ᠰᠠᠶ᠋ᠢᠬᠠᠨ ᠥᠩᠭᠡᠷᠡᠭᠰᠡᠨ 2024 ᠤᠨ ᠳᠤ᠂ ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ | ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠳᠤᠳᠬᠠᠬᠤ ᠪᠠᠷ ᠭᠤᠣᠯ ᠰᠢᠵᠢᠮ ᠪᠤᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ | ᠬᠤᠭᠤᠴᠠᠭᠠᠨ ᠤ ᠲᠦᠪ ᠬᠤᠷᠢᠶᠠᠨ ᠤ ᠬᠤᠶᠠᠳᠤᠭᠠᠷ ᠪᠦᠬᠦᠳᠡ ᠬᠤᠷᠠᠯ᠂ ᠭᠤᠷᠪᠠᠳᠤᠭᠠᠷ ᠪᠦᠬᠦᠳᠡ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ︽ᠬᠤᠶᠠᠷ ᠶᠡᠭᠡ ᠶᠠᠪᠤᠳᠠᠯ︾ ᠢ ᠰᠠᠶᠢᠨ ᠬᠢᠬᠦ | ᠪᠠ ᠦᠪᠡᠷᠳᠡᠭᠡᠨ ᠵᠠᠰᠠᠬᠤ ᠤᠷᠤᠨ ᠤ ︽ᠰᠢᠨ᠎ᠡ ᠵᠠᠮ ᠨᠡᠭᠡᠭᠡᠨ᠂ ᠲᠤᠮᠳᠠ ᠲᠦᠪᠰᠢᠨ ᠳᠤ ᠬᠦᠷᠬᠦ︾ ᠲᠡᠮᠡᠴᠡᠬᠦ | ᠬᠠᠷᠠᠯᠳᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾ ᠢ ᠲᠦᠷᠭᠡᠳᠬᠡᠨ ᠠᠬᠢᠭᠤᠯᠵᠤ᠂ | ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ | ᠵᠥᠪᠯᠡᠯᠭᠡᠨ ᠤ ᠬᠢᠨᠠᠯᠲᠠ ᠪᠠ ᠳᠡᠮᠵᠢᠯᠭᠡ ᠳᠣᠣᠷ᠎ᠠ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ | ᠲᠦᠮᠡᠨ ᠢ ᠪᠦᠯᠬᠦᠮᠳᠡᠭᠦᠯᠦᠨ ᠲᠠᠭᠠᠭᠤᠯᠵᠤ᠂ ᠬᠦᠴᠢᠷ ᠪᠡᠷᠭᠡᠰᠢᠶᠡᠯ ᠢ ᠲᠠᠪᠠᠨ᠂ ᠦᠨᠡᠨ ᠪᠤᠳᠠᠳᠠᠢ ᠠᠵᠢᠯᠯᠠᠵᠤ᠂ | ᠢᠳᠡᠭᠡᠯ ᠵᠤᠷᠢᠭ ᠲᠠᠢ ᠤᠷᠤᠭᠰᠢᠯᠠᠨ᠂ ᠨᠡᠮᠡᠭᠳᠡᠯ ᠢ ᠲᠤᠭᠳᠠᠪᠤᠷᠢᠵᠢᠭᠤᠯᠬᠤ᠂ ᠪᠦᠳᠦᠴᠡ ᠶᠢ ᠲᠤᠬᠢᠷᠠᠭᠤᠯᠬᠤ᠂ | ᠰᠠᠭᠤᠷᠢ ᠶᠢ ᠴᠢᠩᠭᠠᠳᠬᠠᠬᠤ᠂ ᠦᠬᠡᠷᠡᠴᠢᠯᠡᠯᠳᠡ ᠶᠢ ᠠᠬᠢᠭᠤᠯᠬᠤ᠂ ᠠᠮᠢᠳᠤᠷᠠᠯ ᠢ ᠰᠠᠶᠢᠵᠢᠷᠠᠭᠤᠯᠬᠤ᠂ ᠪᠦᠯᠬᠦᠮᠳᠡᠯ ᠢ | ᠨᠡᠮᠡᠭᠳᠡᠬᠦᠯᠬᠦ᠂ ᠠᠮᠤᠷ ᠲᠤᠭᠳᠠᠭᠤᠨ ᠢ ᠬᠠᠮᠠᠭᠠᠯᠠᠬᠤ ᠶᠢ ᠦᠨᠡᠨᠬᠦ ᠪᠡᠶᠡᠯᠡᠬᠦᠯᠦᠭᠡᠳ᠂ ᠠᠵᠤ ᠠᠬᠤᠢ ᠨᠡᠶᠢᠬᠡᠮ ᠤᠨ | ᠬᠦᠭᠵᠢᠯᠳᠡ ᠰᠢᠨ᠎ᠡ ᠠᠮᠵᠢᠯᠳᠠ ᠪᠦᠳᠦᠮᠵᠢ ᠶᠢ ᠤᠯᠵᠠᠢ᠃ 2024 ᠤᠨ ᠳᠤ᠂ ᠲᠠᠶᠢᠹᠤᠰᠧ ᠬᠤᠰᠢᠭᠤᠨ ᠤ | ᠣᠷᠣᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ 64.9 ᠳ᠋ᠦᠩᠰᠢᠭᠤᠷ ᠲᠥᠭᠦᠷᠢᠭ ᠲᠤ ᠬᠦᠷᠴᠦ 6 | % ᠪᠠᠷ ᠨᠡᠮᠡᠭᠳᠡᠨ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 20.22 ᠳ᠋ᠦᠩᠰᠢᠭᠤᠷ ᠲᠥᠭᠦᠷᠢᠭ ᠲᠤ | ᠬᠦᠷᠴᠦ 9.5 % ᠪᠠᠷ ᠨᠡᠮᠡᠭᠳᠡᠨ᠂ ᠡᠩ ᠤᠨ ᠨᠡᠶᠢᠲᠡ ᠶᠢᠨ ᠲᠥᠰᠥᠪ ᠤᠨ ᠣᠷᠣᠯᠭ᠎ᠠ 3.58 ᠳ᠋ᠦᠩᠰᠢᠭᠤᠷ | ᠲᠥᠭᠦᠷᠢᠭ ᠲᠤ ᠬᠦᠷᠴᠦ 1.5 % ᠪᠠᠷ ᠨᠡᠮᠡᠭᠳᠡᠨ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠶᠡᠷᠦᠩᠬᠡᠢ ᠬᠡᠮᠵᠢᠶ᠎ᠡ 9.53 ᠳ᠋ᠦᠩᠰᠢᠭᠤᠷ ᠲᠥᠭᠦᠷᠢᠭ ᠲᠤ ᠬᠦᠷᠴᠦ 1.5 % ᠪᠠᠷ ᠨᠡᠮᠡᠭᠳᠡᠨ᠂ | ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠲᠤᠬᠢᠷᠠᠭᠤᠯᠵᠤ ᠪᠤᠯᠬᠤᠶᠢᠴᠠ ᠣᠷᠣᠯᠭ᠎ᠠ ᠲᠤᠰᠪᠤᠷᠢ 45432 | ᠲᠥᠭᠦᠷᠢᠭ ᠪᠠ 19136 ᠲᠥᠭᠦᠷᠢᠭ ᠲᠤ ᠬᠦᠷᠴᠦ᠂ 4.1 % ᠪᠠ 8.7 % ᠪᠠᠷ ᠨᠡᠮᠡᠭᠳᠡᠪᠡ᠃ |