦ᠂ ᠣᠯᠠᠨ | ᠲᠦᠮᠡᠨ ᠵᠥᠪᠬᠡᠨ ᠨᠢᠭᠡ ᠯᠡ ᠰᠢᠰᠲ᠋ᠧᠮ ᠲᠡᠭᠡᠷ᠎ᠡ ᠠᠳᠠᠯᠢ ᠪᠤᠰᠤ ᠬᠦᠷᠢᠶ᠎ᠡ ᠴᠠᠷᠠᠭᠠᠨ ᠤ ᠶᠠᠪᠤᠳᠠᠯ ᠢ ᠬᠦᠢᠴᠡᠳᠭᠡᠵᠦ | ᠲᠡᠶᠢᠯᠦᠨ᠎ᠡ᠂ ᠡᠶᠢᠨᠬᠦ ︽ ᠬᠢᠭᠡᠳ ᠲᠠᠭᠤᠰᠬᠤ ᠦᠭᠡᠢ ᠭᠦᠢᠴᠡᠳᠬᠡᠯ᠂ ᠳᠠᠷᠤᠭᠠᠳ ᠬᠦᠢᠴᠡᠬᠦ ᠦᠭᠡᠢ ᠲᠠᠮᠠᠭ᠎ᠠ᠂ | ᠭᠦᠶᠦᠭᠡᠳ ᠪᠠᠷᠠᠬᠤ ᠦᠭᠡᠢ ᠵᠠᠮ︾ ᠤᠨ ᠠᠰᠠᠭᠤᠳᠠᠯ ᠢ ᠰᠢᠢᠳᠪᠦᠷᠢᠯᠡᠵᠦ᠂ ᠲᠤᠭ᠎ᠠ ᠪᠠᠷᠢᠮᠲᠠ ᠶᠢ ᠢᠯᠡᠭᠦᠦ | ᠶᠠᠪᠤᠭᠤᠯᠵᠤ᠂ ᠣᠯᠠᠨ ᠲᠦᠮᠡᠨ ᠢ ᠳᠤᠲᠠᠭᠤ ᠭᠦᠶᠦᠯᠭᠡᠨᠠ᠃ | ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ ᠵᠠᠰᠠᠬᠤ᠄ ᠶᠡᠷᠦᠩᠬᠡᠢ | ᠱᠦᠵᠢ ᠰᠢ ᠶᠢᠨ ᠫᠢᠩ 2003 ᠤᠨ ᠳᠤ ᠵᠧᠵᠢᠶᠠᠩ ᠮᠤᠵᠢ ᠶᠢᠨ ᠨᠠᠮ ᠤᠨ ᠬᠤᠷᠢᠶᠠᠨ ᠤ ᠱᠦᠵᠢ ᠪᠠᠷ ᠠᠵᠢᠯᠯᠠᠵᠤ | ᠪᠠᠶᠢᠬᠤ ᠳᠠᠭᠠᠨ ᠲᠤᠷᠠᠳᠴᠤ ᠭᠠᠷᠭᠠᠭᠰᠠᠨ ᠬᠦᠳᠡᠭᠡ ᠲᠤᠰᠬᠤᠨ ᠤ ᠠᠮᠢ ᠠᠬᠤᠢ ᠤᠷᠴᠢᠨ ᠲᠤᠭᠤᠷᠢᠨ ᠢ | ᠰᠠᠶᠢᠵᠢᠷᠠᠭᠤᠯᠵᠤ᠂ ᠲᠠᠷᠢᠶᠠᠴᠢᠳ ᠤᠨ ᠠᠮᠢᠳᠤᠷᠠᠯ ᠤᠨ ᠶᠠᠰᠤ ᠴᠢᠨᠠᠷ ᠢ ᠲᠡᠭᠡᠭᠰᠢᠯᠡᠬᠦᠯᠬᠦ ᠪᠠᠷ ᠭᠤᠤᠯᠳᠠᠯᠭ᠎ᠠ | ᠪᠤᠯᠭᠠᠭᠰᠠᠨ ᠬᠦᠳᠡᠭᠡ ᠲᠤᠰᠬᠤᠨ ᠢ ᠴᠡᠭᠴᠡᠯᠡᠨ ᠵᠠᠰᠠᠬᠤ ᠪᠦᠳᠦᠬᠡᠨ ᠪᠠᠶᠢᠭᠤᠯᠤᠯᠳᠠ ᠶᠢᠨ ᠲᠤᠮᠤ ᠠᠵᠢᠯᠯᠠᠭ᠎ᠠ᠃ | ᠨᠢᠭᠡ ᠭᠡᠷ᠎ᠡ ᠳᠥᠷᠪᠡᠨ ᠵᠦᠪᠯᠡᠯ᠄ ᠲᠤᠬᠠᠶᠢᠯᠠᠪᠠᠯ ᠲᠤᠰᠬᠤᠨ ᠤ ᠳᠦᠷᠢᠮ ᠠᠷᠠᠳ ᠤᠨ ᠭᠡᠷ᠎ᠡ ᠬᠢᠭᠡᠳ ᠤᠯᠠᠭᠠᠨ | ᠴᠠᠭᠠᠨ ᠤ ᠶᠠᠪᠤᠳᠠᠯ ᠢ ᠡᠷᠬᠢᠯᠡᠬᠦ ᠵᠦᠪᠯᠡᠯ᠂ ᠶᠣᠰᠣ ᠰᠤᠷᠲᠠᠬᠤᠨ ᠤ ᠦᠨᠡᠯᠡᠯᠳᠡ ᠶᠢᠨ ᠵᠦᠪᠯᠡᠯ᠂ ᠲᠤᠰᠬᠤᠨ ᠤ | ᠠᠷᠠᠳ ᠤᠨ ᠶᠠᠷᠢᠯᠴᠠᠬᠤ ᠵᠦᠪᠯᠡᠯ ᠪᠣᠯᠣᠨ ᠬᠤᠣᠷᠠᠲᠤ ᠡᠳ᠋ ᠮᠦᠷᠦᠢ ᠲᠠᠢ ᠲᠤᠭᠯᠠᠭᠠᠮ ᠢ ᠴᠠᠭᠠᠵᠠᠯᠠᠬᠤ ᠵᠦᠪᠯᠡᠯ᠃ | ᠳᠥᠷᠪᠡᠨ ᠰᠠᠶᠢᠨᠳᠠᠢ ᠬᠥᠳᠡᠭᠡ ᠶᠢᠨ ᠵᠠᠮ᠄ ᠬᠥᠳᠡᠭᠡ ᠲᠣᠰᠬᠤᠨ ᠤ ᠵᠠᠰᠠᠮᠠᠯ ᠵᠠᠮ ᠤᠨ ᠪᠠᠶᠢᠭᠤᠯᠤᠯᠳᠠ ᠰᠠᠶᠢᠨ | ᠂ ᠬᠠᠮᠢᠶᠠᠷᠤᠯᠳᠠ ᠰᠠᠶᠢᠨ᠂ ᠬᠠᠮᠠᠭᠠᠯᠠᠯᠳᠠ ᠰᠠᠶᠢᠨ ᠂ ᠡᠵᠡᠩᠨᠡᠯᠳᠡ ᠰᠠᠶᠢᠨ᠃ | ᠳᠥᠷᠪᠡ ᠶᠢ ᠬᠢᠵᠠᠭᠠᠷᠯᠠᠬᠤ᠄ ᠪᠣᠷᠳᠣᠭᠤᠷ ᠢ ᠬᠢᠵᠠᠭᠠᠷᠯᠠᠬᠤ᠂ ᠡᠮ ᠢ ᠬᠢᠵᠠᠭᠠᠷᠯᠠᠬᠤ᠂ ᠪᠦᠷᠬᠦᠪᠴᠢ ᠶᠢ | ᠬᠢᠵᠠᠭᠠᠷᠯᠠᠬᠤ᠂ ᠤᠰᠤ ᠶᠢ ᠬᠢᠵᠠᠭᠠᠷᠯᠠᠬᠤ ᠃ | ᠤᠮᠠᠷᠠᠲᠤ ᠶᠢᠨ ᠭᠤᠷᠪᠠᠨ ᠣᠷᠣᠨ ᠤ ᠢᠨᠵᠧᠨᠧᠷᠢᠩ᠄ ᠳᠤᠮᠳᠠᠳᠤ ᠤᠯᠤᠰ ᠤᠨ ᠪᠠᠷᠠᠭᠤᠨ ᠬᠤᠶᠢᠲᠤ ᠣᠷᠣᠨ᠂ | ᠵᠡᠭᠦᠨ ᠬᠤᠶᠢᠲᠤ ᠣᠷᠣᠨ ᠪᠠ ᠤᠮᠠᠷᠠᠲᠤ ᠣᠷᠣᠨ ᠳᠤ ᠬᠦᠮᠦᠨ ᠤ ᠬᠦᠴᠦ ᠪᠠᠷ ᠤᠶᠢᠵᠢᠭᠤᠯᠬᠤ ᠲᠤᠮᠤ ᠬᠡᠯᠪᠡᠷᠢ ᠶᠢᠨ | ᠣᠶ ᠰᠢᠭᠤᠶ ᠶᠢᠨ ᠠᠮᠢ ᠠᠬᠤᠶ ᠶᠢᠨ ᠢᠨᠵᠧᠨᠧᠷᠢᠩ ᠃ 1979 ᠣᠨ ᠳᠤ ᠤᠯᠤᠰ ᠤᠨ ᠠᠵᠤ ᠠᠬᠤᠢ ᠶᠢᠨ | ᠪᠠᠶᠢᠭᠤᠯᠤᠯᠲᠠ ᠶᠢᠨ ᠴᠢᠬᠤᠯᠠ ᠲᠥᠷᠥᠯ ᠵᠦᠢᠯ ᠳᠤ ᠤᠷᠤᠵᠠᠢ᠂ ᠲᠥᠯᠥᠪᠵᠢᠭᠦᠯᠭᠡ ᠶᠢᠨ ᠬᠤᠭᠤᠴᠠᠭ᠎ᠠ ᠨᠢ 73 ᠵᠢᠯ | ᠂ ᠨᠠᠢᠮᠠᠨ ᠬᠤᠭᠤᠴᠠᠭ᠎ᠠ ᠬᠤᠪᠢᠶᠠᠵᠤ ᠶᠠᠪᠤᠭᠳᠠᠭᠤᠯᠤᠨ᠎ᠠ᠂ 2021 - 2030 ᠣᠨ ᠪᠤᠯ ᠵᠢᠷᠭᠤᠳᠤᠭᠠᠷ | ᠬᠤᠭᠤᠴᠠᠭ᠎ᠠ ᠨᠢ ᠪᠤᠯᠤᠨ᠎ᠠ᠃ | ᠤᠰᠤ ᠪᠠᠷ ᠲᠦᠷᠪᠡ ᠶᠢ ᠲᠤᠭᠳᠠᠭᠠᠬᠤ᠄ ᠤᠰᠤ ᠪᠠᠷ ᠬᠤᠳᠠ ᠶᠢᠨ ᠪᠠᠶᠢᠭᠤᠯᠤᠯᠳᠠ ᠶᠢ ᠲᠤᠭᠳᠠᠭᠠᠬᠤ᠂ | ᠤᠰᠤ ᠪᠠᠷ ᠭᠠᠵᠠᠷ ᠰᠢᠷᠤᠢ ᠶᠢᠨ ᠭᠡᠷᠡᠭᠯᠡᠯᠳᠡ ᠶᠢ ᠲᠤᠭᠳᠠᠭᠠᠬᠤ᠂ ᠤᠰᠤ ᠪᠠᠷ ᠬᠥᠮᠦᠨ ᠠᠮᠠ ᠶᠢᠨ ᠲᠤᠭ᠎ᠠ ᠶᠢ | ᠲᠤᠭᠳᠠᠭᠠᠬᠤ᠂ ᠤᠰᠤ ᠪᠠᠷ ᠠᠵᠤ ᠦᠢᠯᠡᠰ ᠤᠨ ᠬᠦᠭᠵᠢᠯᠳᠡ ᠶᠢ ᠲᠤᠭᠳᠠᠭᠠᠬᠤ᠃ | ᠴᠠᠬᠢᠯᠭᠠᠨ ᠢ ᠬᠡᠮᠵᠢᠵᠦ ᠤᠰᠤ ᠶᠢ ᠪᠤᠳᠤᠬᠤ᠄ ᠮᠠᠰᠢᠨ ᠬᠤᠳᠳᠤᠭ ᠤᠨ ᠬᠡᠷᠡᠭᠯᠡᠬᠦ ᠴᠠᠬᠢᠯᠭᠠᠨ ᠢ ᠬᠡᠮᠵᠢᠵᠦ᠂ | ᠨᠤᠭᠤᠯᠤᠨ ᠪᠣᠳᠣᠬᠤ ᠠᠷᠭ᠎ᠠ ᠪᠠᠷ ᠤᠰᠤᠨ ᠤ ᠬᠡᠮᠵᠢᠶ᠎ᠡ ᠶᠢ ᠪᠠᠷᠤᠭᠴᠠᠭᠠᠯᠠᠨᠠ᠃ | ᠲᠦᠷᠪᠡᠨ ᠦᠵᠡᠭᠳᠡᠯ ᠢ ᠴᠡᠭᠴᠡᠯᠡᠬᠦ᠄ ᠳᠤᠷ᠎ᠠ ᠪᠠᠷ ᠢᠶᠠᠨ ᠡᠵᠡᠯᠡᠬᠦ᠂ ᠳᠤᠷ᠎ᠠ ᠪᠠᠷ ᠢᠶᠠᠨ ᠮᠠᠯᠲᠠᠬᠤ᠂ | ᠳᠤᠷ᠎ᠠ ᠪᠠᠷ ᠢᠶᠠᠨ ᠣᠪᠣᠭᠠᠯᠠᠬᠤ᠂ ᠳᠤᠷ᠎ᠠ ᠪᠠᠷ ᠢᠶᠠᠨ ᠪᠠᠶᠢᠭᠤᠯᠬᠤ ᠦᠵᠡᠭᠳᠡᠯ ᠢ ᠴᠡᠭᠴᠡᠯᠡᠨ᠎ᠡ᠃ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠷᠪᠠᠨ ᠳᠦᠷᠢᠮ᠄ ᠬᠠᠤᠯᠢ ᠭᠡᠷᠡᠭᠵᠢᠬᠦᠯᠦᠭᠰᠡᠨ ᠠᠬᠤᠢ ᠪᠠᠶᠢᠳᠠᠯ ᠢ | ᠨᠡᠶᠢᠲᠡᠯᠡᠬᠦ ᠳᠦᠷᠢᠮ᠂ ᠬᠠᠤᠯᠢ ᠬᠡᠷᠡᠭᠵᠢᠭᠦᠯᠬᠦ ᠪᠦᠬᠦ ᠶᠠᠪᠤᠴᠠ ᠶᠢ ᠲᠡᠮᠳᠡᠭᠯᠡᠬᠦ ᠳᠦᠷᠢᠮ᠂ ᠬᠠᠤᠯᠢ ᠬᠡᠷᠡᠭᠵᠢᠭᠦᠯᠬᠦ | ᠴᠢᠬᠤᠯᠠ ᠲᠣᠭᠲᠠᠭᠠᠯ ᠢ ᠬᠢᠨᠠᠨ ᠬᠠᠷᠭᠤᠭᠤᠯᠬᠤ ᠳᠦᠷᠢᠮ ᠃ | ᠳᠥᠷᠪᠡ ᠶᠢ ᠦᠨᠳᠦᠰᠦᠨ ᠱᠠᠲᠤᠨ ᠳᠤ ᠬᠦᠷᠭᠡᠬᠦ᠄ ᠨᠠᠮ ᠤᠨ ᠱᠤᠭᠤᠮ ᠴᠢᠭᠯᠡᠯᠲᠡ ᠲᠦᠷᠦ ᠶᠢᠨ ᠪᠣᠳᠣᠯᠭ᠎ᠠ ᠶᠢᠨ | ᠤᠬᠠᠭᠤᠯᠭ᠎ᠠ ᠶᠢ ᠦᠨᠳᠦᠰᠦᠨ ᠱᠠᠲᠤᠨ ᠳᠤ ᠬᠦᠷᠭᠡᠬᠦ᠂ ᠪᠠᠶᠢᠴᠠᠭᠠᠨ ᠰᠤᠳᠤᠯᠤᠯᠲᠠ ᠶᠢ ᠦᠨᠳᠦᠰᠦᠨ ᠱᠠᠲᠤᠨ ᠳᠤ | ᠬᠦᠷᠭᠡᠬᠦ᠂ ᠵᠠᠬᠢᠳᠠᠯ ᠰᠣᠷᠪᠤᠯᠵᠢᠯᠠᠭ᠎ᠠ ᠬᠦᠯᠢᠶᠡᠨ ᠠᠪᠬᠤ ᠠᠵᠢᠯ ᠢ ᠦᠨᠳᠦᠰᠦᠨ ᠱᠠᠲᠤᠨ ᠳᠤ ᠬᠦᠷᠭᠡᠬᠦ᠂ ᠠᠬᠤᠢ | ᠲᠠᠯᠠᠪᠠᠢ ᠶᠢᠨ ᠠᠯᠪᠠᠯᠠᠭ᠎ᠠ ᠶᠢ ᠦᠨᠳᠦᠰᠦᠨ ᠱᠠᠲᠤᠨ ᠳᠤ ᠬᠦᠷᠬᠡᠬᠦ᠃ | |