ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠠᠷᠪᠠᠨ ᠲᠠᠪᠤᠳᠤᠭᠠᠷ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2025/1/17
  1 ᠰᠠᠷ᠎ᠠ ᠶᠢᠨ 15 ᠤ ᠦᠳᠡ ᠶᠢᠨ ᠬᠤᠶᠢᠨ᠎ᠠ᠂ ᠤᠯᠤᠰ ᠲᠥᠷᠥ ᠶᠢᠨ ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠠᠷᠪᠠᠨ ᠲᠠᠪᠤᠳᠤᠭᠠᠷ ᠤᠳᠠᠭᠠᠨ ᠤ ᠬᠤᠷᠠᠯ ᠬᠤᠷᠠᠯᠳᠤᠪᠠ᠃  ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠶᠠᠩ ᠶᠢᠨ ᠮᠢᠩ ᠬᠤᠷᠠᠯ ᠢ ᠡᠷᠬᠢᠯᠡᠵᠦ᠂  ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠡᠴᠡᠨᠴᠣᠭᠲᠤ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠢ ᠵᠢᠦ ᠴᠧᠩ᠂ ᠢᠦᠶ ᠴᠧᠩ ᠭᠦᠸᠧ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠵᠢᠱᠢᠭᠳᠡᠭᠴᠢ ᠵᠣᠣ ᠵᠢᠶᠠᠨ ᠳ᠋ᠦᠩ᠂ ᠱᠢ ᠵᠠᠨ ᠵᠢᠶᠦ᠋ᠨ ᠬᠤᠷᠠᠯ ᠳᠤ ᠣᠷᠣᠯᠴᠠᠵᠠᠶ᠃ ᠬᠤᠷᠠᠯ ᠳᠤ ᠣᠷᠣᠯᠴᠠᠬᠤ ᠶᠣᠰᠣᠲᠠᠶ ᠭᠡᠰᠢᠭᠦᠨ 27 ᠬᠥᠮᠦᠨ᠂ ᠪᠣᠳᠠᠲᠠᠶ ᠣᠷᠣᠯᠴᠠᠭᠰᠠᠨ ᠨᠢ 24 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠲᠤᠭ᠎ᠠ ᠳᠤ ᠨᠡᠶᠢᠴᠡᠨ᠎ᠡ᠃ ᠬᠤᠷᠠᠯ ᠲᠡᠭᠡᠷ᠎ᠡ᠂ ᠡᠯ᠎ᠡ ᠳᠤᠭᠤᠶᠢᠯᠠᠩ ᠤᠨ ᠶᠠᠷᠢᠯᠴᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠴᠤ᠂  ᠤᠯᠤᠰ ᠲᠥᠷᠥ ᠶᠢᠨ ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠳᠡᠳ᠋ ᠲᠡᠷᠢᠭᠦᠯᠡᠭᠴᠢ ᠶᠢᠨ ᠵᠢᠱᠢᠭᠳᠡᠭᠰᠡᠳ ᠤᠨ ᠨᠡᠷᠡᠰ ︵ᠲᠥᠰᠦᠯ︶ ᠢ ᠬᠢᠨᠠᠨ ᠵᠥᠪᠯᠡᠵᠦ ᠪᠠᠳᠤᠯᠠᠭᠰᠠᠨ ᠪᠦᠭᠡᠳ ᠤᠯᠤᠰ ᠲᠦᠷᠦ ᠶᠢᠨ ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ  ᠲᠦᠷᠪᠡᠳᠦᠭᠡᠷ ᠬᠤᠷᠠᠯᠳᠤᠭᠠᠨ ᠤ ᠰᠤᠩᠭᠤᠭᠤᠯᠢ ᠶᠢᠨ ᠠᠷᠭ᠎ᠠ ︵ᠲᠦᠰᠦᠯ︶᠂  ᠰᠣᠩᠭᠤᠭᠤᠯᠢ ᠶᠢᠨ  ᠶᠡᠭᠡ ᠬᠤᠷᠠᠯ ᠤᠨ ᠶᠡᠷᠦᠩᠬᠡᠢ ᠪᠢᠯᠧᠲ ᠬᠢᠨᠠᠭᠴᠢ᠂ ᠪᠢᠯᠧᠲ ᠬᠢᠨᠠᠭᠴᠢ ᠶᠢᠨ ᠨᠡᠷᠡᠰ ︵ᠲᠥᠰᠦᠯ︶᠂  ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠤᠨ ᠲᠤᠬᠠᠢ ᠰᠢᠢᠳᠪᠦᠷᠢ ︵ᠲᠥᠰᠦᠯ︶᠂  ᠰᠠᠨᠠᠯ ᠳᠤᠷᠠᠳᠤᠯᠭ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠶ ᠰᠢᠢᠳᠪᠦᠷᠢ ︵ᠲᠥᠰᠦᠯ︶᠂  ᠰᠠᠨᠠᠯ ᠳᠤᠷᠠᠳᠤᠯᠭ᠎ᠠ ᠶᠢᠨ ᠵᠥᠪᠯᠡᠯ ᠤᠨ ᠰᠠᠨᠠᠯ ᠳᠤᠷᠠᠳᠤᠯᠭ᠎ᠠ ᠶᠢ ᠡᠯᠰᠡᠨ ᠴᠤᠭᠯᠠᠭᠤᠯᠤᠭᠰᠠᠨ ᠪᠠ ᠬᠢᠨᠠᠨ ᠪᠠᠶᠢᠴᠠᠭᠠᠭᠰᠠᠨ ᠲᠤᠬᠠᠢ ᠠᠵᠢᠯ ᠤᠨ ᠮᠡᠳᠡᠭᠦᠯᠦᠯᠲᠡ ︵ᠲᠥᠰᠦᠯ︶᠂ ᠤᠯᠤᠰ ᠲᠥᠷᠥ ᠶᠢᠨ ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠤ ᠤᠯᠤᠰ ᠲᠥᠷᠥ ᠶᠢᠨ ᠰᠢᠢᠳᠪᠦᠷᠢ ︵ᠲᠥᠰᠦᠯ︶   ᠶᠢ ᠬᠢᠨᠠᠨ  ᠵᠦᠪᠯᠡᠭᠰᠡᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号