︽ᠬᠤᠶᠠᠷ ᠬᠤᠷᠠᠯ︾᠎ ᠤᠨ ᠮᠡᠳᠡᠭᠡ —  ᠤᠯᠤᠰ ᠲᠦᠷᠦ ᠶᠢᠨ ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠲᠦᠷᠪᠡᠳᠦᠭᠡᠷ ᠬᠤᠷᠠᠯᠳᠤᠭᠠᠨ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2025/1/17
1 ᠰᠠᠷ᠎ᠠ ᠶᠢᠨ 15᠎ ᠤ ᠡᠳᠦᠷ ᠤᠨ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠲᠦᠷᠪᠡᠳᠦᠭᠡᠷ ᠬᠤᠷᠠᠯᠳᠤᠭᠠᠨ ᠵᠥᠪᠯᠡᠬᠦ ᠵᠦᠢᠯ ᠎ ᠤᠳ ᠢᠶᠠᠨ ᠲᠡᠭᠦᠰ ᠠᠮᠵᠢᠯᠲᠠ ᠲᠠᠢ ᠪᠡᠶᠡᠯᠡᠬᠦᠯᠦᠭᠡᠳ ᠬᠤᠷᠠᠯ ᠲᠡᠬᠦᠰᠦᠯ᠎ᠡ᠃ ᠬᠤᠷᠠᠯ ᠤᠨ ᠬᠤᠭᠤᠴᠠᠭᠠᠨ ᠳᠤ᠂ ᠭᠡᠰᠢᠭᠦᠳ ᠣᠷᠭᠢᠯᠤᠮ᠎ᠠ ᠰᠡᠳᠬᠢᠯᠭᠡ ᠬᠠᠷᠢᠭᠤᠴᠠᠯᠭᠠᠲᠤ ᠤᠬᠠᠮᠰᠠᠷ ᠢᠶᠠᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠪᠣᠯᠣᠨ ᠪᠤᠰᠤᠳ ᠢᠯᠡᠳᠬᠡᠯ ᠢ ᠭᠦᠨᠵᠡᠭᠡᠢ ᠶᠠᠷᠢᠯᠴᠠᠵᠤ᠂ ᠢᠳᠡᠪᠬᠢᠲᠡᠢ ᠪᠠᠷ ᠵᠠᠰᠠᠭ ᠤᠨ ᠶᠠᠪᠤᠳᠠᠯ ᠢ ᠵᠦᠪᠯᠡᠨ᠂ ᠢᠳᠡᠪᠬᠢᠲᠡᠢ ᠪᠠᠷ ᠰᠠᠨᠠᠯ ᠵᠥᠪᠯᠡᠯᠭᠡ  ᠲᠤᠷᠠᠳᠴᠤ ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠦᠨᠡᠨ ᠪᠣᠳᠠᠲᠠᠢ ᠪᠠᠷ ᠲᠤᠰᠬᠠᠨ᠂ ᠦᠨᠡᠨ ᠰᠡᠳᠬᠢᠯ ᠠᠴᠠ ᠪᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠲᠠᠶᠢᠹᠤᠰᠧ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠬᠦᠭᠰᠡᠨ ᠪᠠᠶᠢᠨ᠎ᠠ  ᠃  ᠬᠤᠰᠢᠭᠤ ᠨᠠᠮ ᠤᠨ ᠬᠤᠷᠢᠶᠠᠨ ᠤ ᠱᠦᠵᠢ  ᠂ ᠬᠤᠰᠢᠭᠤ ᠳᠠᠷᠤᠭ᠎ᠠ ᠴᠧᠨ ᠶᠠᠨ ᠪᠦᠦ  ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠯᠢ ᠵᠠᠨ ᠷᠦᠢ᠂ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠶᠠᠩ ᠶᠢᠨ ᠮᠢᠩ ᠵᠡᠷᠭᠡ ᠬᠤᠰᠢᠭᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠤᠯᠭ᠎ᠠ  ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠳᠠᠷᠤᠭ᠎ᠠ ᠬᠤᠷᠠᠯ ᠳᠤ ᠣᠷᠣᠯᠴᠠᠭᠰᠠᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠳᠠᠵᠤ᠂  ᠬᠤᠰᠢᠭᠤ ᠬᠠᠷᠢᠶ᠎ᠠ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠪᠠ ᠠᠵᠤ ᠠᠬᠤᠶᠢᠯᠠᠯ ᠤᠨ ᠡᠲᠡᠭᠡᠳ ᠤᠨ  ᠲᠦᠯᠦᠭᠡᠯᠡᠭᠴᠢ  ᠬᠤᠷᠠᠯ ᠳᠤ ᠰᠤᠯᠠ ᠣᠷᠣᠯᠴᠠᠵᠠᠢ᠃ ᠤᠯᠤᠰ ᠲᠦᠷᠦ ᠶᠢᠨ ᠵᠥᠪᠯᠡᠯᠭᠡᠨ ᠤ  ᠲᠡᠳ᠋ ᠲᠡᠷᠢᠭᠦᠯᠡᠭᠴᠢ ᠴᠢ ᠵᠢᠦ ᠴᠧᠩ ᠬᠤᠷᠠᠯ ᠢ ᠡᠷᠭᠢᠯᠠᠪᠠ᠃  ᠤᠯᠤᠰ ᠲᠦᠷᠦ ᠶᠢᠨ ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠳᠤ ᠨᠡᠶᠢᠳᠡ 166 ᠭᠡᠰᠢᠭᠦᠨ ᠲᠠᠢ᠂ ᠬᠤᠷᠠᠯ ᠳᠤ ᠪᠣᠳᠠᠲᠠᠢ ᠣᠷᠣᠯᠴᠠᠭᠰᠠᠨ ᠨᠢ 125 ᠬᠥᠮᠥᠨ ᠪᠠᠶᠢᠵᠤ᠂ ︽ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠬᠤᠷᠠᠯ ᠤᠨ ᠳᠦᠷᠢᠮ︾ ᠎ ᠳᠤ ᠨᠡᠶᠢᠴᠡᠵᠡᠢ᠃ ᠲᠡᠭᠦᠰᠬᠦ ᠬᠤᠷᠠᠯ ᠠᠴᠠ ᠡᠮᠦᠨ᠎ᠡ ᠰᠣᠩᠭᠤᠭᠤᠯᠢ ᠶᠢᠨ ᠶᠡᠭᠡ ᠬᠤᠷᠠᠯ ᠬᠢᠵᠦ᠂ ᠵᠣᠣ ᠵᠢᠶᠠᠨ ᠳ᠋ᠦᠩ᠂ ᠱᠢ ᠵᠠᠨ ᠵᠢᠶᠦ᠋ᠨ ᠨᠥᠬᠦᠷ ᠢ ᠤᠯᠤᠰ ᠲᠥᠷᠥ ᠶᠢᠨ ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠳᠡᠳ᠋ ᠲᠡᠷᠢᠭᠦᠯᠡᠭᠴᠢ ᠪᠠᠷ  ᠰᠤᠩᠭᠤᠭᠰᠠᠨ ᠪᠠᠶᠢᠨ᠎ᠠ᠃ ᠬᠤᠷᠠᠯ ᠲᠡᠭᠡᠷ᠎ᠡ᠂  ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠶ ᠤᠯᠤᠰ ᠲᠥᠷᠥ ᠶᠢᠨ ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠤ ᠰᠢᠢᠳᠪᠦᠷᠢ ︵ᠲᠥᠰᠦᠯ︶᠂ ᠠᠷᠪᠠᠨ ᠨᠢᠭᠡᠳᠦᠭᠡᠷ ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠠᠴᠠ ᠨᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢᠨ ᠲᠤᠬᠠᠶ ᠤᠯᠤᠰ ᠲᠥᠷᠥ ᠶᠢᠨ ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠤ ᠰᠢᠢᠳᠪᠦᠷᠢ ︵ᠲᠥᠰᠦᠯ︶᠂   ᠠᠷᠪᠠᠨ ᠨᠢᠭᠡᠳᠦᠭᠡᠷ ᠬᠤᠭᠤᠴᠠᠭᠠᠨ ᠤ ᠲᠦᠷᠪᠡᠳᠦᠭᠡᠷ ᠬᠤᠷᠠᠯᠳᠤᠭᠠᠨ  ᠎ ᠤ ᠰᠠᠨᠠᠯ ᠳᠤᠷᠠᠳᠤᠯᠭ᠎ᠠ ᠶᠢ ᠡᠯᠰᠡᠨ ᠴᠤᠭᠯᠠᠭᠤᠯᠤᠭᠰᠠᠨ ᠪᠠ ᠬᠢᠨᠠᠨ ᠪᠠᠶᠢᠴᠠᠭᠠᠭᠰᠠᠨ ᠲᠤᠬᠠᠢ ᠤᠯᠤᠰ ᠲᠥᠷᠥ ᠶᠢᠨ ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠰᠠᠨᠠᠯ ᠳᠤᠷᠠᠳᠤᠯᠭ᠎ᠠ ᠶᠢᠨ ᠵᠥᠪᠯᠡᠯ ᠤᠨ ᠮᠡᠳᠡᠭᠦᠯᠦᠯᠲᠡ ︵ᠲᠥᠰᠦᠯ︶᠂ ᠤᠯᠤᠰ ᠲᠥᠷᠥ ᠶᠢᠨ ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠤ ᠤᠯᠤᠰ ᠲᠥᠷᠥ ᠶᠢᠨ ᠰᠢᠢᠳᠪᠦᠷᠢ ︵ᠲᠥᠰᠦᠯ︶᠎ ᠶᠢ ᠬᠢᠨᠠᠨ ᠵᠥᠪᠯᠡᠵᠦ ᠪᠠᠳᠤᠯᠠᠵᠠᠢ᠃ ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠠᠮᠵᠢᠯᠲᠠ ᠲᠠᠢ ᠲᠡᠭᠦᠰᠪᠡ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号