ᠠᠷᠠᠳ ᠤᠨ ᠲᠥᠯᠥᠭᠡᠯᠡᠭᠴᠢᠳ ᠲᠤᠭᠤᠶᠢᠯᠠᠩ ᠬᠤᠪᠢᠶᠠᠵᠤ ᠬᠦᠭᠵᠢᠶᠡᠨᠳᠡᠢ ᠶᠠᠷᠢᠯᠴᠠᠭᠰᠠᠨ
ᠨᠡᠶᠢᠲᠡᠯᠡᠭᠰᠡᠨ ᠴᠠᠭ᠄
2025/1/17
  1 ᠰᠠᠷ᠎ᠠ ᠶᠢᠨ 15 ᠤ ᠡᠳᠦᠷ᠂ ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯᠳᠤᠭᠠᠨ ᠳᠤ ᠣᠷᠣᠯᠴᠠᠭᠰᠠᠨ ᠲᠥᠯᠥᠭᠡᠯᠡᠭᠴᠢᠳ ᠥᠪᠡᠷ ᠥᠪᠡᠷ ᠤᠨ ᠲᠥᠯᠥᠭᠡᠯᠡᠭᠴᠢᠳ ᠤᠨ ᠪᠦᠯᠬᠦᠮ ᠳᠡᠭᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠠᠵᠢᠯ ᠤᠨ ᠢᠯᠡᠳᠬᠡᠯ ᠪᠠ ᠪᠤᠰᠤᠳ ᠢᠯᠡᠳᠬᠡᠯ ᠤᠨ ᠲᠣᠭᠤᠷᠢᠨ ᠳᠤ ᠬᠥᠭᠵᠢᠶᠡᠨᠲᠡᠢ ᠶᠠᠷᠢᠯᠴᠠᠪᠠ᠃ ᠴᠧᠨ ᠶᠠᠨ ᠪᠦᠦ᠂ ᠯᠢ ᠵᠠᠨ ᠷᠦᠢ᠂  ᠳ᠋ᠠᠢ ᡁᠢ ᠷᠦᠢ ᠵᠡᠷᠭᠡ ᠬᠤᠰᠢᠭᠤᠨ ᠤ ᠤᠳᠤᠷᠢᠳᠤᠯᠭ᠎ᠠ ᠨᠠᠷ ᠥᠪᠡᠷ ᠥᠪᠡᠷ ᠤᠨ ᠲᠥᠯᠥᠭᠡᠯᠡᠭᠴᠢᠳ ᠤᠨ ᠪᠦᠯᠬᠦᠮ ᠤᠨ ᠶᠠᠷᠢᠯᠴᠠᠭ᠎ᠠ ᠳᠤ ᠤᠷᠤᠯᠴᠠᠵᠠᠢ᠃  ᠲᠥᠯᠥᠭᠡᠯᠡᠭᠴᠢᠳ ᠠᠴᠠ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠭᠤᠣᠯ ᠰᠡᠳᠦᠪ ᠨᠢ ᠢᠯᠡ ᠲᠣᠳᠣ᠂ ᠰᠡᠳᠬᠢᠴᠡ ᠨᠢ ᠲᠣᠳᠣᠷᠬᠠᠢ᠂ ᠭᠤᠣᠯᠳᠠᠯᠭ᠎ᠠ ᠨᠢ ᠲᠣᠪᠣᠶᠢᠮ᠎ᠠ ᠪᠠᠶᠢᠵᠤ᠂ ᠥᠩᠭᠡᠷᠡᠭᠰᠡᠨ ᠨᠢᠭᠡ ᠵᠢᠯ ᠤᠨ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ   ᠶᠢᠨ ᠦᠷ᠎ᠡ ᠪᠦᠲᠦᠭᠡᠯ   ᠢ ᠪᠥᠬᠦ ᠲᠠᠯ᠎ᠠ ᠪᠠᠷ ᠳ᠋ᠦᠩᠨᠡᠨ᠂  ᠰᠢᠨ᠎ᠡ ᠨᠢᠬᠡ ᠵᠢᠯ   ᠤᠨ ᠬᠥᠭᠵᠢᠯᠲᠡ   ᠶᠢᠨ ᠰᠢᠨ᠎ᠡ ᠬᠠᠷᠠᠯᠲᠠ ᠰᠢᠨ᠎ᠡ ᠡᠭᠦᠷᠭᠡ   ᠶᠢ ᠲᠣᠳᠣᠷᠬᠠᠢ ᠳᠤᠷᠠᠳᠤᠨ ᠨᠢᠮᠪᠠᠢ ᠪᠠᠶᠢᠷᠢᠯᠠᠭᠤᠯᠤᠭᠠᠳ᠂ ᠪᠥᠬᠦ ᠬᠤᠰᠢᠭᠤᠨ ᠤ ᠬᠥᠭᠵᠢᠯᠲᠡ   ᠶᠢᠨ ᠪᠣᠳᠠᠲᠤ ᠪᠠᠶᠢᠳᠠᠯ ᠳᠤ  ᠨᠡᠶᠢᠴᠡᠭᠰᠡᠨ᠂  ᠪᠥᠬᠦ ᠲᠠᠯ᠎ᠠ   ᠶᠢ ᠡᠵᠡᠮᠳᠡᠵᠦ ᠴᠢᠭᠯᠡᠯ   ᠢ ᠵᠢᠭᠠᠭᠰᠠᠨ ᠰᠠᠶᠢᠨ ᠮᠡᠳᠡᠭᠦᠯᠦᠯᠲᠡ ᠪᠤᠯᠤᠯ᠎ᠠ ᠬᠡᠵᠦ  ᠰᠠᠨᠠᠯ ᠨᠢᠭᠡᠲᠡᠢ ᠦᠵᠡᠵᠡᠭᠡᠪᠡ᠃ ᠴᠧᠨ ᠶᠠᠨ ᠪᠦᠦ ᠴᠢᠶᠠᠨ ᠶᠢᠨ ᠭᠸᠤ ᠪᠠᠯᠭᠠᠰᠤᠨ ᠤ ᠲᠥᠯᠥᠭᠡᠯᠡᠭᠴᠢᠳ ᠤᠨ ᠪᠦᠯᠬᠦᠮ ᠤᠨ ᠶᠠᠷᠢᠯᠴᠠᠯᠭ᠎ᠠ ᠳᠤ  ᠤᠷᠤᠯᠴᠠᠵᠤ  ᠂ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠬᠤ ᠶᠢᠨ ᠬᠠᠮᠲᠤ ᠲᠥᠯᠥᠭᠡᠯᠡᠭᠴᠢᠳ ᠲᠠᠢ  ᠰᠠᠨᠠᠯ ᠪᠤᠳᠤᠯ ᠢᠶᠠᠨ ᠰᠣᠯᠢᠯᠴᠠᠪᠠ᠃ ᠴᠧᠨ ᠶᠠᠨ ᠪᠦᠦ ᠵᠢᠭᠠᠵᠤ ᠭᠠᠷᠭᠠᠬᠤ ᠳᠠᠭᠠᠨ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠡᠷᠭᠡᠪᠰᠢ ᠬᠥᠭᠵᠢᠯᠲᠡ ᠶᠢᠨ ᠢᠲᠡᠭᠡᠯ ᠢᠶᠠᠨ ᠨᠡᠮᠡᠭᠳᠡᠭᠦᠯᠵᠦ᠂ ᠬᠦᠴᠦᠯᠡᠨ ᠴᠢᠷᠮᠠᠶᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠴᠢᠷᠮᠠᠶᠢᠨ ᠠᠵᠢᠯᠯᠠᠵᠤ᠂ ᠠᠵᠤ ᠠᠬᠤᠶ ᠶᠢᠨ ᠬᠥᠭᠵᠢᠯᠲᠡ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠬᠤᠶᠠᠷ ᠭᠤᠤᠯᠳᠠᠯᠭ᠎ᠠ ᠲᠠᠢ ᠠᠵᠢᠯ ᠢ ᠴᠢᠩᠭ᠎ᠠ ᠠᠳᠬᠤᠨ᠂ ᠠᠷᠠᠳ ᠣᠯᠠᠨ ᠤ ᠤᠯᠤᠯᠳᠠ ᠬᠦᠷᠲᠡᠮᠵᠢ ᠶᠢᠨ ᠲᠥᠷᠥᠭᠳᠡᠯ᠂ ᠠᠵᠠ ᠵᠢᠷᠭᠠᠯ ᠤᠨ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠠᠷᠠᠳ ᠤᠨ ᠲᠥᠯᠥᠭᠡᠯᠡᠭᠴᠢᠳ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠢ ᠦᠷᠭᠦᠯᠵᠢᠯᠡᠨ ᠳᠡᠮᠵᠢᠵᠦ᠂  ᠪᠣᠳᠠᠲᠠᠶ ᠶᠢ ᠡᠷᠬᠢᠮᠯᠡᠭᠰᠡᠨ ᠠᠷᠭ᠎ᠠ ᠪᠣᠳᠣᠯᠭ᠎ᠠ ᠶᠢ ᠢᠯᠡᠭᠦᠬᠡᠨ ᠳᠡᠪᠰᠢᠭᠦᠯᠵᠦ᠂ ᠠᠷᠠᠳ ᠣᠯᠠᠨ ᠤ ᠳᠣᠲᠣᠨᠣ ᠬᠥᠮᠦᠨ᠂ ᠣᠷᠣᠯᠠᠨ ᠥᠭᠦᠯᠡᠭᠴᠢ ᠪᠣᠯᠵᠣ᠂ ᠲᠠᠶᠢᠪᠤᠰᠧ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠡᠶ᠃ ᠯᠢ ᠵᠠᠨ ᠷᠦᠢ ᠰᠢᠩ ᠹᠦ᠋ ᠰᠢᠶᠠᠩ ᠤᠨ ᠲᠥᠯᠥᠭᠡᠯᠡᠭᠴᠢᠳ ᠤᠨ ᠪᠦᠯᠬᠦᠮ ᠤᠨ ᠶᠠᠷᠢᠯᠴᠠᠯᠭ᠎ᠠ ᠳᠤ ᠤᠷᠤᠯᠴᠠᠬᠤ ᠳᠠᠭᠠᠨ᠂ ᠠᠷᠠᠳ ᠤᠨ ᠠᠮᠢᠳᠤᠷᠠᠯ ᠤᠨ ᠦᠢᠯᠡᠰ᠂ ᠠᠵᠤ ᠠᠬᠤᠢ ᠶᠢᠨ ᠬᠥᠭᠵᠢᠯᠲᠡ᠂  ᠬᠠᠤᠯᠢ ᠪᠠᠷ ᠵᠠᠰᠠᠬᠤ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠵᠥᠪᠯᠡᠬᠦ ᠰᠡᠳᠦᠪ ᠤᠨ ᠲᠣᠭᠤᠷᠢᠨ ᠳᠤ ᠤᠯᠠᠨ ᠲᠠᠢ ᠭᠦᠨᠵᠡᠭᠡᠢ ᠶᠠᠷᠢᠯᠴᠠᠵᠤ᠂ ᠬᠥᠭᠵᠢᠯᠲᠡ ᠶᠢᠨ ᠰᠠᠶᠢᠨ ᠠᠷᠭ᠎ᠠ ᠪᠤᠳᠤᠯᠭ᠎ᠠ ᠶᠢ ᠬᠠᠮᠲᠤᠪᠠᠷ ᠰᠦᠪᠡᠭᠴᠢᠯᠡᠭᠰᠡᠨ ᠪᠠᠶᠢᠨ᠎ᠠ᠃ ᠯᠢ ᠵᠠᠨ ᠷᠦᠢ ᠴᠢᠬᠤᠯᠠᠴᠢᠯᠠᠬᠤ ᠳᠠᠭᠠᠨ᠂ ᠥᠷᠭᠡᠨ ᠣᠯᠠᠨ ᠠᠷᠠᠳ ᠤᠨ ᠲᠥᠯᠥᠭᠡᠯᠡᠭᠴᠢᠳ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠲᠣᠭᠲᠠᠭᠠᠭᠰᠠᠨ ᠬᠥᠭᠵᠢᠯᠲᠡ ᠶᠢᠨ ᠬᠠᠷᠠᠯᠲᠠ ᠶᠢᠨ ᠲᠣᠭᠤᠷᠢᠨ ᠳᠤ᠂ ᠠᠷᠠᠳ ᠤᠨ ᠲᠥᠯᠥᠭᠡᠯᠡᠭᠴᠢ ᠶᠢᠨ ᠣᠶᠤᠨ ᠤᠬᠠᠭᠠᠨ ᠪᠠ ᠳᠠᠯᠳᠠ ᠴᠢᠳᠠᠪᠤᠷᠢ ᠪᠠᠨ ᠭᠦᠢᠴᠡᠳ ᠠᠰᠢᠭᠯᠠᠵᠤ᠂ ᠠᠵᠤ ᠠᠬᠤᠶ ᠶᠢᠨ ᠬᠥᠭᠵᠢᠯᠲᠡ ᠪᠠ ᠠᠷᠠᠳ ᠤᠨ ᠠᠮᠢᠳᠤᠷᠠᠯ ᠤᠨ ᠰᠠᠶᠢᠵᠢᠷᠠᠯᠳᠠ ᠵᠡᠷᠭᠡ  ᠬᠦᠷᠢᠶ᠎ᠡ ᠴᠠᠷᠠᠭ᠎ᠠ ᠳᠤ ᠰᠠᠨᠠᠭᠠᠴᠢᠯᠠᠭ᠎ᠠ ᠠᠴᠠ ᠪᠠᠨ ᠰᠠᠨᠠᠯ ᠰᠠᠨᠠᠭᠤᠯᠭ᠎ᠠ ᠪᠠ ᠠᠷᠭ᠎ᠠ ᠪᠣᠳᠣᠯᠭ᠎ᠠ ᠲᠡᠪᠰᠢᠬᠦᠯᠦᠨ᠂ ᠲᠥᠯᠥᠭᠡᠯᠡᠭᠴᠢᠳ ᠤᠨ ᠣᠶᠤᠨ ᠤᠬᠠᠭᠠᠨ ᠢ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠤᠷᠤᠭᠰᠢᠯᠠᠯᠲᠠ ᠶᠢᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠶ ᠭᠡᠪᠡ᠃  ᠲᠤᠭᠤᠶᠢᠯᠠᠩ ᠬᠤᠪᠢᠶᠠᠨ ᠶᠠᠷᠢᠯᠴᠠᠬᠤ ᠠᠬᠤᠢ ᠲᠠᠯᠠᠪᠠᠶ ᠶᠢᠨ ᠠᠭᠤᠷ ᠠᠮᠢᠰᠬᠤᠯ ᠮᠠᠰᠢ ᠬᠥᠷ ᠬᠥᠭᠵᠢᠶᠡᠨᠲᠡᠶ ᠪᠠᠶᠢᠵᠤ᠂ ᠲᠥᠯᠥᠭᠡᠯᠡᠭᠴᠢᠳ ᠲᠣᠰ ᠲᠣᠰ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠢᠳᠡᠪᠬᠢᠲᠡᠶ ᠪᠠᠷ ᠶᠠᠷᠢᠶ᠎ᠠ ᠲᠠᠯᠪᠢᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠮᠠᠯ ᠠᠵᠤ ᠠᠬᠤᠶ ᠶᠢᠨ ᠬᠥᠭᠵᠢᠯᠲᠡ᠂ ᠲᠥᠷᠥᠯ ᠵᠦᠢᠯ ᠤᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠰᠤᠷᠭᠠᠨ ᠬᠥᠮᠦᠵᠢᠯ ᠤᠨ ᠳᠡᠭᠡᠭᠰᠢᠯᠡᠯᠲᠡ᠂ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠵᠡᠷᠭᠡ ᠬᠠᠯᠠᠮᠰᠢᠯ ᠠᠰᠠᠭᠤᠳᠠᠯ ᠤᠨ ᠲᠤᠬᠠᠶ ᠶᠠᠷᠢᠯᠴᠠᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠪᠠ᠃    ᠠᠷᠠᠳ ᠤᠨ ᠲᠥᠯᠥᠭᠡᠯᠡᠭᠴᠢ ᠰᠤ᠋ ᠵᠢᠦ ᠯᠠᠨ᠄ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ᠨᠢ ᠠᠷᠠᠳ ᠲᠦᠮᠡᠨ ᠢᠶᠠᠷ ᠭᠤᠣᠯ ᠪᠣᠯᠭᠠᠬᠤ ᠤᠢᠢᠯᠠᠭᠠᠭᠳᠠᠬᠤᠨ ᠢ ᠢᠯᠡᠷᠡᠭᠦᠯᠵᠦ᠂ ᠮᠠᠰᠢ ᠴᠢᠩᠭ᠎ᠠ ᠤᠷᠢᠶᠠᠯᠠᠨ ᠲᠠᠶᠢᠴᠢᠯᠠᠬᠤ ᠬᠦᠴᠦᠨ ᠲᠠᠢ ᠪᠠᠶᠢᠵᠤ᠂  ᠢᠳᠡᠭᠡᠯ ᠵᠤᠷᠢᠭ ᠢ ᠬᠦᠪᠴᠢᠯᠡᠭᠰᠡᠨ ᠪᠠᠶᠢᠨ᠎ᠠ᠂ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ  ᠪᠢ ᠲᠤᠰ ᠪᠡᠶ᠎ᠡ ᠶᠢᠨ ᠠᠵᠢᠯ ᠤᠨ ᠪᠣᠳᠠᠲᠠᠢ ᠠᠴᠠ ᠪᠠᠨ ᠡᠭᠦᠰᠴᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠨᠡᠶᠢᠭᠡᠮ ᠤᠨ ᠵᠠᠰᠠᠯᠲᠠ ᠶᠢ ᠠᠬᠢᠭᠤᠯᠬᠤ ᠵᠡᠷᠭᠡ ᠠᠵᠢᠯ ᠤᠨ ᠲᠣᠭᠤᠷᠢᠨ ᠳᠤ ᠰᠠᠨᠠᠯ ᠰᠠᠨᠠᠭᠤᠯᠭ᠎ᠠ ᠳᠤᠷᠠᠳᠴᠤ᠂  ᠠᠷᠠᠳ ᠤᠯᠠᠨ ᠤ ᠬᠦᠰᠡᠯ ᠱᠠᠭᠠᠷᠳᠠᠯᠭ᠎ᠠ ᠶᠢ ᠲᠠᠮᠵᠢᠭᠤᠯᠤᠨ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠪᠣᠯᠤᠨ᠎ᠠ᠃ ᠡᠭᠦᠨ ᠤ ᠬᠠᠮᠲᠤ᠂ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂  ᠲᠦᠯᠦᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠬᠦᠢᠴᠡᠳᠭᠡᠨ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ︾    ᠠᠷᠠᠳ ᠤᠨ ᠲᠥᠯᠥᠭᠡᠯᠡᠭᠴᠢ ᠤᠷᠠᠩᠭᠤᠸ᠎ᠠ᠄ ︽ ᠵᠠᠰᠠᠭ ᠤᠨ ᠣᠷᠳᠣᠨ ᠤ ᠠᠵᠢᠯ ᠤᠨ ᠢᠯᠡᠳᠬᠡᠯ  ᠤᠨ ᠠᠭᠤᠯᠭ᠎ᠠ ᠨᠢ ᠪᠣᠳᠠᠲᠠᠶ᠂ ᠲᠤᠭ᠎ᠠ ᠪᠠᠷᠢᠮᠲᠠ ᠨᠢ ᠣᠨᠣᠪᠴᠢᠲᠠᠶ᠂  ᠲᠤᠷᠠᠶᠢᠮ᠎ᠠ ᠴᠡᠭ ᠤᠯᠠᠨ ᠪᠠᠶᠢᠵᠤ᠂ ᠥᠩᠭᠡᠷᠡᠭᠰᠡᠨ ᠨᠢᠭᠡ ᠵᠢᠯ ᠤᠨ ᠠᠵᠤ ᠠᠬᠤᠶ ᠨᠡᠶᠢᠭᠡᠮ ᠤᠨ ᠪᠠᠶᠢᠭᠤᠯᠤᠯᠲᠠ᠂ ᠨᠡᠶᠢᠭᠡᠮ ᠤᠨ ᠦᠢᠯᠡᠰ ᠤᠨ ᠬᠥᠭᠵᠢᠯᠲᠡ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠠᠯ᠎ᠠ ᠪᠠᠷ ᠣᠯᠤᠭᠰᠠᠨ ᠠᠮᠵᠢᠯᠲᠠ ᠪᠦᠲᠦᠮᠵᠢ ᠶᠢ ᠪᠥᠬᠦ ᠲᠠᠯ᠎ᠠ ᠪᠠᠷ  ᠡᠷᠬᠢᠴᠡᠬᠦᠯᠦᠭᠰᠡᠨ ᠤ ᠬᠠᠮᠲᠤ  ᠰᠢᠨ᠎ᠡ ᠨᠢᠭᠡ ᠵᠢᠯ ᠤᠨ ᠬᠠᠷᠠᠯᠲᠠ ᠡᠭᠦᠷᠭᠡ ᠶᠢ ᠲᠣᠳᠣᠷᠬᠠᠶ ᠪᠠᠶᠢᠷᠢᠯᠠᠭᠤᠯᠤᠭᠠᠳ᠂ ᠣᠷᠣᠨ ᠨᠤᠲᠤᠭ ᠤᠨ ᠪᠣᠳᠠᠲᠤ ᠪᠠᠶᠢᠳᠠᠯ ᠲᠠᠢ ᠨᠡᠶᠢᠴᠡᠭᠰᠡᠨ ᠮᠥᠷᠲᠡᠭᠡᠨ ᠠᠷᠠᠳ ᠣᠯᠠᠨ ᠤ ᠬᠦᠰᠡᠯ ᠡᠷᠡᠮᠡᠯᠵᠡᠯ ᠳᠤ  ᠨᠡᠶᠢᠴᠡᠵᠡᠢ᠂  ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠳᠣᠤᠷ᠎ᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠴᠦᠰ ᠤᠨ ᠨᠢᠬᠡ ᠵᠢᠯ ᠳᠤ  ᠮᠠ ᠤ ᠬᠤᠰᠢᠭᠤᠨ ᠤ ᠠᠯᠢᠪᠠ ᠠᠵᠢᠯ ᠤᠷᠤᠭᠰᠢᠳᠠᠢ ᠶᠠᠪᠤᠭᠳᠠᠵᠤ᠂ ᠦᠨᠡᠨ ᠪᠤᠳᠠᠳᠠᠢ ᠠᠮᠵᠢᠯᠳᠠ ᠪᠦᠳᠦᠮᠵᠢ ᠤᠯᠬᠤ   ᠳᠤ ᠪᠢ ᠢᠳᠡᠬᠡᠯ ᠲᠠᠢ ᠪᠠᠶᠢᠨ᠎ᠠ︾᠃    ᠠᠷᠠᠳ ᠤᠨ ᠲᠥᠯᠥᠭᠡᠯᠡᠭᠴᠢ ᠰᠥᠩ ᠷᠦᠢ᠄ ︽ ᠵᠠᠰᠠᠭ ᠤᠨ ᠣᠷᠳᠣᠨ ᠤ ᠢᠯᠡᠳᠬᠡᠯ ᠳᠤ ᠥᠩᠭᠡᠷᠡᠭᠰᠡᠨ ᠨᠢᠭᠡ ᠵᠢᠯ ᠤᠨ ᠠᠮᠵᠢᠯᠲᠠ ᠪᠦᠳᠦᠮᠵᠢ ᠶᠢ ᠪᠥᠬᠦ ᠲᠠᠯ᠎ᠠ ᠪᠠᠷ ᠪᠤᠰᠤᠳᠴᠢ ᠪᠠᠷ ᠭᠦᠨᠵᠡᠭᠡᠶ ᠳ᠋ᠦᠩᠨᠡᠬᠦ ᠶᠢᠨ ᠬᠠᠮᠲᠤ ᠢᠷᠡᠭᠡᠳᠦᠶ ᠶᠢᠨ ᠬᠥᠭᠵᠢᠯᠲᠡ ᠶᠢᠨ ᠴᠢᠭᠯᠡᠯ ᠢ ᠲᠣᠳᠣᠷᠬᠠᠶ ᠪᠥᠭᠡᠳ ᠪᠣᠳᠠᠲᠠᠶ  ᠪᠠᠷ ᠲᠦᠯᠦᠪᠵᠢᠬᠦᠯᠦᠭᠡᠳ᠂ ᠪᠢᠳᠡᠨ ᠤ ᠬᠤᠶᠢᠰᠢᠳᠠ ᠶᠢᠨ ᠠᠵᠢᠯ ᠳᠤ ᠴᠢᠬᠤᠯᠠ ᠵᠢᠯᠣᠭᠤᠳᠣᠯᠭ᠎ᠠ ᠪᠠ ᠪᠠᠲᠤ ᠲᠤᠯᠭᠠᠭᠤᠷᠢ ᠬᠠᠩᠭᠠᠭᠰᠠᠨ ᠪᠠᠶᠢᠨ᠎ᠠ᠃ ᠠᠷᠠᠳ ᠤᠨ  ᠲᠥᠯᠥᠭᠡᠯᠡᠭᠴᠢ ᠪᠣᠯᠤᠭᠰᠠᠨ ᠤ ᠬᠤᠪᠢ ᠳᠤ ᠡᠭᠦᠷᠭᠡ ᠬᠠᠷᠢᠭᠤᠴᠠᠯᠭ᠎ᠠ ᠬᠦᠨᠳᠦ ᠨᠦᠰᠡᠷ ᠮᠦᠷᠳᠡᠭᠡᠨ ᠦᠩᠬᠡ ᠭᠡᠷᠡᠯ ᠲᠠᠢ ᠰᠠᠨᠠᠭᠳᠠᠨ᠎ᠠ᠂ ᠪᠢ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ᠂ ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠨ᠎ᠡ︾᠃    ᠠᠷᠠᠳ ᠤᠨ ᠲᠥᠯᠥᠭᠡᠯᠡᠭᠴᠢ ᠭᠤᠤ ᠬᠤᠩ᠄  ︽ ᠤᠯᠤᠰ ᠤᠨ ᠦᠮᠴᠢᠯᠡᠯᠳᠦ ᠠᠵᠤ ᠠᠬᠤᠶᠢᠯᠠᠯ  ᠠᠴᠠ ᠢᠷᠡᠭᠰᠡᠨ ᠠᠷᠠᠳ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ ᠪᠢ ᠲᠠᠶᠢᠹᠤᠰᠧ ᠬᠤᠰᠢᠭᠤᠨ ᠤ ᠠᠵᠤ ᠠᠬᠤᠢ ᠶᠢᠨ ᠬᠥᠭᠵᠢᠯᠲᠡ᠂ ᠠᠷᠠᠳ ᠤᠨ ᠠᠮᠢᠳᠤᠷᠠᠯ ᠤᠨ ᠪᠠᠶᠢᠭᠤᠯᠤᠯᠲᠠ ᠵᠡᠷᠭᠡ ᠲᠠᠯ᠎ᠠ ᠪᠠᠷ ᠣᠯᠣᠭᠰᠠᠨ ᠪᠠᠶᠠᠷᠯᠠᠭᠤᠰᠢᠲᠠᠢ ᠠᠮᠵᠢᠯᠲᠠ ᠶᠢ ᠪᠡᠶ᠎ᠡ ᠪᠠᠷ ᠢᠶᠠᠨ ᠤᠯᠵᠤ ᠬᠠᠷᠠᠭᠰᠠᠨ᠂  2025 ᠣᠨ ᠤ ᠵᠠᠰᠠᠭ ᠤᠨ ᠣᠷᠳᠣᠨ ᠤ ᠠᠵᠢᠯ ᠤᠨ ᠲᠥᠯᠥᠪᠯᠡᠭᠡ ᠨᠢ ᠴᠦ ᠪᠣᠳᠠᠲᠠᠢ ᠶᠢ ᠡᠷᠬᠢᠮᠯᠡᠭᠰᠡᠨ ᠮᠠᠰᠢ ᠰᠠᠶᠢᠨ ᠲᠦᠰᠦᠪ ᠲᠦᠯᠦᠪᠯᠡᠭᠡ ᠪᠤᠯᠵᠠᠢ᠃ ᠠᠷᠠᠳ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ ᠪᠢ ᠦᠢᠯᠡᠳᠦᠯ ᠴᠢᠳᠠᠮᠵᠢ ᠪᠠᠨ ᠪᠠᠳᠠᠷᠠᠭᠤᠯᠵᠤ᠂ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠨ᠂ ᠵᠢᠳᠬᠦᠯ ᠴᠢᠷᠮᠠᠶᠢᠯᠭ᠎ᠠ ᠭᠠᠷᠭᠠᠵᠤ᠂ ᠠᠵᠤ ᠠᠬᠤᠶ ᠶᠢᠨ ᠦᠷ᠎ᠡ ᠠᠰᠢᠭ ᠢ ᠨᠡᠶᠢᠭᠡᠮ ᠤᠨ ᠦᠷ᠎ᠡ ᠠᠰᠢᠭ ᠪᠤᠯᠭᠠᠵᠤ ᠬᠤᠪᠢᠷᠠᠭᠤᠯᠤᠨ᠂ ᠲᠠᠶᠢᠹᠤᠰᠧ ᠬᠤᠰᠢᠭᠤᠨ ᠤ ᠪᠠᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ︾᠃    ᠠᠷᠠᠳ ᠤᠨ ᠲᠥᠯᠥᠭᠡᠯᠡᠭᠴᠢ ᠯᠢ ᠮᠧᠢ᠄ ︽ᠦᠳᠡ ᠶᠢᠨ ᠡᠮᠦᠨ᠎ᠡ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠰᠣᠨᠣᠰᠤᠭᠠᠳ ᠣᠯᠤᠯᠲᠠ ᠲᠦᠷᠦᠭᠳᠡᠯ ᠮᠠᠰᠢ ᠬᠦᠨ ᠪᠠᠶᠢᠭ᠎ᠠ  ᠃ ᠢᠯᠡᠳᠭᠡᠯ ᠳᠤ ᠮᠠᠨ ᠤ ᠬᠤᠩ ᠴᠢ ᠪᠠᠯᠭᠠᠰᠤᠨ ᠤ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠤ ᠳᠡᠯᠭᠡᠷᠡᠭᠦᠯᠬᠦ ᠠᠵᠢᠯ ᠢ  ᠴᠢᠬᠤᠯᠠᠴᠢᠯᠠᠪᠠ᠂  ᠡᠨᠡ  ᠨᠢ  ᠬᠥᠳᠡᠭᠡ ᠲᠣᠰᠬᠤᠨ ᠤ ᠠᠵᠤ ᠠᠬᠤᠢ ᠶᠢᠨ ᠬᠥᠭᠵᠢᠯ ᠪᠠᠳᠠᠷᠠᠯ ᠤᠨ ᠰᠢᠨ᠎ᠡ ᠬᠦᠰᠡᠯ ᠡᠷᠡᠮᠡᠯᠵᠡᠯ ᠢ ᠬᠠᠷᠠᠭᠤᠯᠤᠨ᠎ᠠ᠃ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ  ᠪᠢ ᠨᠤᠲᠤᠭ ᠤᠨ ᠠᠬ᠎ᠠ ᠳᠡᠭᠦᠦ ᠨᠡᠷ ᠤᠨ ᠢᠶᠠᠨ ᠲᠠᠷᠢᠵᠤ ᠪᠣᠷᠣᠯᠠᠭᠤᠯᠬᠤ ᠶᠠᠪᠤᠴᠠ ᠳᠠᠬᠢ ᠬᠦᠴᠢᠷ ᠠᠰᠠᠭᠤᠳᠠᠯ ᠢ ᠠᠩᠬᠠᠷᠴᠤ᠂ ᠤᠯᠠᠨ ᠤ ᠰᠡᠳᠬᠢᠯ ᠤᠨ ᠦᠭᠡ ᠶᠢ ᠦᠨᠡᠨ ᠪᠣᠳᠠᠲᠠᠶ ᠪᠠᠷ ᠬᠠᠷᠢᠭᠤ ᠲᠤᠰᠬᠠᠨ᠎ᠠ︾᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号