ᠯᠢᠦ ᠵᠢᠶᠦ᠋ᠨ ᠹᠸᠢ᠂ ᠬᠠᠤᠯᠢ ᠶᠢᠨ ᠤᠬᠠᠭᠠᠨ ᠤ ᠮᠠᠰᠲ᠋ᠧᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠭᠡᠰᠢᠭᠦᠨ᠂ ᠥᠪᠥᠷ ᠮᠣᠩᠭᠤᠯ ᠤᠨ ᠵᠠᠨ ᠮᠠ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠬᠠᠤᠯᠢᠴᠢ᠂ ᠲᠠᠶᠢᠹᠤᠰᠧ | ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ᠂ ᠲᠠᠶᠢᠹᠤᠰᠧ ᠬᠤᠰᠢᠭᠤᠨ ᠤ ᠬᠠᠤᠯᠢ ᠲᠦᠷᠢᠮ ᠤᠨ ᠲᠤᠰᠬᠠᠶ ᠵᠥᠪᠯᠡᠯ ᠤᠨ ᠭᠡᠰᠢᠭᠦᠨ᠃ | ᠠᠷᠠᠳ ᠤᠨ ᠲᠥᠯᠥᠭᠡᠯᠡᠭᠴᠢ᠂ ᠠᠷᠠᠳ ᠤᠨ ᠬᠠᠤᠯᠢᠴᠢ ᠪᠣᠯᠤᠭᠰᠠᠨ ᠤ ᠬᠤᠪᠢ ᠳᠤ ᠯᠢᠦ ᠵᠢᠶᠦ᠋ᠨ ᠹᠧᠢ ᠬᠠᠤᠯᠢ | ᠴᠠᠭᠠᠵᠠ ᠳᠤ ᠦᠨᠡᠨᠴᠢ ᠰᠢᠳᠤᠷᠭᠤ ᠪᠠᠶᠢᠵᠤ᠂ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠪᠠᠷ ᠬᠦᠰᠡᠯ | ᠬᠥᠭᠡᠭᠡᠴᠡᠯᠳᠦᠯ ᠢᠶᠠᠨ ᠪᠤᠯᠭᠠᠵᠤ᠂ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ︽ | ᠬᠠᠤᠯᠢᠴᠢ + ᠲᠥᠯᠥᠭᠡᠯᠡᠭᠴᠢ︾ ᠶᠢᠨ ᠳᠠᠪᠬᠤᠷ ᠪᠡᠶ᠎ᠡ ᠶᠢᠨ ᠭᠠᠷᠤᠯ ᠢᠶᠠᠷ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ | ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠠᠷᠠᠳ ᠤᠯᠠᠨ ᠲᠠᠢ ᠰᠡᠳᠬᠢᠯ ᠵᠢᠷᠦᠬᠡ ᠪᠠᠨ ᠬᠤᠯᠪᠤᠭᠰᠠᠨ ᠪᠠᠶᠢᠨ᠎ᠠ᠃ | ᠤᠷᠴᠢᠮᠬᠠᠨ᠂ ᠰᠤᠷᠪᠤᠯᠵᠢᠯᠠᠭᠴᠢ ᠬᠤᠩ ᠴᠢ ᠪᠠᠯᠭᠠᠰᠤᠨ ᠤ ᠰᠢᠨ ᠵᠥᠩ ᠲᠣᠰᠬᠤᠨ ᠳᠤ ᠬᠦᠷᠬᠦ ᠳᠤ᠂ ᠲᠤᠰᠬᠤᠨ | ᠤ ᠨᠠᠮ ᠤᠨ ᠬᠡᠰᠢᠬᠦᠳ ᠪᠠ ᠤᠯᠠᠨ ᠲᠦᠮᠡᠨ ᠶᠠᠭ ᠲᠤᠰᠬᠤᠨ ᠤ ᠠᠯᠪᠠᠨ ᠭᠡᠷ ᠲᠤ ᠴᠤᠭᠯᠠᠷᠠᠭᠠᠳ᠂ ᠯᠢᠦ ᠵᠢᠶᠦ᠋ᠨ | ᠹᠧᠢ ᠶᠢᠨ ︽ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠬᠠᠤᠯᠢ︾ ᠶᠢᠨ ᠤᠬᠠᠭᠤᠯᠭ᠎ᠠ ᠲᠠᠶᠢᠯᠤᠮᠵᠢ ᠶᠢ | ᠰᠤᠨᠤᠰᠴᠤ ᠪᠠᠶᠢᠯ᠎ᠠ᠃ ᠤᠶᠢᠯᠠᠭᠠᠭᠰᠠᠨ ᠢᠶᠠᠷ᠂ ᠡᠨᠡ ᠨᠢ ᠯᠢᠦ ᠵᠢᠶᠦ᠋ᠨ ᠹᠧᠢ ᠶᠢᠨ 2024 ᠤᠨ ᠳᠤ ᠬᠠᠤᠯᠢ | ᠴᠠᠭᠠᠵᠠ ᠶᠢᠨ ᠲᠤᠪᠴᠢᠶ᠎ᠠ ᠲᠠᠢ ᠬᠠᠮᠳᠤᠷᠠᠵᠤ ᠥᠷᠨᠢᠭᠦᠯᠦᠭᠰᠡᠨ 13 ᠳ᠋ᠤᠭᠠᠷ ᠤᠳᠠᠭᠠᠨ ᠤ ᠬᠠᠤᠯᠢ ᠲᠦᠭᠡᠮᠡᠯᠵᠢᠭᠦᠯᠬᠦ | ᠤᠬᠠᠭᠤᠯᠭ᠎ᠠ ᠶᠢᠨ ᠠᠵᠢᠯᠯᠠᠭ᠎ᠠ ᠬᠡᠨ᠎ᠡ᠃ | ᠬᠤᠰᠢᠭᠤ ᠱᠠᠳᠤᠨ ᠤ ᠠᠷᠠᠳ ᠤᠨ ᠲᠥᠯᠥᠭᠡᠯᠡᠭᠴᠢ ᠪᠣᠯᠤᠭᠰᠠᠨ ᠤ ᠳᠠᠷᠠᠭ᠎ᠠ᠂ ᠯᠢᠦ ᠵᠢᠶᠦ᠋ᠨ ᠹᠸᠢ ᠦᠨᠳᠦᠰᠦᠨ | ᠱᠠᠲᠤᠨ ᠤ ᠣᠯᠠᠨ ᠲᠦᠮᠡᠨ ᠤ ᠠᠮᠢᠳᠤᠷᠠᠯ ᠢ ᠠᠩᠬᠠᠷᠴᠤ ᠬᠠᠯᠠᠮᠵᠢᠯᠠᠬᠤ ᠪᠠᠷ ᠪᠠᠷᠠᠬᠤ ᠥᠬᠡᠶ᠂ ᠪᠠᠰᠠ ᠣᠯᠠᠨ | ᠲᠦᠮᠡᠨ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠪᠠᠷ ᠴᠢᠷᠮᠠᠶᠢᠵᠤ ᠢᠷᠡᠵᠡᠢ᠃ ᠲᠡᠷᠡᠪᠡᠷ ᠤᠯᠠᠨ ᠲᠦᠮᠡᠨ ᠤ | ᠲᠤᠰᠬᠠᠭᠰᠠᠨ ᠲᠥᠯᠥᠭᠡᠯᠡᠬᠦ ᠴᠢᠨᠠᠷᠲᠠᠢ ᠤᠴᠢᠷ ᠶᠠᠪᠤᠳᠠᠯ ᠢ ᠰᠠᠨᠠᠯ ᠰᠠᠨᠠᠭᠤᠯᠭ᠎ᠠ ᠪᠣᠯᠭᠠᠨ ᠡᠮᠬᠢᠳᠬᠡᠬᠦ ᠶᠢᠨ ᠬᠠᠮᠳᠤ᠂ | ᠠᠷᠠᠳ ᠲᠦᠮᠡᠨ ᠳᠤ ᠦᠢᠯᠡᠴᠢᠯᠡᠬᠦ ᠡᠭᠦᠷᠭᠡ ᠬᠠᠷᠢᠭᠤᠴᠠᠯᠭ᠎ᠠ ᠶᠢ ᠴᠢᠷᠮᠠᠶᠢᠨ ᠦᠢᠯᠡᠳᠦᠯᠭᠡᠵᠢᠭᠦᠯᠵᠦ᠂ ᠬᠠᠤᠯᠢ | ᠲᠦᠭᠡᠮᠡᠯᠵᠢᠭᠦᠯᠬᠦ ᠤᠬᠠᠭᠤᠯᠭ᠎ᠠ᠂ ᠬᠠᠤᠯᠢ ᠲᠦᠷᠢᠮ ᠢ ᠬᠥᠳᠡᠭᠡ ᠬᠦᠷᠭᠡᠬᠦ ᠵᠡᠷᠭᠡ ᠠᠵᠢᠯ ᠳᠤ ᠢᠳᠡᠪᠬᠢᠲᠡᠢ ᠣᠷᠣᠯᠴᠠᠨ | ᠬᠦᠴᠢᠷᠳᠡᠯ ᠲᠠᠢ ᠠᠵᠤ ᠠᠬᠤᠶᠢᠯᠠᠯ ᠪᠠ ᠬᠤᠪᠢ ᠬᠥᠮᠦᠨ ᠳᠤ ᠬᠠᠤᠯᠢ ᠴᠠᠭᠠᠵᠠ ᠶᠢᠨ ᠲᠤᠰᠠᠯᠠᠮᠵᠢ ᠬᠠᠩᠭᠠᠳᠠᠭ᠃ | ᠡᠨᠡᠬᠦ ᠶᠠᠪᠤᠴᠠ ᠳᠤ ᠲᠡᠷᠡ ᠣᠯᠠᠨ ᠲᠦᠮᠡᠨ ᠲᠠᠢ ᠬᠠᠷᠢᠯᠴᠠᠬᠤ ᠠᠵᠠ ᠲᠣᠬᠢᠶᠠᠯ ᠢ ᠮᠠᠰᠢ ᠨᠠᠨᠳᠢᠩᠨᠠᠵᠤ᠂ ᠣᠯᠠᠨ | ᠲᠦᠮᠡᠨ ᠤ ᠪᠣᠳᠣᠵᠤ ᠰᠠᠨᠠᠭᠰᠠᠨ ᠬᠦᠰᠡᠵᠦ ᠡᠷᠡᠮᠡᠯᠵᠡᠯᠡᠭᠰᠡᠨ ᠵᠦᠢᠯ ᠢ ᠨᠠᠷᠢᠨ ᠬᠢᠨᠠᠮᠠᠭᠠᠶ ᠰᠣᠨᠣᠰᠬᠤ ᠶᠢᠨ ᠬᠠᠮᠲᠤ | ᠨᠠᠷᠢᠨ ᠲᠣᠳᠣᠷᠬᠠᠶ ᠲᠡᠮᠳᠡᠭᠯᠡᠵᠦ ᠠᠪᠤᠭᠰᠠᠨ ᠪᠦᠭᠡᠳ ᠠᠵᠢᠯ ᠤᠨ ᠴᠢᠯᠥᠭᠡ ᠪᠠᠷ ᠢᠶᠠᠨ ᠲᠠᠷᠢᠶᠠᠴᠢᠳ ᠤᠨ ᠭᠡᠷ ᠢᠶᠠᠷ | ᠬᠦᠨᠵᠡᠬᠡᠶᠢᠷᠡᠵᠦ᠂ ᠣᠯᠠᠨ ᠤ ᠰᠠᠨᠠᠯ ᠰᠠᠨᠠᠭᠤᠯᠭ᠎ᠠ ᠶᠢ ᠰᠤᠨᠤᠰᠤᠨ᠂ ᠤᠯᠠᠨ ᠲᠦᠮᠡᠨ ᠤ ᠠᠮᠢᠳᠤᠷᠠᠯ ᠳᠤᠮᠳᠠᠬᠢ ᠵᠠᠷᠢᠮ | ᠠᠰᠠᠭᠤᠳᠠᠯ ᠤᠨ ᠲᠤᠬᠠᠢ ᠲᠤᠰᠬᠠᠢ ᠮᠡᠷᠭᠡᠵᠢᠯ ᠤᠨ ᠬᠠᠷᠠᠭᠠᠰᠤ ᠠᠴᠠ ᠰᠢᠢᠳᠪᠦᠷᠢᠯᠡᠬᠦ ᠠᠷᠭ᠎ᠠ ᠲᠦᠰᠦᠪ ᠢ ᠳᠤᠷᠠᠳᠴᠤ | ᠠᠷᠠᠳ ᠤᠨ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ᠂ ᠣᠯᠠᠨ ᠲᠦᠮᠡᠨ ᠲᠠᠢ | ᠣᠶᠢᠷᠠᠲᠤᠭᠰᠠᠨ ᠰᠠᠨᠠᠯ ᠰᠠᠨᠠᠭᠤᠯᠭ᠎ᠠ ᠶᠢ ᠳᠤᠷᠠᠳᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ | 2024 ᠣᠨ ᠳᠤ᠂ ᠯᠢᠦ ᠵᠢᠶᠦ᠋ᠨ ᠹᠸᠢ ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ | ᠭᠤᠷᠪᠠᠳᠤᠭᠠᠷ ᠤᠳᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ ︽ᠠᠳᠠᠯ ᠠᠬᠤᠶ ᠶᠢᠨ | ᠬᠠᠮᠢᠶᠠᠷᠤᠯᠲᠠ ᠶᠢᠨ ᠠᠰᠠᠭᠤᠳᠠᠯ ᠢ ᠰᠢᠢᠳᠪᠦᠷᠢᠯᠡᠬᠦ ᠠᠷᠭ᠎ᠠ︾ ᠵᠡᠷᠭᠡ ᠰᠠᠨᠠᠯ ᠰᠠᠨᠠᠭᠤᠯᠭ᠎ᠠ ᠶᠢ ᠲᠤᠷᠠᠳᠤᠭᠠᠳ᠂ | ᠲᠡᠬᠦᠨ ᠤ ᠰᠠᠨᠠᠭᠤᠯᠭ᠎ᠠ ᠶᠢ ᠬᠤᠰᠢᠭᠤ ᠵᠠᠰᠠᠭ ᠤᠨ ᠤᠷᠳᠤᠨ ᠪᠠ ᠬᠠᠮᠢᠶ᠎ᠠ ᠪᠦᠬᠦ ᠰᠠᠯᠠᠭ᠎ᠠ ᠮᠦᠴᠢᠷ ᠤᠨ ᠬᠢᠨ | ᠴᠢᠬᠤᠯᠠᠴᠢᠯᠠᠨ ᠦᠵᠡᠵᠦ ᠱᠠᠭᠠᠷᠳᠠᠨ ᠬᠦᠢᠴᠡᠳᠭᠡᠭᠰᠡᠨ ᠪᠠᠶᠢᠪᠠ᠃ | ᠯᠢᠦ ᠵᠢᠶᠦ᠋ᠨ ᠹᠧᠢ ᠄ ︽ ᠪᠥᠬᠦ ᠬᠤᠰᠢᠭᠤᠨ ᠤ ︿ᠬᠤᠶᠠᠷ ᠬᠤᠷᠠᠯ﹀ ᠤᠳᠠᠯ ᠦᠬᠡᠢ ᠬᠤᠷᠠᠯᠳᠤᠬᠤ ᠪᠠᠷ | ᠪᠠᠶᠢᠭ᠎ᠠ᠂ ᠡᠨᠡ ᠬᠡᠳᠦᠨ ᠡᠳᠦᠷ ᠪᠢ ᠴᠤ ᠭᠡᠰᠡᠨ ᠬᠤᠷᠠᠯ ᠲᠡᠭᠡᠷ᠎ᠡ ᠲᠡᠪᠰᠢᠬᠦᠯᠬᠦ ᠰᠠᠨᠠᠯ ᠰᠠᠨᠠᠭᠤᠯᠭ᠎ᠠ ᠪᠠᠨ | ᠬᠢᠴᠢᠶᠡᠩᠬᠦᠶᠢᠯᠡᠨ ᠲᠤᠭᠤᠷᠪᠢᠵᠤ ᠪᠤᠢ᠂ ᠪᠠᠶᠢᠴᠠᠭᠠᠨ ᠰᠤᠳᠤᠯᠤᠯᠳᠠ ᠬᠢᠬᠦ ᠪᠠᠷ ᠲᠠᠮᠵᠢᠭᠠᠳ᠂ ᠮᠠᠨ ᠤ ᠲᠠᠶᠢᠹᠤᠰᠧ | ᠬᠤᠰᠢᠭᠤᠨ ᠤ ᠮᠠᠰᠢ ᠣᠯᠠᠨ ᠰᠠᠭᠤᠭᠠᠯᠢ ᠲᠣᠭᠤᠷᠢᠭ ᠲᠤ ᠴᠠᠬᠢᠯᠭᠠᠨ ᠬᠥᠳᠡᠯᠭᠡᠭᠦᠷᠲᠦ ᠲᠡᠷᠭᠡᠨ ᠤ ᠵᠤᠭᠰᠤᠭᠠᠯ | ᠪᠠᠶᠢᠬᠤ ᠦᠬᠡᠢ᠂ ᠴᠠᠬᠢᠯᠭᠠᠨ ᠬᠥᠳᠡᠯᠭᠡᠭᠦᠷᠲᠦ ᠲᠡᠷᠭᠡ ᠪᠠᠨ ᠵᠤᠭᠰᠤᠭᠠᠬᠤ ᠨᠢ ᠲᠦᠷᠢᠮᠵᠢᠯ ᠦᠬᠡᠢ᠂ ᠤᠳᠠᠰᠤ | ᠲᠠᠳᠠᠵᠤ ᠴᠠᠬᠢᠯᠭᠠᠨ ᠴᠡᠨᠡᠭᠯᠡᠬᠦ ᠠᠶᠤᠯ ᠲᠠᠢ ᠠᠰᠠᠭᠤᠳᠠᠯ ᠣᠷᠣᠰᠢᠵᠤ ᠪᠠᠶᠢᠭ᠎ᠠ ᠶᠢ ᠤᠯᠵᠤ ᠮᠡᠳᠡᠭᠰᠡᠨ᠂ ᠨᠢᠳᠤᠨᠤᠨ | ᠵᠠᠷᠢᠮ ᠰᠠᠭᠤᠭᠠᠯᠢ ᠲᠣᠭᠤᠷᠢᠭ ᠲᠤ ᠪᠠᠰᠠ ᠭᠠᠯ ᠤᠨ ᠠᠶᠤᠯ ᠭᠠᠷᠴᠤ ᠦᠩᠭᠡᠷᠡᠵᠡᠢ᠂ ᠡᠶᠢᠮᠦ ᠠᠴᠠ ᠡᠨᠡ ᠵᠢᠯ ᠤᠨ ︿ | ᠬᠤᠶᠠᠷ ᠬᠤᠷᠠᠯ﹀ ᠲᠡᠭᠡᠷ᠎ᠡ ᠪᠢ ᠤᠯᠠᠨ ᠲᠦᠮᠡᠨ ᠤ ᠰᠠᠨᠠᠭ᠎ᠠ ᠪᠤᠳᠤᠯ ᠢ ᠲᠤᠰᠬᠠᠵᠤ᠂ ᠡᠨᠡ ᠲᠤᠬᠠᠢ ᠰᠠᠨᠠᠭᠤᠯᠭ᠎ᠠ ᠶᠢ | ᠲᠤᠷᠠᠳᠬᠤ ᠪᠠᠷ ᠪᠠᠶᠢᠭ᠎ᠠ᠂ ᠡᠬᠦᠪᠡᠷ ᠲᠠᠮᠵᠢᠭᠠᠳ ᠲᠠᠶᠢᠹᠤᠰᠧ ᠬᠤᠰᠢᠭᠤᠨ ᠤ ᠠᠮᠤᠷ ᠠᠮᠤᠭᠤᠯᠠᠩ ᠤᠨ | ᠪᠠᠶᠢᠭᠤᠯᠤᠯᠲᠠ ᠳᠤ ᠨᠠᠩ ᠰᠠᠶᠢᠨ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ︾ ᠃ | ᠠᠷᠠᠳ ᠤᠨ ᠲᠥᠯᠥᠭᠡᠯᠡᠭᠴᠢ ᠪᠠᠷ ᠰᠣᠩᠭᠤᠭᠳᠠᠭᠰᠠᠨ ᠠᠴᠠ ᠨᠠᠰᠢ᠂ ᠯᠢᠦ ᠵᠢᠶᠦ᠋ᠨ ᠹᠸᠢ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠵᠣᠬᠢᠶᠠᠨ ᠪᠠᠶᠢᠭᠤᠯᠤᠭᠰᠠᠨ ᠡᠯ᠎ᠡ ᠲᠦᠷᠦᠯ ᠤᠨ ᠬᠤᠷᠠᠯ ᠪᠣᠯᠪᠠᠰᠤᠷᠠᠯ ᠪᠠ | ᠪᠠᠶᠢᠴᠠᠭᠠᠨ ᠰᠤᠳᠤᠯᠤᠯᠲᠠ ᠳᠤ ᠢᠳᠡᠪᠬᠢᠲᠡᠢ ᠤᠷᠤᠯᠴᠠᠬᠤ ᠶᠢᠨ ᠬᠠᠮᠳᠤ᠂ ᠶᠡᠭᠡ ᠬᠤᠷᠠᠯ ᠤᠨ ᠡᠯ᠎ᠡ ᠲᠦᠷᠦᠯ ᠤᠨ | ᠢᠯᠡᠳᠬᠡᠯ ᠮᠡᠳᠡᠬᠦᠯᠦᠯᠳᠡ ᠶᠢ ᠨᠠᠷᠢᠨ ᠬᠢᠨᠠᠮᠠᠭᠠᠢ ᠬᠢᠨᠠᠨ ᠵᠥᠪᠯᠡᠵᠦ᠂ ᠪᠣᠳᠠᠲᠤ ᠪᠠᠶᠢᠳᠠᠯ ᠢᠶᠠᠨ ᠦᠨᠳᠦᠰᠦᠯᠡᠨ ᠰᠠᠨᠠᠯ | ᠰᠠᠨᠠᠭᠤᠯᠭ᠎ᠠ ᠳᠤᠷᠠᠳᠴᠤ᠂ ᠠᠷᠠᠳ ᠲᠦᠮᠡᠨ ᠠᠴᠠ ᠣᠯᠭᠤᠭᠰᠠᠨ ᠡᠷᠬᠡ ᠲᠤᠰᠢᠶᠠᠯ ᠢ ᠰᠠᠶᠢᠨ ᠬᠡᠷᠡᠭᠵᠢᠭᠦᠯᠬᠦ ᠪᠠᠷ | ᠴᠢᠷᠮᠠᠶᠢᠵᠤ ᠢᠷᠡᠵᠡᠢ᠃ ᠯᠢᠦ ᠵᠢᠶᠦ᠋ᠨ ᠹᠧᠢ ᠬᠡᠵᠢᠶᠡᠳᠡ ᠠᠷᠠᠳ ᠤᠨ ᠲᠥᠯᠥᠭᠡᠯᠡᠭᠴᠢ ᠪᠣᠯ ᠨᠢᠭᠡ ᠵᠦᠢᠯ ᠤᠨ ᠢᠷᠠᠭᠤ | ᠠᠯᠳᠠᠷ ᠪᠣᠯᠬᠤ ᠪᠠᠷ ᠪᠠᠷᠠᠬᠤ ᠦᠭᠡᠢ᠂ ᠨᠡᠩ ᠴᠤ ᠨᠢᠬᠡ ᠬᠤᠪᠢ ᠬᠦᠨᠳᠦ ᠬᠠᠷᠢᠭᠤᠴᠠᠯᠭ᠎ᠠ ᠬᠡᠵᠦ ᠦᠵᠡᠳᠡᠭ᠃ | ᠯᠢᠦ ᠵᠢᠶᠦ᠋ᠨ ᠹᠧᠢ ᠄ ︽ᠬᠠᠤᠯᠢᠴᠢ ᠭᠠᠷᠤᠯ ᠲᠠᠢ ᠠᠷᠠᠳ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ | ᠲᠥᠪ ᠭᠤᠣᠯᠴᠢ ᠰᠢᠳᠤᠷᠭᠤ ᠶᠣᠰᠣ ᠶᠢ ᠬᠥᠭᠡᠭᠡᠴᠡᠯᠳᠦᠬᠦ ᠪᠠ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ | ᠲᠤᠰᠬᠠᠬᠤ ᠳᠠᠪᠬᠤᠷ ᠡᠭᠦᠷᠭᠡ ᠶᠢ ᠡᠭᠦᠷᠭᠡᠯᠡᠵᠦ ᠪᠠᠶᠢᠨ᠎ᠠ᠂ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠪᠠᠳᠠᠷᠠᠭᠤᠯᠵᠤ | ᠠᠷᠠᠳ ᠲᠦᠮᠡᠨ ᠤ ᠡᠷᠬᠡ ᠠᠰᠢᠭ ᠢ ᠬᠠᠮᠠᠭᠠᠯᠠᠨ᠂ ᠴᠢᠨᠠᠷ ᠰᠠᠶᠢᠳᠠᠢ ᠰᠠᠨᠠᠯ ᠰᠠᠨᠠᠭᠤᠯᠭ᠎ᠠ ᠶᠢ ᠳᠡᠪᠰᠢᠭᠦᠯᠬᠦ ᠪᠣᠯ ᠮᠢᠨᠦ | ᠡᠬᠦᠷᠭᠡ ᠬᠠᠷᠢᠭᠤᠴᠠᠯᠭ᠎ᠠ ᠮᠥᠨ᠂ ᠰᠠᠨᠠᠯ ᠰᠠᠨᠠᠭᠤᠯᠭ᠎ᠠ ᠶᠢ ᠱᠠᠭᠠᠷᠳᠠᠨ ᠬᠦᠢᠴᠡᠳᠭᠡᠬᠦ ᠶᠠᠪᠤᠴᠠ ᠳᠤ ᠢᠳᠡᠪᠬᠢᠲᠡᠢ | ᠣᠷᠣᠯᠴᠠᠬᠤ ᠪᠣᠯ ᠰᠠᠨᠠᠯ ᠰᠠᠨᠠᠭᠤᠯᠭ᠎ᠠ ᠶᠢ ᠨᠡᠶᠢᠭᠡᠮ ᠤᠨ ᠦᠷ᠎ᠡ ᠪᠦᠲᠦᠭᠡᠯ ᠪᠣᠯᠭᠠᠨ ᠬᠤᠪᠢᠷᠠᠭᠤᠯᠬᠤ ᠴᠢᠬᠤᠯᠠ | ᠪᠠᠲᠤᠯᠠᠭ᠎ᠠ ᠪᠤᠯᠤᠨ᠎ᠠ᠃ ᠮᠢᠨᠦ ᠬᠤᠪᠢ ᠳᠤ᠂ ᠬᠠᠷᠢᠭᠤᠴᠠᠯᠭ᠎ᠠ ᠪᠠ ᠡᠭᠦᠷᠭᠡᠯᠡᠯ ᠢᠶᠠᠨ ᠪᠠᠲᠤ ᠴᠡᠭᠡᠵᠢᠯᠡᠵᠦ᠂ ᠠᠷᠠᠳ | ᠣᠯᠠᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠠᠷᠠᠳ ᠤᠨᠲ᠋ᠥ᠋ᠯᠥᠭᠡᠯᠡᠭᠴᠢ ᠶᠢᠨ ᠡᠭᠦᠷᠭᠡ | ᠬᠠᠷᠢᠭᠤᠴᠠᠯᠭ᠎ᠠ ᠪᠠᠨ ᠦᠢᠯᠡᠳᠦᠯᠬᠡᠵᠢᠬᠦᠯᠬᠦ ᠪᠠᠷ ᠴᠠᠭ ᠢᠮᠠᠭᠳᠠ ᠴᠢᠷᠮᠠᠶᠢᠨ᠎ᠠ︾ ᠃ |