1 ᠰᠠᠷ᠎ᠠ ᠶᠢᠨ 15 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠢᠨ ᠵᠢᠱᠢᠭᠳᠡᠭᠴᠢ᠂ ᠰᠠᠨᠠᠯ ᠵᠥᠪᠯᠡᠯᠭᠡ ᠶᠢ ᠬᠢᠨᠠᠨ | ᠪᠠᠶᠢᠴᠠᠭᠠᠬᠤ ᠵᠥᠪᠯᠡᠯ ᠤᠨ ᠡᠷᠬᠢᠯᠡᠭᠴᠢ ᠭᠡᠰᠢᠭᠦᠨ ᠯᠢᠦ ᠲᠢᠩ ᠰᠢᠤ ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠰᠠᠨᠠᠯ | ᠵᠥᠪᠯᠡᠯᠭᠡ ᠶᠢ ᠬᠢᠨᠠᠨ ᠪᠠᠶᠢᠴᠠᠭᠠᠬᠤ ᠵᠥᠪᠯᠡᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ 1 ᠰᠠᠷ᠎ᠠ ᠶᠢᠨ 15 ᠤ | ᠡᠳᠦᠷ ᠤᠨ 12 ᠴᠠᠭ ᠪᠣᠯᠲᠠᠯ᠎ᠠ᠂ ᠶᠡᠭᠡ ᠬᠤᠷᠠᠯ ᠤᠨ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ ᠵᠦᠪᠯᠡᠯ ᠨᠢ 90 | ᠬᠤᠪᠢ ᠰᠠᠨᠠᠯ ᠰᠠᠨᠠᠭᠤᠯᠭ᠎ᠠ ᠶᠢ ᠬᠦᠯᠢᠶᠡᠨ ᠠᠪᠴᠠᠢ᠂ ᠲᠥᠯᠥᠭᠡᠯᠡᠭᠴᠢᠳ ᠤᠨ ᠪᠦᠯᠬᠦᠮ ᠤᠨ ᠨᠡᠷ᠎ᠡ ᠬᠤᠯᠪᠣᠨ | ᠳᠤᠷᠠᠳᠤᠭᠰᠠᠨ ᠰᠠᠨᠠᠯ ᠰᠠᠨᠠᠭᠤᠯᠭ᠎ᠠ ᠪᠠᠶᠢᠬᠤ ᠦᠭᠡᠢ᠃ ᠬᠢᠨᠠᠨ ᠪᠠᠶᠢᠴᠠᠭᠠᠬᠤ ᠵᠥᠪᠯᠡᠯ ᠤᠨ ᠦᠵᠡᠬᠦ ᠪᠠᠷ᠂ | ᠲᠥᠯᠥᠭᠡᠯᠡᠭᠴᠢᠳ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ ᠠᠵᠢᠯ ᠤᠨ ᠲᠣᠭᠤᠷᠢᠨ ᠳᠤ᠂ | ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ᠂ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠶᠢ ᠴᠢᠩᠭᠠᠳᠬᠠᠬᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠵᠡᠷᠭᠡ ᠲᠠᠯ᠎ᠠ ᠪᠠᠷ ᠮᠠᠰᠢ | ᠣᠯᠠᠨ ᠰᠠᠶᠢᠨ ᠰᠠᠨᠠᠯ ᠰᠠᠨᠠᠭᠤᠯᠭ᠎ᠠ ᠶᠢ ᠲᠤᠷᠠᠳᠤᠭᠰᠠᠨ ᠪᠠᠶᠢᠨ᠎ᠠ᠃ ᠡᠳᠡᠭᠡᠷ ᠰᠠᠨᠠᠯ ᠰᠠᠨᠠᠭᠤᠯᠭ᠎ᠠ ᠪᠣᠯ ᠢᠳᠡᠪᠬᠢᠲᠡᠶ ᠪᠠᠷ | ᠪᠠᠶᠢᠴᠠᠭᠠᠨ ᠰᠤᠳᠤᠯᠤᠯᠲᠠ ᠬᠢᠵᠦ᠂ ᠡᠯ᠎ᠡ ᠲᠠᠯ᠎ᠠ ᠶᠢᠨ ᠰᠠᠨᠠᠯ ᠢ ᠥᠷᠭᠡᠨ ᠢᠶᠠᠷ ᠴᠤᠭᠯᠠᠭᠤᠯᠤᠭᠰᠠᠨ ᠰᠠᠭᠤᠷᠢᠨ ᠳᠡᠭᠡᠷ᠎ᠡ | ᠪᠦᠷᠢᠯᠳᠦᠭᠰᠡᠨ ᠶᠤᠮ᠂ ᠡᠨᠡ ᠨᠢ ᠠᠷᠠᠳ ᠤᠯᠠᠨ ᠤ ᠬᠦᠰᠡᠯ ᠡᠷᠡᠮᠡᠯᠵᠡᠯ ᠪᠠ ᠰᠡᠳᠬᠢᠯ ᠤᠨ ᠳᠠᠭᠤᠨ ᠢ ᠲᠥᠯᠥᠭᠡᠯᠡᠵᠦ | ᠪᠤᠢ᠃ ᠡᠲᠡᠭᠡᠷ ᠰᠠᠨᠠᠯ ᠰᠠᠨᠠᠭᠤᠯᠭ᠎ᠠ ᠶᠢ ᠰᠠᠶᠢᠲᠤᠷ ᠰᠢᠢᠳᠪᠦᠷᠢᠯᠡᠬᠦ ᠨᠢ ᠵᠠᠰᠠᠭ ᠤᠨ ᠣᠷᠳᠣᠨ ᠪᠠ ᠠᠷᠠᠳ ᠣᠯᠠᠨ ᠤ | ᠬᠠᠷᠢᠯᠴᠠᠭ᠎ᠠ ᠶᠢ ᠤᠯᠠᠮ ᠨᠢᠭᠲᠠᠷᠠᠭᠤᠯᠵᠤ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ | ᠪᠣᠳᠣᠯᠭ᠎ᠠ ᠲᠤᠭᠳᠠᠭᠠᠬᠤ ᠪᠠ ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ ᠲᠦᠪᠰᠢᠨ ᠢ ᠳᠡᠭᠡᠭᠰᠢᠯᠡᠭᠦᠯᠦᠨ᠂ | ᠲᠠᠶᠢᠹᠤᠰᠧ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ᠂ ᠠᠷᠠᠳ ᠤᠨ ᠠᠮᠢᠳᠤᠷᠠᠯ ᠤᠨ | ᠰᠠᠶᠢᠵᠢᠷᠠᠭᠤᠯᠤᠯᠳᠠ ᠳᠤ ᠪᠦᠷ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠬᠦ ᠪᠣᠯᠤᠨ᠎ᠠ᠃ ᠰᠠᠨᠠᠯ ᠵᠥᠪᠯᠡᠯᠭᠡ ᠶᠢ | ᠬᠢᠨᠠᠨ ᠪᠠᠶᠢᠴᠠᠭᠠᠬᠤ ᠵᠦᠪᠯᠡᠯ ᠠᠴᠠ ᠲᠥᠯᠥᠭᠡᠯᠡᠭᠴᠢᠳ ᠤᠨ ᠳᠤᠷᠠᠳᠤᠭᠰᠠᠨ ᠰᠠᠨᠠᠯ ᠰᠠᠨᠠᠭᠤᠯᠭ᠎ᠠ ᠶᠢ ᠬᠢᠨᠠᠨ | ᠪᠠᠶᠢᠴᠠᠭᠠᠵᠤ᠂ ᠬᠡᠰᠡᠭ ᠭᠤᠣᠯᠳᠠᠯᠭ᠎ᠠ ᠲᠠᠢ ᠰᠠᠨᠠᠭᠤᠯᠭ᠎ᠠ ᠶᠢ ᠲᠤᠭᠳᠠᠭᠠᠨ᠂ ᠬᠦᠢᠴᠡᠳᠭᠡᠬᠦ ᠰᠠᠨᠠᠯ ᠤᠨ ᠮᠡᠳᠡᠭᠦᠯᠦᠯᠲᠡ | ᠶᠢ ᠭᠠᠷᠭᠠᠭᠰᠠᠨ ᠤ ᠬᠠᠮᠲᠤ ᠬᠢᠨᠠᠨ ᠪᠠᠶᠢᠴᠠᠭᠠᠭᠰᠠᠨ ᠮᠡᠳᠡᠭᠦᠯᠦᠯᠲᠡ ᠪᠠᠨ ᠶᠡᠭᠡ ᠬᠤᠷᠠᠯ ᠤᠨ ᠲᠡᠷᠢᠭᠦᠯᠡᠭᠴᠢᠳ ᠤᠨ | ᠪᠦᠯᠬᠦᠮ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠲᠣᠭᠲᠠᠪᠠ᠃ |