ᠲᠦᠮᠡᠨ ᠣᠯᠠᠨ ᠤ ᠠᠩᠬᠠᠷᠤᠯ ᠳᠤ ᠬᠦᠷᠦᠭᠰᠡᠨ ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯᠳᠤᠭᠠᠨ ᠪᠣᠯᠣᠨ | ᠤᠯᠤᠰ ᠲᠥᠷᠥ ᠶᠢᠨ ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ | ᠲᠦᠷᠪᠡᠳᠦᠭᠡᠷ ᠬᠤᠷᠠᠯᠳᠤᠭᠠᠨ ᠠᠮᠵᠢᠯᠳᠠ ᠲᠠᠢ ᠲᠡᠬᠦᠰᠦᠯ᠎ᠡ᠃ ᠬᠤᠷᠠᠯ ᠳᠡᠭᠡᠷ᠎ᠡ᠂ ᠠᠷᠠᠳ ᠤᠨ ᠲᠥᠯᠥᠭᠡᠯᠡᠭᠴᠢᠳ᠂ | ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ | ᠭᠠᠷᠭᠠᠵᠤ᠂ ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤᠪᠠᠷ ᠵᠦᠪᠯᠡᠭᠰᠡᠨ ᠪᠠᠶᠢᠨ᠎ᠠ᠃ ᠥᠷᠭᠡᠨ ᠣᠯᠠᠨ ᠠᠷᠠᠳ | ᠢᠷᠭᠡᠳ ᠷᠠᠳᠢᠣ᠋᠂ ᠲᠧᠯᠸᠢᠰ᠂ ᠸᠢᠴᠠᠲ ᠵᠡᠷᠭᠡ ᠲᠠᠪᠴᠠᠩ ᠢᠶᠠᠷ ᠲᠠᠮᠵᠢᠨ ︽ᠬᠤᠶᠠᠷ ᠬᠤᠷᠠᠯ︾ ᠤᠨ ᠬᠠᠮᠢᠶ᠎ᠠ | ᠪᠦᠬᠦᠢ ᠪᠠᠶᠢᠳᠠᠯ ᠢ ᠴᠠᠭ ᠲᠤᠬᠠᠢ ᠳᠤᠨᠢ ᠣᠶᠢᠯᠠᠭᠠᠭᠰᠠᠨ ᠪᠥᠭᠡᠳ ︽ᠬᠤᠶᠠᠷ ᠬᠤᠷᠠᠯ︾ ᠤᠨ ᠦᠷ᠎ᠡ ᠪᠦᠲᠦᠭᠡᠯ ᠢ | ᠬᠥᠭᠵᠢᠶᠡᠨᠲᠡᠢ ᠶᠠᠷᠢᠯᠴᠠᠵᠤ᠂ ᠰᠠᠶᠢᠨ ᠰᠠᠶᠢᠬᠠᠨ ᠢᠷᠡᠭᠡᠳᠦᠢ ᠪᠠᠨ ᠬᠠᠮᠲᠤ ᠪᠠᠷ ᠪᠠᠷᠠᠯᠠᠨᠠᠮ᠃ ᠤᠯᠠᠨ ᠢᠶᠠᠷ ᠢᠶᠠᠨ᠂ | ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠠᠭᠤᠯᠭ᠎ᠠ ᠨᠢ ᠲᠤᠶᠢᠯ ᠤᠨ ᠨᠠᠷᠢᠯᠢᠭ ᠮᠦᠷᠳᠡᠭᠡᠨ ᠪᠤᠳᠠᠳᠠᠢ | ᠪᠠᠶᠢᠵᠤ᠂ ᠮᠠᠰᠢ ᠴᠢᠩᠭ᠎ᠠ ᠪᠠᠷᠠᠭᠠᠯᠬᠢᠯᠠᠯᠳᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠭᠡᠵᠦ ᠰᠠᠨᠠᠯ | ᠨᠢᠭᠡᠲᠡᠢ ᠦᠵᠡᠵᠡᠭᠡᠨᠡ᠃ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠣᠯᠠᠨ ᠲᠦᠮᠡᠨ ᠤ | ᠬᠦᠰᠡᠯ ᠡᠷᠡᠮᠡᠯᠵᠡᠯ ᠳᠤ ᠨᠡᠶᠢᠴᠡᠭᠦᠯᠵᠦ᠂ ᠠᠷᠠᠳ ᠤᠨ ᠠᠮᠢᠳᠤᠷᠠᠯ ᠢ ᠤᠯᠠᠮ ᠰᠠᠶᠢᠵᠢᠷᠠᠭᠤᠯᠤᠨ᠂ ᠠᠵᠠ ᠵᠢᠷᠭᠠᠯ ᠢ | ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ ᠭᠡᠵᠦ ᠳᠤᠷᠠᠳᠤᠭᠰᠠᠨ ᠪᠠᠶᠢᠨ᠎ᠠ᠃ ᠡᠳᠡᠭᠡᠷ ᠦᠭᠡ ᠥᠭᠦᠯᠡᠪᠦᠷᠢ ᠪᠦᠷᠢ ᠨᠢ | ᠠᠷᠠᠳ ᠤᠨ ᠠᠮᠢᠳᠤᠷᠠᠯ ᠢ ᠠᠩᠬᠠᠷᠴᠤ ᠬᠠᠯᠠᠮᠵᠢᠯᠠᠭ᠎ᠠ ᠶᠢ ᠬᠠᠷᠠᠭᠤᠯᠵᠤ ᠪᠠᠶᠢᠭ᠎ᠠ ᠶᠤᠮ᠃ | ᠰᠠᠭᠤᠭᠠᠯᠢ ᠠᠷᠠᠳ ᠰᠢᠶᠤᠤ ᠬᠦᠸᠧ ᠵᠢᠶᠠᠩ᠄ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠠᠵᠢᠯ | ᠣᠯᠭᠤᠯᠲᠠ᠂ ᠡᠮ ᠡᠮᠨᠡᠯᠭᠡ᠂ ᠰᠤᠷᠭᠠᠨ ᠬᠥᠮᠦᠵᠢᠯ᠂ ᠨᠠᠰᠤᠵᠢᠯ ᠤᠨ ᠠᠰᠠᠷᠠᠮᠵᠢ᠂ ᠣᠷᠣᠨ ᠰᠠᠭᠤᠴᠠ ᠵᠡᠷᠭᠡ ᠬᠦᠷᠢᠶ᠎ᠡ | ᠴᠠᠷᠠᠭ᠎ᠠ ᠳᠤ ᠠᠩᠬᠠᠷᠤᠯ ᠢᠶᠠᠨ ᠲᠦᠪᠯᠡᠷᠡᠬᠦᠯᠵᠦ᠂ ᠨᠢᠭᠡ ᠪᠦᠯᠦᠭ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ᠂ | ᠠᠷᠠᠳ ᠲᠤ ᠠᠰᠢᠭ ᠬᠦᠷᠲᠡᠭᠡᠬᠦ ᠲᠦᠷᠦᠯ ᠵᠦᠢᠯ ᠢ ᠪᠠᠶᠢᠷᠢᠯᠠᠭᠤᠯᠤᠭᠠᠳ᠂ ᠮᠠᠨ ᠤ ᠠᠮᠢᠳᠤᠷᠠᠯ ᠢ ᠨᠡᠩ ᠶᠡᠭᠡ ᠬᠦᠰᠡᠯ | ᠡᠷᠡᠮᠡᠯᠵᠡᠯ ᠲᠠᠢ ᠪᠤᠯᠭᠠᠭᠰᠠᠨ ᠪᠠᠶᠢᠨ᠎ᠠ︾᠃ | ᠰᠠᠭᠤᠭᠠᠯᠢ ᠠᠷᠠᠳ ᠵᠢᠶᠤᠤ ᠴᠠᠩ ᠰᠤᠸᠠᠨ᠄ ︽ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ | ᠪᠢᠳᠡᠨ ᠤ ᠳᠡᠷᠭᠡᠳᠡᠬᠢ ᠤᠴᠢᠷ᠂ ᠰᠡᠳᠬᠢᠯ ᠳᠠᠬᠢ ᠤᠴᠢᠷ ᠢ ᠲᠡᠷᠢᠭᠦᠨ ᠴᠢᠬᠤᠯᠠ ᠶᠠᠪᠤᠳᠠᠯ ᠪᠣᠯᠭᠠᠵᠤ᠂ ᠪᠢᠳᠡᠨ ᠤ | ᠥᠲᠡᠯᠦᠭᠡ ᠨᠠᠰᠤᠨ ᠤ ᠠᠮᠢᠳᠤᠷᠠᠯ ᠢ ᠡᠳᠦᠷ ᠢᠷᠡᠬᠦᠶ᠎ᠡ ᠪᠠᠲᠤᠯᠠᠭ᠎ᠠ ᠲᠠᠢ ᠪᠤᠯᠭᠠᠯ᠎ᠠ︾᠃ | ᠨᠡᠶᠢᠬᠡᠮ ᠲᠣᠭᠤᠷᠢᠭ ᠤᠨ ᠠᠵᠢᠯᠳᠠᠨ ᠲᠠᠨ᠎ᠠ᠄ ︽ᠬᠤᠰᠢᠭᠤᠨ ᠤ ︿ᠬᠤᠶᠠᠷ ᠬᠤᠷᠠᠯ﹀ ᠨᠢ ᠮᠠᠨ ᠤ | ᠲᠠᠷᠠᠭᠠᠴᠢ ᠶᠢᠨ ᠠᠯᠬᠤᠮ ᠤᠨ ᠠᠵᠢᠯ ᠳᠤ ᠴᠢᠭᠯᠡᠯ ᠢ ᠵᠢᠭᠠᠵᠤ ᠬᠠᠷᠠᠯᠲᠠ ᠶᠢ ᠲᠣᠭᠲᠠᠭᠠᠪᠠ᠂ ᠪᠢᠳᠡ ︿ᠬᠤᠶᠠᠷ ᠬᠤᠷᠠᠯ | ﹀ ᠢᠶᠠᠷ ᠠᠵᠠ ᠲᠣᠬᠢᠶᠠᠯ ᠪᠣᠯᠭᠠᠨ᠂ ᠦᠢᠯᠡᠴᠢᠯᠡᠭᠡᠨ ᠤ ᠤᠬᠠᠮᠰᠠᠷ ᠢᠶᠠᠨ ᠤᠯᠠᠮ ᠴᠢᠩᠭᠠᠳᠬᠠᠵᠤ᠂ ᠠᠷᠠᠳ | ᠢᠷᠭᠡᠳ ᠤᠨ ᠤᠯᠤᠯᠳᠠ ᠬᠦᠷᠲᠡᠮᠵᠢ ᠶᠢᠨ ᠲᠥᠷᠥᠭᠳᠡᠯ ᠠᠵᠠ ᠵᠢᠷᠭᠠᠯ ᠤᠨ ᠲᠦᠷᠦᠭᠳᠡᠯ ᠶᠢ ᠤᠯᠠᠮ ᠨᠡᠮᠡᠭᠳᠡᠬᠦᠯᠬᠦ ᠪᠠᠷ | ᠴᠢᠷᠮᠠᠶᠢᠨ᠎ᠠ︾᠃ | ᠰᠠᠭᠤᠭᠠᠯᠢ ᠠᠷᠠᠳ ᠯᠢᠦ ᠲᠢᠩ ᠲᠢᠩ᠄ ︽ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ | ᠮᠠᠨ ᠤ ᠬᠤᠰᠢᠭᠤ ᠨᠢ ᠬᠤᠲᠠ ᠪᠠᠯᠭᠠᠰᠤᠨ ᠤ ᠴᠢᠨᠠᠷ ᠴᠢᠨᠰᠠᠭ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠬᠥᠳᠡᠭᠡ | ᠲᠣᠰᠬᠤᠨ ᠤ ᠣᠷᠴᠢᠨ ᠲᠣᠭᠤᠷᠢᠨ ᠢ ᠶᠡᠬᠡᠪᠡᠷ ᠰᠠᠶᠢᠵᠢᠷᠠᠭᠤᠯᠤᠨ᠎ᠠ ᠬᠡᠵᠦ ᠲᠤᠷᠠᠳᠤᠭᠰᠠᠨ ᠪᠠᠶᠢᠨ᠎ᠠ᠂ ᠡᠨᠡ ᠨᠢ | ᠨᠠᠳᠠ ᠶᠡᠭᠡ ᠲᠠᠭᠠᠯᠠᠭᠳᠠᠭᠰᠠᠨ᠂ ᠡᠳᠡᠭᠡᠷ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠠᠯᠢ | ᠲᠦᠷᠭᠡᠨ ᠢᠶᠠᠷ ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ᠂ ᠮᠠᠨ ᠤ ᠲᠠᠶᠢᠹᠤᠰᠧ ᠬᠤᠰᠢᠭᠤᠨ ᠤ ᠬᠤᠲᠠ ᠪᠠᠯᠭᠠᠰᠤ | ᠪᠠ ᠬᠥᠳᠡᠭᠡ ᠲᠤᠰᠬᠤᠨ ᠪᠦᠷ ᠤᠯᠠᠮ ᠦᠵᠡᠰᠬᠦᠯᠡᠩᠲᠦ ᠰᠠᠶᠢᠬᠠᠨ ᠪᠤᠯᠵᠤ᠂ ᠠᠷᠠᠳ ᠣᠯᠠᠨ ᠤ ᠠᠮᠢᠳᠤᠷᠠᠯ | ᠤᠯᠠᠮ ᠠᠴᠠ ᠤᠯᠠᠮ ᠰᠠᠶᠢᠵᠢᠷᠠᠬᠤ ᠶᠢ ᠢᠳᠡᠬᠡᠵᠦ ᠪᠠᠶᠢᠨ᠎ᠠ︾᠃ | ᠰᠠᠭᠤᠭᠠᠯᠢ ᠠᠷᠠᠳ ᠳ᠋ᠦᠩ ᠷᠦᠢ ᠵᠢᠶᠦ᠋ᠨ᠄ ︽ ᠪᠢᠳᠡᠨ ᠰᠢᠭ ᠭᠡᠷ ᠤᠨ ᠠᠬᠠᠮᠠᠳ ᠲᠤ ᠠᠪᠴᠤ ᠬᠡᠯᠡᠪᠡᠯ᠂ | ᠬᠡᠤᠬᠡᠳ ᠤᠨ ᠰᠤᠷᠭᠠᠨ ᠬᠥᠮᠦᠵᠢᠯ ᠤᠨ ᠠᠰᠠᠭᠤᠳᠠᠯ ᠪᠣᠯ ᠬᠠᠮᠤᠭ ᠠᠴᠠ ᠠᠩᠬᠠᠷᠴᠤ ᠬᠠᠯᠠᠮᠵᠢᠯᠠᠵᠤ ᠪᠠᠶᠢᠭ᠎ᠠ | ᠠᠷᠠᠳ ᠤᠨ ᠠᠮᠢᠳᠤᠷᠠᠯ ᠤᠨ ᠠᠰᠠᠭᠤᠳᠠᠯ ᠪᠣᠯᠤᠨ᠎ᠠ᠃ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ | ᠢᠯᠡᠳᠬᠡᠯ ᠳᠤ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠡ᠂ ᠪᠠᠭᠰᠢ ᠶᠢᠨ | ᠡᠩᠨᠡᠭᠡ ᠪᠣᠯᠣᠨ ᠰᠤᠷᠭᠠᠨ ᠬᠥᠮᠦᠵᠢᠯ ᠤᠨ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠦᠷᠭᠦᠯᠵᠢᠯᠡᠨ | ᠴᠢᠩᠭᠠᠳᠬᠠᠨ᠎ᠠ ᠬᠡᠵᠦ ᠲᠤᠷᠠᠳᠤᠭᠰᠠᠨ ᠪᠠᠶᠢᠨ᠎ᠠ᠃ ᠮᠢᠨᠦ ᠬᠤᠪᠢ ᠳᠤ᠂ ᠲᠠᠶᠢᠹᠤᠰᠧ ᠬᠤᠰᠢᠭᠤᠨ ᠤ ᠰᠤᠷᠭᠠᠨ | ᠬᠦᠮᠦᠵᠢᠯ ᠤᠨ ᠦᠢᠯᠡᠰ ᠤᠨ ᠪᠦᠬᠦᠯᠢ ᠴᠤᠭᠴᠠ ᠶᠢᠨ ᠳᠡᠭᠡᠭᠰᠢᠯᠡᠯᠲᠡ ᠶᠢ ᠲᠤᠩ ᠬᠦᠰᠡᠵᠦ ᠪᠠᠶᠢᠨ᠎ᠠ︾᠃ | ᠲᠠᠶᠢᠹᠤᠰᠧ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠪᠦᠷ᠄ ︽ ᠡᠬᠦᠷᠭᠡ ᠬᠠᠷᠢᠭᠤᠴᠠᠯᠭ᠎ᠠ ᠶᠢ ᠮᠦᠷᠦᠯᠡᠨ᠂ | ᠬᠠᠶᠢᠷ᠎ᠠ ᠰᠡᠳᠬᠢᠯᠭᠡ ᠶᠢ ᠡᠪᠦᠷᠯᠡᠵᠦ᠂ ᠠᠷᠠᠳ ᠤᠯᠠᠨ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ | ᠳᠤᠯᠠᠭᠠᠴᠠᠭᠤᠯᠬᠤ ᠨᠠᠩ ᠣᠯᠠᠨ ᠠᠷᠭ᠎ᠠ ᠬᠡᠮᠵᠢᠶ᠎ᠡ ᠠᠪᠴᠤ᠂ ᠣᠯᠠᠨ ᠲᠦᠮᠡᠨ ᠤ ᠬᠦᠰᠡᠵᠦ ᠬᠠᠷᠠᠭᠰᠠᠨ ᠵᠤᠪᠠᠵᠤ | ᠰᠠᠨᠠᠭᠠᠰᠢᠷᠠᠭᠰᠠᠨ ᠠᠰᠠᠭᠤᠳᠠᠯ ᠳᠤ ᠬᠠᠨᠤᠮᠵᠢᠲᠠᠶ ᠬᠠᠷᠢᠭᠤᠯᠲᠠ ᠦᠭᠴᠦ᠂ ᠠᠷᠠᠳ ᠣᠯᠠᠨ ᠤ ᠤᠯᠤᠯᠳᠠ | ᠬᠦᠷᠲᠡᠮᠵᠢ ᠶᠢᠨ ᠲᠥᠷᠥᠭᠳᠡᠯ᠂ ᠠᠵᠠ ᠵᠢᠷᠭᠠᠯ ᠤᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ | ᠲᠠᠰᠤᠷᠠᠯᠲᠠ ᠦᠭᠡᠢ ᠨᠡᠮᠡᠭᠳᠡᠭᠦᠯᠦᠨ᠎ᠡ︾ ᠭᠡᠵᠦ ᠢᠯᠡᠷᠭᠡᠶᠢᠯᠡᠵᠡᠭᠡᠨ᠎ᠡ᠃ |