1 ᠰᠠᠷ᠎ᠠ ᠶᠢᠨ 16 ᠤ ᠡᠳᠦᠷ ᠤᠨ ᠦᠳᠡ ᠶᠢᠨ ᠡᠮᠦᠨ᠎ᠡ᠂ ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯᠳᠤᠭᠠᠨ ᠤ | ᠬᠤᠶᠠᠳᠤᠭᠠᠷ ᠪᠦᠬᠦᠳᠡ ᠬᠤᠷᠠᠯ ᠬᠤᠷᠠᠯᠳᠤᠪᠠ᠃ ᠡᠨᠡ ᠤᠳᠠᠭᠠᠨ ᠤ ᠪᠦᠬᠦᠳᠠ ᠬᠤᠷᠠᠯ ᠳᠤ ᠣᠷᠣᠯᠴᠠᠬᠤ ᠶᠣᠰᠣᠲᠠᠢ | ᠲᠥᠯᠥᠭᠡᠯᠡᠭᠴᠢ 186 ᠬᠥᠮᠥᠨ᠂ ᠪᠤᠳᠠᠳᠠᠢ ᠣᠷᠣᠯᠴᠠᠭᠰᠠᠨ ᠨᠢ 163 ᠬᠥᠮᠥᠨ ᠪᠠᠶᠢᠵᠤ᠂ ᠬᠠᠤᠯᠢ ᠳᠤ | ᠲᠣᠭᠲᠠᠭᠠᠭᠰᠠᠨ ᠬᠥᠮᠥᠨ ᠲᠤᠭ᠎ᠠ ᠳᠤ ᠨᠡᠶᠢᠴᠡᠵᠡᠢ᠃ ᠡᠨᠡ ᠤᠳᠠᠭᠠᠨ ᠤ ᠶᠡᠭᠡ ᠬᠤᠷᠠᠯ ᠤᠨ ᠭᠦᠢᠴᠡᠳᠬᠡᠬᠦ | ᠲᠡᠷᠢᠭᠦᠯᠡᠭᠴᠢ ᠪᠣᠯ᠄ ᠪᠠᠭᠠᠲᠤᠷ᠂ ᠹᠧᠩ ᠵᠢᠶᠠᠨ ᠴᠧᠨ᠂ ᠯᠢᠦᠢ ᠶᠤᠸᠠᠢ ᠬᠤᠩ᠂ ᠯᠢᠦ ᠲᠢᠩ ᠰᠢᠦ᠂ ᠯᠢ ᠵᠠᠨ ᠷᠦᠢ | ᠂ ᠯᠢ ᠴᠦᠨ ᠭᠤᠸᠠᠩ᠂ ᠦ᠋ ᠭᠤᠸᠠᠩ ᠹᠧᠩ᠂ ᠱᠧᠨ ᠬᠦᠶ ᠯᠢᠨ᠂ ᠵᠠᠩ ᠸᠧᠨ ᠴᠠᠩ᠂ ᠴᠧᠨ ᠱᠧᠦ ᠵᠢᠶᠠᠩ᠂ ᠴᠧᠨ | ᠶᠠᠨ ᠪᠦᠦ᠂ ᠵᠸᠦ ᠶᠠᠨ ᠴᠢᠩ᠂ ᠵᠧᠩ ᠰᠢᠦ ᠯᠢᠩ᠂ ᠵᠤᠤ ᡁᠢ ᠬᠦᠸᠧ᠂ ᠭᠦᠸᠧ ᠰᠢᠦᠢ ᠹᠠᠩ᠂ ᠫᠧᠩ ᠢᠦᠢ | ᠭᠦᠸᠧ᠂ ᠰᠢᠶᠧ ᠶᠢᠨ ᠳ᠋ᠦᠩ᠂ ᠼᠠᠢ ᠬᠦᠢ ᠯᠢᠨ᠂ ᠳ᠋ᠠᠢ ᡁᠢ ᠷᠦᠢ ᠪᠣᠯᠣᠨ᠎ᠠ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠡᠷᠬᠢᠯᠡᠭᠴᠢ ᠯᠢ ᠵᠠᠨ ᠷᠦᠢ ᠬᠤᠷᠠᠯ ᠢ ᠡᠷᠭᠢᠯᠡᠪᠡ᠃ ᠬᠤᠷᠠᠯ ᠲᠡᠭᠡᠷ᠎ᠡ᠂ ᠲᠠᠶᠢᠹᠤᠰᠧ ᠬᠤᠰᠢᠭᠤᠨ ᠤ | ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ | ᠬᠤᠷᠠᠯᠳᠤᠭᠠᠨ ᠤ ᠰᠣᠩᠭᠤᠭᠤᠯᠢ ᠶᠢᠨ ᠠᠷᠭ᠎ᠠ᠂ ᠶᠡᠷᠦᠩᠬᠡᠢ ᠪᠢᠯᠧᠲ ᠬᠢᠨᠠᠭᠴᠢ᠂ ᠳᠡᠳ᠋ ᠶᠡᠷᠦᠩᠬᠡᠢ ᠪᠢᠯᠧᠲ ᠬᠢᠨᠠᠭᠴᠢ᠂ | ᠪᠢᠯᠧᠲ ᠬᠢᠨᠠᠭᠴᠢ ᠵᠢᠴᠢ ᠪᠢᠯᠧᠲ ᠪᠦᠷᠢᠳᠬᠡᠭᠴᠢ ᠶᠢᠨ ᠨᠡᠷᠡᠰ ᠢ ᠪᠠᠳᠤᠯᠠᠨ᠂ 2024 ᠣᠨ ᠤ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠡᠶᠡᠯᠡᠭᠦᠯᠦᠭᠰᠡᠨ ᠪᠠᠶᠢᠳᠠᠯ ᠳᠤ ᠬᠠᠨᠤᠮᠵᠢ ᠶᠢᠨ ᠬᠡᠮᠵᠢᠶᠡᠨ ᠤ | ᠦᠨᠡᠯᠡᠯᠲᠡ ᠬᠢᠵᠦ᠂ ᠪᠢᠯᠧᠲ ᠥᠭᠬᠦ ᠪᠠᠷ ᠲᠠᠮᠵᠢᠭᠠᠳ 2025 ᠣᠨ ᠤ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ 5 ᠲᠦᠷᠦᠯ ᠵᠦᠢᠯ ᠢ ᠲᠤᠭᠳᠠᠭᠠᠭᠰᠠᠨ ᠤ ᠬᠠᠮᠳᠤ ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ | ᠡᠷᠬᠢᠯᠡᠭᠴᠢ 1 ᠬᠥᠮᠦᠨ᠂ ᠭᠡᠰᠢᠭᠦᠨ 3 ᠬᠥᠮᠦᠨ ᠢ ᠨᠥᠬᠦᠨ ᠰᠤᠩᠭᠤᠵᠠᠢ᠃ ᠬᠤᠰᠢᠭᠤ ᠨᠠᠮ ᠤᠨ ᠬᠤᠷᠢᠶᠠᠨ ᠤ | ᠱᠦᠵᠢ᠂ ᠬᠤᠰᠢᠭᠤ ᠳᠠᠷᠤᠭ᠎ᠠ ᠴᠧᠨ ᠶᠠᠨ ᠪᠦᠦ ᠰᠢᠨ᠎ᠡ ᠪᠠᠷ ᠰᠣᠩᠭᠤᠭᠳᠠᠭᠰᠠᠨ ᠳᠡᠳ᠋ ᠡᠷᠬᠢᠯᠡᠭᠴᠢ ᠳᠤ ᠦᠨᠡᠮᠯᠡᠯ | ᠤᠯᠭᠤᠵᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠯᠢ ᠵᠠᠨ ᠷᠦᠢ ᠰᠢᠨ᠎ᠡ ᠪᠠᠷ ᠰᠣᠩᠭᠤᠭᠳᠠᠭᠰᠠᠨ | ᠭᠡᠰᠢᠭᠦᠳ ᠲᠤ ᠦᠨᠡᠮᠯᠡᠯ ᠤᠯᠭᠤᠵᠤ᠂ ᠰᠢᠨ᠎ᠡ ᠪᠠᠷ ᠰᠣᠩᠭᠤᠭᠳᠠᠭᠰᠠᠨ ᠳᠡᠳ᠋ ᠡᠷᠬᠢᠯᠡᠭᠴᠢ ᠪᠠ ᠭᠡᠰᠢᠭᠦᠳ | ᠦᠨᠳᠦᠰᠦᠨ ᠬᠠᠤᠯᠢ ᠳᠤ ᠲᠠᠩᠭᠠᠷᠢᠭ ᠬᠢᠭᠰᠡᠨ ᠪᠠᠶᠢᠨ᠎ᠠ᠃ ᠬᠤᠷᠠᠯ ᠠᠴᠠ ︽ᠲᠠᠶᠢᠹᠤᠰᠧ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠤᠬᠠᠢ ᠰᠢᠢᠳᠪᠦᠷᠢ︾ ︽ᠲᠠᠶᠢᠹᠤᠰᠧ ᠬᠤᠰᠢᠭᠤᠨ ᠤ 2024 | ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ | ᠪᠠᠶᠢᠳᠠᠯ ᠬᠢᠭᠡᠳ 2025 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ | ᠲᠥᠯᠥᠪᠯᠡᠭᠡ ᠶᠢᠨ ᠲᠤᠬᠠᠢ ᠰᠢᠢᠳᠪᠦᠷᠢ︾ ︽ᠲᠠᠶᠢᠹᠤᠰᠧ ᠬᠤᠰᠢᠭᠤᠨ ᠤ 2024 ᠣᠨ ᠤ ᠡᠳ᠋ ᠤᠨ ᠵᠠᠰᠠᠭ ᠤᠨ | ᠲᠥᠰᠦᠪ ᠢ ᠭᠦᠢᠴᠡᠳᠬᠡᠭᠰᠡᠨ ᠪᠠᠶᠢᠳᠠᠯ ᠪᠠ 2025 ᠣᠨ ᠤ ᠡᠳ᠋ ᠤᠨ ᠵᠠᠰᠠᠭ ᠤᠨ ᠲᠥᠰᠦᠪ ᠤᠨ ᠲᠤᠬᠠᠢ | ᠰᠢᠢᠳᠪᠦᠷᠢ︾ ︽ᠲᠠᠶᠢᠹᠤᠰᠧ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ | ᠶᠢᠨ ᠬᠤᠷᠢᠶᠠᠨ ᠤ ᠠᠵᠢᠯ ᠤᠨ ᠢᠯᠡᠳᠬᠡᠯ ᠤᠨ ᠲᠤᠬᠠᠢ ᠰᠢᠢᠳᠪᠦᠷᠢ︾ ︽ᠲᠠᠶᠢᠹᠤᠰᠧ ᠬᠤᠰᠢᠭᠤᠨ ᠤ ᠠᠷᠠᠳ ᠤᠨ | ᠰᠢᠭᠦᠬᠦ ᠬᠤᠷᠢᠶᠠᠨ ᠤ ᠠᠵᠢᠯ ᠤᠨ ᠢᠯᠡᠳᠬᠡᠯ ᠤᠨ ᠲᠤᠬᠠᠢ ᠰᠢᠢᠳᠪᠦᠷᠢ︾ ︽ᠲᠠᠶᠢᠹᠤᠰᠧ ᠬᠤᠰᠢᠭᠤᠨ ᠤ ᠠᠷᠠᠳ ᠤᠨ | ᠪᠠᠶᠢᠴᠠᠭᠠᠬᠤ ᠬᠤᠷᠢᠶᠠᠨ ᠤ ᠠᠵᠢᠯ ᠤᠨ ᠢᠯᠡᠳᠬᠡᠯ ᠤᠨ ᠲᠤᠬᠠᠢ ᠰᠢᠢᠳᠪᠦᠷᠢ︾ ᠶᠢ ᠪᠠᠳᠤᠯᠠᠪᠠ᠃ ᠴᠧᠨ ᠶᠠᠨ ᠪᠦᠦ | ᠬᠤᠰᠢᠭᠤ ᠨᠠᠮ ᠤᠨ ᠬᠤᠷᠢᠶ᠎ᠠ ᠶᠢ ᠲᠦᠯᠦᠭᠡᠯᠡᠨ ᠶᠡᠭᠡ ᠬᠤᠷᠠᠯ ᠤᠨ ᠲᠡᠭᠦᠰ ᠠᠮᠵᠢᠯᠲᠠ ᠣᠯᠤᠭᠰᠠᠨ ᠳᠤ ᠪᠠᠶᠠᠷ | ᠬᠦᠷᠭᠡᠵᠡᠢ᠃ ᠴᠧᠨ ᠶᠠᠨ ᠪᠦᠦ ᠶᠠᠷᠢᠶᠠᠨ ᠳᠠᠭᠠᠨ᠂ ᠬᠤᠷᠠᠯ ᠤᠨ ᠬᠤᠭᠤᠴᠠᠭᠠᠨ ᠳᠤ ᠠᠷᠠᠳ ᠤᠨ ᠲᠦᠯᠦᠭᠡᠯᠡᠭᠴᠢᠳ | ᠪᠠ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠨᠠᠮ ᠠᠷᠠᠳ ᠲᠦᠮᠡᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ | ᠵᠣᠷᠢᠭ ᠰᠠᠨᠠᠭ᠎ᠠ ᠪᠠᠷ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠢᠳᠡᠪᠬᠢᠲᠡᠢ ᠪᠠᠷ ᠰᠠᠨᠠᠯ | ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠪᠣᠯᠤᠨ | ᠪᠤᠰᠤᠳ ᠡᠯ᠎ᠡ ᠲᠦᠷᠦᠯ ᠤᠨ ᠢᠯᠡᠳᠬᠡᠯ᠂ ᠰᠢᠢᠳᠪᠦᠷᠢ ᠶᠢ ᠬᠢᠨᠠᠨ ᠵᠥᠪᠯᠡᠵᠦ ᠪᠠᠲᠤᠯᠠᠨ᠂ ᠡᠯ᠎ᠡ ᠲᠦᠷᠦᠯ ᠤᠨ | ᠰᠣᠩᠭᠤᠭᠤᠯᠢ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠬᠦᠯᠦᠯ᠎ᠡ᠃ 2025 ᠤᠨ ᠪᠣᠯ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠡᠬᠦᠰᠭᠡᠯ ᠤᠨ ᠵᠢᠯ᠂ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢ ᠪᠠᠶᠢᠷᠢᠯᠠᠭᠤᠯᠬᠤ ᠵᠢᠯ ᠮᠥᠨ᠃ ᠪᠦᠬᠦ ᠬᠤᠰᠢᠭᠤ ᠪᠠᠷ ᠢᠶᠠᠨ ᠡᠷᠬᠡᠪᠰᠢ ᠬᠥᠭᠵᠢᠯᠲᠡ ᠶᠢᠨ | ᠢᠲᠡᠭᠡᠯ ᠵᠣᠷᠢᠭ ᠢᠶᠠᠨ ᠤᠯᠠᠮ ᠪᠠᠲᠤᠳᠬᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ | ᠵᠦᠪ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠤᠨ᠂ ︽ᠰᠢᠨ᠎ᠡ ᠵᠠᠮ ᠨᠡᠭᠡᠭᠡᠵᠦ᠂ ᠲᠤᠮᠳᠠ ᠲᠦᠪᠰᠢᠨ ᠳᠤ | ᠬᠦᠷᠬᠦ︾ ᠲᠡᠮᠡᠴᠡᠬᠦ ᠬᠠᠷᠠᠯᠳᠠ ᠶᠢᠨ ᠲᠤᠭᠤᠷᠢᠨ ᠳᠤ ︽ᠲᠠᠪᠤᠨ ᠶᠡᠭᠡ ᠡᠭᠦᠷᠭᠡ︾ ᠶᠢ ᠭᠦᠨᠵᠡᠭᠡᠢ ᠬᠡᠷᠡᠭᠵᠢᠭᠦᠯᠵᠦ᠂ | ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠠᠬᠢᠭᠤᠯᠵᠤ᠂ ︽ᠵᠢᠷᠭᠤᠭᠠᠨ ᠠᠵᠢᠯᠯᠠᠭ᠎ᠠ︾ ᠶᠢ ᠨᠠᠷᠢᠨ ᠬᠢᠨᠠᠮᠠᠭᠠᠢ | ᠵᠤᠬᠢᠶᠠᠨ ᠪᠠᠶᠢᠭᠤᠯᠵᠤ ᠦᠷᠨᠢᠬᠦᠯᠦᠨ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ | ᠪᠦᠲᠦᠴᠡ ᠶᠢ ᠲᠤᠬᠢᠷᠠᠭᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ | ᠵᠡᠷᠭᠡ ᠭᠤᠣᠯᠳᠠᠯᠭ᠎ᠠ ᠲᠠᠢ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠡᠯ᠎ᠡ ᠲᠦᠷᠦᠯ ᠤᠨ ᠠᠵᠢᠯ ᠦᠢᠯᠡᠰ ᠤᠨ | ᠬᠦᠭᠵᠢᠯᠳᠡ ᠶᠢ ᠪᠦᠬᠦ ᠠᠶᠢᠮᠠᠭ ᠴᠢᠨᠠᠭᠰᠢᠯᠠᠪᠠᠯ ᠪᠦᠬᠦ ᠣᠷᠣᠨ ᠤ ᠡᠮᠦᠨ᠎ᠡ ᠡᠩᠨᠡᠭᠡᠨ ᠳᠤ ᠤᠷᠤᠭᠤᠯᠬᠤ ᠪᠠᠷ | ᠴᠢᠷᠮᠠᠶᠢᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ | ᠰᠦᠯᠳᠡ ᠳᠠᠭᠤᠤ ᠶᠢᠨ ᠠᠶᠠᠰ ᠳᠤᠮᠳᠠ ᠠᠮᠵᠢᠯᠲᠠ ᠲᠠᠢ ᠲᠡᠬᠦᠰᠴᠡᠢ᠃ |