1 ᠰᠠᠷ᠎ᠠ ᠶᠢᠨ 15 ᠤ ᠦᠳᠡ ᠶᠢᠨ ᠬᠤᠶᠢᠨ᠎ᠠ᠂ ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯᠳᠤᠭᠠᠨ ᠤ | ᠲᠡᠷᠢᠭᠦᠯᠡᠭᠴᠢᠳ ᠤᠨ ᠪᠦᠯᠬᠦᠮ ᠤᠨ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠪᠠ᠃ ᠬᠤᠷᠠᠯ ᠳᠤ ᠣᠷᠣᠯᠴᠠᠬᠤ | ᠶᠣᠰᠣᠲᠠᠢ ᠲᠡᠷᠢᠭᠦᠯᠡᠭᠴᠢᠳ ᠤᠨ ᠪᠦᠯᠬᠦᠮ ᠤᠨ ᠭᠡᠰᠢᠬᠦᠨ 29 ᠬᠥᠮᠥᠨ᠂ ᠪᠣᠳᠠᠲᠠᠢ ᠣᠷᠣᠯᠴᠠᠭᠰᠠᠨ ᠨᠢ 28 | ᠬᠥᠮᠥᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠥᠨ ᠲᠤᠭ᠎ᠠ ᠳᠤ ᠨᠡᠶᠢᠴᠡᠵᠡᠢ᠃ ᠬᠤᠷᠠᠯ ᠲᠡᠭᠡᠷ᠎ᠡ᠂ ᠡᠯ᠎ᠡ | ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠭᠰᠡᠨ ᠡᠯ᠎ᠡ ᠲᠦᠷᠦᠯ ᠤᠨ ᠠᠵᠢᠯ ᠤᠨ ᠮᠡᠳᠡᠭᠦᠯᠦᠯᠲᠡ᠂ | ᠬᠤᠰᠢᠭᠤ ᠵᠠᠰᠠᠭ ᠤᠨ ᠣᠷᠳᠣᠨ ᠤ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠵᠢᠱᠢᠭᠳᠡᠭᠴᠢ ᠲᠦᠷᠦᠯ ᠵᠦᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ᠂ ᠡᠯ᠎ᠡ ᠲᠥᠯᠥᠭᠡᠯᠡᠭᠴᠢᠳ ᠤᠨ ᠪᠦᠯᠬᠦᠮ ᠤᠨ | ᠵᠢᠱᠢᠭᠳᠡᠭᠰᠡᠳ ᠤᠨ ᠨᠡᠷᠡᠰ ᠢ ᠶᠠᠷᠢᠯᠴᠠᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠤᠨᠤᠰᠴᠤ᠂ ᠡᠯ᠎ᠡ | ᠲᠦᠷᠦᠯ ᠤᠨ ᠵᠢᠩᠬᠢᠨᠢ ᠵᠢᠱᠢᠭᠳᠡᠭᠰᠡᠳ ᠤᠨ ᠨᠡᠷᠡᠰ ᠂ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯᠳᠤᠭᠠᠨ ᠤ ᠰᠠᠨᠠᠯ ᠵᠥᠪᠯᠡᠯᠭᠡ ᠶᠢ ᠬᠢᠨᠠᠨ | ᠪᠠᠶᠢᠴᠠᠭᠠᠬᠤ ᠵᠥᠪᠯᠡᠯ᠂ ᠲᠥᠯᠥᠪᠯᠡᠭᠡ ᠪᠠ ᠡᠳ᠋ ᠤᠨ ᠵᠠᠰᠠᠭ ᠤᠨ ᠲᠥᠰᠥᠪ ᠲᠤᠭᠠᠴᠠᠭ᠎ᠠ ᠶᠢ ᠬᠢᠨᠠᠨ ᠪᠠᠶᠢᠴᠠᠭᠠᠬᠤ | ᠵᠥᠪᠯᠡᠯ ᠤᠨ ᠬᠢᠨᠠᠨ ᠪᠠᠶᠢᠴᠠᠭᠠᠭᠰᠠᠨ ᠮᠡᠳᠡᠭᠦᠯᠦᠯᠲᠡ ︵ᠲᠥᠰᠥᠯ︶᠂ ᠶᠡᠷᠦᠩᠬᠡᠢ ᠪᠢᠯᠧᠲ ᠬᠢᠨᠠᠭᠴᠢ᠂ ᠳᠡᠳ᠋ | ᠶᠡᠷᠦᠩᠬᠡᠢ ᠪᠢᠯᠧᠲ ᠬᠢᠨᠠᠭᠴᠢ᠂ ᠪᠢᠯᠧᠲ ᠬᠢᠨᠠᠭᠴᠢ ᠪᠠ ᠪᠢᠯᠧᠲ ᠪᠦᠷᠢᠳᠬᠡᠭᠴᠢ ᠶᠢᠨ ᠨᠡᠷᠡᠰ ︵ᠲᠥᠰᠥᠯ︶ | ᠵᠢᠴᠢ ᠶᠡᠭᠡ ᠬᠤᠷᠠᠯ ᠤᠨ ᠡᠯ᠎ᠡ ᠲᠦᠷᠦᠯ ᠤᠨ ᠠᠵᠢᠯ ᠤᠨ ᠮᠡᠳᠡᠭᠦᠯᠦᠯᠲᠡ ᠶᠢᠨ ᠰᠢᠢᠳᠪᠦᠷᠢ ︵ᠲᠥᠰᠥᠯ︶ ᠶᠢ | ᠪᠠᠳᠤᠯᠠᠭᠰᠠᠨ ᠪᠠᠶᠢᠨ᠎ᠠ᠃ |