ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯᠳᠤᠭᠠᠨ ᠤ ᠬᠤᠶᠠᠳᠤᠭᠠᠷ ᠪᠦᠬᠦᠳᠡ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2025/1/17
 1 ᠰᠠᠷ᠎ᠠ ᠶᠢᠨ 16 ᠤ ᠡᠳᠦᠷ ᠤᠨ ᠦᠳᠡ ᠶᠢᠨ ᠡᠮᠦᠨ᠎ᠡ᠂ ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯᠳᠤᠭᠠᠨ ᠤ ᠬᠤᠶᠠᠳᠤᠭᠠᠷ  ᠪᠦᠬᠦᠳᠡ ᠬᠤᠷᠠᠯ ᠬᠤᠷᠠᠯᠳᠤᠪᠠ᠃ ᠡᠨᠡ ᠤᠳᠠᠭᠠᠨ ᠤ ᠪᠦᠬᠦᠳᠠ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 186 ᠬᠥᠮᠥᠨ᠂  ᠪᠤᠳᠠᠳᠠᠢ ᠣᠷᠣᠯᠴᠠᠭᠰᠠᠨ ᠨᠢ 163 ᠬᠥᠮᠥᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠥᠨ   ᠲᠤᠭ᠎ᠠ ᠳᠤ  ᠨᠡᠶᠢᠴᠡᠵᠡᠢ᠃ ᠶᠡᠭᠡ ᠬᠤᠷᠠᠯ ᠤᠨ ᠭᠦᠢᠴᠡᠳᠬᠡᠬᠦ ᠲᠡᠷᠢᠭᠦᠯᠡᠭᠴᠢ ᠪᠣᠯ᠄ ᠪᠠᠭᠠᠲᠤᠷ᠂ ᠹᠧᠩ ᠵᠢᠶᠠᠨ ᠴᠧᠨ᠂ ᠯᠢᠦᠢ ᠶᠤᠸᠠᠢ ᠬᠤᠩ᠂  ᠯᠢᠦ ᠲᠢᠩ ᠰᠢᠦ᠂ ᠯᠢ ᠵᠠᠨ ᠷᠦᠢ᠂ ᠯᠢ ᠴᠦᠨ ᠭᠤᠸᠠᠩ᠂ ᠦ᠋ ᠭᠤᠸᠠᠩ ᠹᠧᠩ᠂ ᠱᠧᠨ ᠬᠦᠶ ᠯᠢᠨ᠂ ᠵᠠᠩ ᠸᠧᠨ ᠴᠠᠩ᠂ ᠴᠧᠨ ᠱᠧᠦ ᠵᠢᠶᠠᠩ᠂ ᠴᠧᠨ ᠶᠠᠨ ᠪᠦᠦ᠂  ᠵᠸᠦ ᠶᠠᠨ ᠴᠢᠩ᠂ ᠵᠧᠩ ᠰᠢᠦ ᠯᠢᠩ᠂  ᠵᠤᠤ ᡁᠢ ᠬᠦᠸᠧ᠂ ᠭᠦᠸᠧ ᠰᠢᠦᠢ ᠹᠠᠩ᠂ ᠫᠧᠩ ᠢᠦᠢ ᠭᠦᠸᠧ᠂  ᠰᠢᠶᠧ ᠶᠢᠨ ᠳ᠋ᠦᠩ᠂ ᠼᠠᠢ ᠬᠦᠢ ᠯᠢᠨ᠂ ᠳ᠋ᠠᠢ ᡁᠢ ᠷᠦᠢ ᠪᠣᠯᠣᠨ᠎ᠠ᠃  ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠯᠢ ᠵᠠᠨ ᠷᠦᠢ ᠬᠤᠷᠠᠯ   ᠢ ᠡᠷᠭᠢᠯᠡᠪᠡ᠃ ᠬᠤᠷᠠᠯ  ᠲᠡᠭᠡᠷ᠎ᠡ᠂ ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯᠳᠤᠭᠠᠨ ᠤ ᠰᠣᠩᠭᠤᠭᠤᠯᠢ ᠶᠢᠨ ᠠᠷᠭ᠎ᠠ᠂ ᠶᠡᠷᠦᠩᠬᠡᠢ ᠪᠢᠯᠧᠲ ᠬᠢᠨᠠᠭᠴᠢ᠂ ᠳᠡᠳ᠋ ᠶᠡᠷᠦᠩᠬᠡᠢ ᠪᠢᠯᠧᠲ ᠬᠢᠨᠠᠭᠴᠢ᠂ ᠪᠢᠯᠧᠲ ᠬᠢᠨᠠᠭᠴᠢ ᠵᠢᠴᠢ ᠪᠢᠯᠧᠲ ᠪᠦᠷᠢᠳᠬᠡᠭᠴᠢ ᠶᠢᠨ ᠨᠡᠷᠡᠰ ᠢ ᠪᠠᠳᠤᠯᠠᠨ᠂ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠡᠶᠡᠯᠡᠭᠦᠯᠦᠭᠰᠡᠨ ᠪᠠᠶᠢᠳᠠᠯ ᠳᠤ ᠬᠠᠨᠤᠮᠵᠢ ᠶᠢᠨ ᠬᠡᠮᠵᠢᠶᠡᠨ ᠤ ᠦᠨᠡᠯᠡᠯᠲᠡ ᠬᠢᠵᠦ᠂ ᠪᠢᠯᠧᠲ ᠥᠭᠬᠦ ᠪᠠᠷ ᠲᠠᠮᠵᠢᠭᠠᠳ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ 5 ᠲᠦᠷᠦᠯ ᠵᠦᠢᠯ ᠢ ᠲᠤᠭᠳᠠᠭᠠᠭᠰᠠᠨ ᠤ ᠬᠠᠮᠳᠤ ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠡᠷᠬᠢᠯᠡᠭᠴᠢ 1 ᠬᠥᠮᠦᠨ᠂ ᠭᠡᠰᠢᠭᠦᠨ 3 ᠬᠥᠮᠦᠨ ᠢ ᠨᠥᠬᠦᠨ ᠰᠤᠩᠭᠤᠵᠠᠢ᠃ ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ᠳᠠᠷᠤᠭ᠎ᠠ ᠴᠧᠨ ᠶᠠᠨ ᠪᠦᠦ ᠰᠢᠨ᠎ᠡ ᠪᠠᠷ ᠰᠣᠩᠭᠤᠭᠳᠠᠭᠰᠠᠨ ᠳᠡᠳ᠋ ᠡᠷᠬᠢᠯᠡᠭᠴᠢ ᠳᠤ ᠦᠨᠡᠮᠯᠡᠯ ᠤᠯᠭᠤᠵᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠯᠢ ᠵᠠᠨ ᠷᠦᠢ ᠰᠢᠨ᠎ᠡ ᠪᠠᠷ ᠰᠣᠩᠭᠤᠭᠳᠠᠭᠰᠠᠨ ᠭᠡᠰᠢᠭᠦᠳ ᠲᠤ ᠦᠨᠡᠮᠯᠡᠯ ᠤᠯᠭᠤᠵᠤ᠂ ᠰᠢᠨ᠎ᠡ ᠪᠠᠷ ᠰᠣᠩᠭᠤᠭᠳᠠᠭᠰᠠᠨ ᠳᠡᠳ᠋ ᠡᠷᠬᠢᠯᠡᠭᠴᠢ ᠪᠠ ᠭᠡᠰᠢᠭᠦᠳ ᠦᠨᠳᠦᠰᠦᠨ ᠬᠠᠤᠯᠢ ᠳᠤ  ᠲᠠᠩᠭᠠᠷᠢᠭ ᠬᠢᠭᠰᠡᠨ ᠪᠠᠶᠢᠨ᠎ᠠ᠃ ᠬᠤᠷᠠᠯ ᠠᠴᠠ ︽ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠤᠬᠠᠢ ᠰᠢᠢᠳᠪᠦᠷᠢ︾ ︽ᠲᠠᠶᠢᠹᠤᠰᠧ ᠬᠤᠰᠢᠭᠤᠨ ᠤ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ ᠬᠢᠭᠡᠳ 2025 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠤᠬᠠᠢ ᠰᠢᠢᠳᠪᠦᠷᠢ︾ ︽ᠲᠠᠶᠢᠹᠤᠰᠧ ᠬᠤᠰᠢᠭᠤᠨ ᠤ 2024 ᠣᠨ ᠤ ᠡᠳ᠋ ᠤᠨ ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠪᠠ 2025 ᠣᠨ ᠤ ᠡᠳ᠋ ᠤᠨ ᠵᠠᠰᠠᠭ ᠤᠨ ᠲᠥᠰᠦᠪ ᠤᠨ ᠲᠤᠬᠠᠢ ᠰᠢᠢᠳᠪᠦᠷᠢ︾ ︽ᠲᠠᠶᠢᠹᠤᠰᠧ ᠬᠤᠰᠢᠭᠤᠨ ᠤ ᠠᠷᠠᠳ ᠤᠨ  ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠤᠨ ᠲᠤᠬᠠᠢ ᠰᠢᠢᠳᠪᠦᠷᠢ︾  ︽ᠲᠠᠶᠢᠹᠤᠰᠧ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠠᠵᠢᠯ ᠤᠨ ᠢᠯᠡᠳᠬᠡᠯ ᠤᠨ ᠲᠤᠬᠠᠢ ᠰᠢᠢᠳᠪᠦᠷᠢ︾ ︽ᠲᠠᠶᠢᠹᠤᠰᠧ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠢᠯᠡᠳᠬᠡᠯ ᠤᠨ ᠲᠤᠬᠠᠢ ᠰᠢᠢᠳᠪᠦᠷᠢ︾ ᠶᠢ ᠪᠠᠳᠤᠯᠠᠪᠠ᠃ ᠴᠧᠨ ᠶᠠᠨ ᠪᠦᠦ ᠬᠤᠰᠢᠭᠤ ᠨᠠᠮ ᠤᠨ ᠬᠤᠷᠢᠶ᠎ᠠ ᠶᠢ ᠲᠦᠯᠦᠭᠡᠯᠡᠨ ᠶᠡᠭᠡ ᠬᠤᠷᠠᠯ ᠤᠨ ᠲᠡᠭᠦᠰ ᠠᠮᠵᠢᠯᠲᠠ ᠣᠯᠤᠭᠰᠠᠨ ᠳᠤ ᠪᠠᠶᠠᠷ ᠬᠦᠷᠭᠡᠵᠡᠢ᠃  ᠴᠧᠨ ᠶᠠᠨ ᠪᠦᠦ ᠶᠠᠷᠢᠶᠠᠨ ᠳᠠᠭᠠᠨ᠂ ᠬᠤᠷᠠᠯ ᠤᠨ ᠬᠤᠭᠤᠴᠠᠭᠠᠨ ᠳᠤ ᠠᠷᠠᠳ ᠤᠨ ᠲᠦᠯᠦᠭᠡᠯᠡᠭᠴᠢᠳ ᠪᠠ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠨᠠᠮ ᠠᠷᠠᠳ ᠲᠦᠮᠡᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠵᠣᠷᠢᠭ ᠰᠠᠨᠠᠭ᠎ᠠ ᠪᠠᠷ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠪᠣᠯᠤᠨ ᠪᠤᠰᠤᠳ ᠡᠯ᠎ᠡ ᠲᠦᠷᠦᠯ ᠤᠨ ᠢᠯᠡᠳᠬᠡᠯ᠂ ᠰᠢᠢᠳᠪᠦᠷᠢ ᠶᠢ ᠬᠢᠨᠠᠨ ᠵᠥᠪᠯᠡᠵᠦ ᠪᠠᠲᠤᠯᠠᠨ᠂ ᠡᠯ᠎ᠡ ᠲᠦᠷᠦᠯ ᠤᠨ ᠰᠣᠩᠭᠤᠭᠤᠯᠢ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠬᠦᠯᠦᠯ᠎ᠡ᠃ 2025 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠡᠬᠦᠰᠭᠡᠯ ᠤᠨ ᠵᠢᠯ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠪᠠᠶᠢᠷᠢᠯᠠᠭᠤᠯᠬᠤ ᠵᠢᠯ ᠮᠥᠨ᠃ ᠪᠦᠬᠦ ᠬᠤᠰᠢᠭᠤ ᠪᠠᠷ ᠢᠶᠠᠨ ᠡᠷᠬᠡᠪᠰᠢ ᠬᠥᠭᠵᠢᠯᠲᠡ ᠶᠢᠨ ᠢᠲᠡᠭᠡᠯ ᠵᠣᠷᠢᠭ ᠢᠶᠠᠨ ᠤᠯᠠᠮ ᠪᠠᠲᠤᠳᠬᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠤᠨ᠂ ︽ᠰᠢᠨ᠎ᠡ ᠵᠠᠮ ᠨᠡᠭᠡᠭᠡᠵᠦ᠂ ᠲᠤᠮᠳᠠ ᠲᠦᠪᠰᠢᠨ ᠳᠤ ᠬᠦᠷᠬᠦ︾ ᠲᠡᠮᠡᠴᠡᠬᠦ ᠬᠠᠷᠠᠯᠳᠠ ᠶᠢᠨ ᠲᠤᠭᠤᠷᠢᠨ ᠳᠤ ︽ᠲᠠᠪᠤᠨ ᠶᠡᠭᠡ ᠡᠭᠦᠷᠭᠡ︾ ᠶᠢ ᠭᠦᠨᠵᠡᠭᠡᠢ ᠬᠡᠷᠡᠭᠵᠢᠭᠦᠯᠵᠦ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠠᠬᠢᠭᠤᠯᠵᠤ᠂ ︽ᠵᠢᠷᠭᠤᠭᠠᠨ ᠠᠵᠢᠯᠯᠠᠭ᠎ᠠ︾ ᠶᠢ ᠨᠠᠷᠢᠨ ᠬᠢᠨᠠᠮᠠᠭᠠᠢ  ᠵᠤᠬᠢᠶᠠᠨ ᠪᠠᠶᠢᠭᠤᠯᠵᠤ ᠦᠷᠨᠢᠬᠦᠯᠦᠨ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠤᠬᠢᠷᠠᠭᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠵᠡᠷᠭᠡ ᠭᠤᠣᠯᠳᠠᠯᠭ᠎ᠠ ᠲᠠᠢ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠡᠯ᠎ᠡ ᠲᠦᠷᠦᠯ ᠤᠨ ᠠᠵᠢᠯ ᠦᠢᠯᠡᠰ ᠤᠨ ᠬᠦᠭᠵᠢᠯᠳᠡ ᠶᠢ ᠪᠦᠬᠦ ᠠᠶᠢᠮᠠᠭ ᠴᠢᠨᠠᠭᠰᠢᠯᠠᠪᠠᠯ ᠪᠦᠬᠦ ᠣᠷᠣᠨ ᠤ  ᠡᠮᠦᠨ᠎ᠡ ᠡᠩᠨᠡᠭᠡᠨ ᠳᠤ ᠤᠷᠤᠭᠤᠯᠬᠤ ᠪᠠᠷ ᠴᠢᠷᠮᠠᠶᠢᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃  ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠠᠮᠵᠢᠯᠲᠠ ᠲᠠᠢ ᠲᠡᠬᠦᠰᠴᠡᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号