ᠲᠠᠶᠢᠹᠤᠰᠧ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠡ ᠲᠤᠭᠳᠠᠭᠤᠨ ᠤ ᠲᠤᠮᠳᠠ ᠰᠠᠶᠢᠵᠢᠷᠠᠵᠤ ᠪᠠᠶᠢᠨ᠎ᠠ
ᠨᠡᠶᠢᠲᠡᠯᠡᠭᠰᠡᠨ ᠴᠠᠭ᠄
2025/1/20
  2024 ᠤᠨ ᠳᠤ᠂ ᠲᠠᠶᠢᠹᠤᠰᠧ ᠬᠤᠰᠢᠭᠤ ᠨᠢ ᠠᠮᠤ ᠪᠤᠳᠠᠭᠠᠨ ᠤ ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂  13.5 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠰᠠᠶᠢᠵᠢᠷᠠᠭᠤᠯᠵᠤ᠂  ᠲᠠᠷᠢᠮᠠᠯ ᠤᠨ ᠲᠠᠯᠠᠪᠠᠢ 158.5 ᠲᠦᠮᠡᠨ ᠮᠦ  ᠂ ᠠᠮᠤ ᠪᠤᠳᠠᠭᠠᠨ ᠤ ᠤᠨᠠᠯᠳᠠ  5.2 ᠳ᠋ᠦᠩᠰᠢᠭᠤᠷ ᠵᠢᠩ ᠳᠤ  ᠬᠦᠷᠴᠡᠢ᠃ ᠲᠦᠬᠦᠭᠡᠷᠦᠮᠵᠢᠳᠦ ᠲᠠᠷᠢᠶᠠᠯᠠᠩ ᠢ ᠲᠦᠷᠭᠡᠳᠬᠡᠨ ᠬᠥᠭᠵᠢᠭᠦᠯᠵᠦ᠂ ᠰᠤᠯᠠ ᠪᠠᠶᠢᠭ᠎ᠠ ᠲᠤᠯᠠᠭᠠᠨ ᠬᠦᠯᠡᠮᠵᠢ ᠶᠢᠨ ᠠᠰᠢᠭᠯᠠᠮᠵᠢ ᠶᠢ ᠠᠬᠢᠭᠤᠯᠬᠤ ᠶᠢᠨ ᠬᠠᠮᠳᠤ᠂ 280 ᠰᠠᠭᠤᠷᠢ ᠢᠳᠡᠰᠢᠨ ᠨᠤᠭᠤᠭᠠᠨ ᠤ ᠰᠠᠷᠠᠪᠴᠢ᠂ 3 ᠰᠠᠭᠤᠷᠢ ᠬᠦᠢᠳᠡᠨ ᠬᠦᠮᠦᠷᠭᠡ ᠶᠢ ᠰᠢᠨ᠎ᠡ ᠪᠠᠷ ᠪᠠᠶᠢᠭᠤᠯᠵᠤ᠂ ︽ᠨᠤᠭᠤᠭᠠᠨ ᠤ ᠰᠠᠭᠰᠤ︾ ᠶᠢᠨ ᠭᠠᠷᠤᠯᠲᠠ ᠶᠢ ᠲᠣᠭᠲᠠᠪᠤᠷᠢᠵᠢᠭᠤᠯᠵᠤ ᠬᠠᠩᠭᠠᠯᠭ᠎ᠠ ᠶᠢ ᠪᠠᠲᠤᠯᠠᠬᠤ ᠴᠢᠳᠠᠪᠤᠷᠢ ᠤᠯᠠᠮ ᠲᠡᠭᠡᠭᠰᠢᠯᠡᠭᠰᠡᠨ ᠪᠠᠶᠢᠨ᠎ᠠ᠃   ᠤᠰᠤᠨ ᠤ ᠡᠬᠢ ᠪᠠᠶᠠᠯᠢᠭ ᠢᠶᠠᠷ ᠠᠵᠤ ᠦᠢᠯᠡᠰ ᠤᠨ ᠬᠦᠭᠵᠢᠯᠳᠡ ᠶᠢ ᠲᠣᠭᠲᠠᠭᠠᠬᠤ ᠶᠢ ᠪᠠᠷᠢᠮᠲᠠᠯᠠᠵᠤ᠂ ᠲᠠᠷᠢᠶᠠᠯᠠᠩ ᠳᠤ ᠭᠡᠷᠡᠭᠯᠡᠬᠦ ᠤᠰᠤᠨ ᠤ ᠰᠦᠢᠳᠬᠡᠯ ᠬᠤᠷᠢᠶᠠᠬᠤ ᠠᠵᠢᠯ ᠢ ᠯᠠᠪᠳᠠᠭᠤᠨ ᠢᠶᠠᠷ ᠠᠬᠢᠭᠤᠯᠪᠠ᠃ ᠪᠤᠤᠴᠠᠩ ᠪᠠᠯᠭᠠᠰᠤᠨ ᠤ ᠢᠳᠡᠰᠢᠨ ᠨᠣᠭᠤᠭ᠎ᠠ ᠬᠠᠳᠠᠭᠠᠯᠠᠬᠤ ᠰᠠᠭᠤᠷᠢᠨ ᠭᠠᠵᠠᠷ ᠤᠨ ᠬᠡᠢ ᠲᠣᠬᠢᠷᠠᠭᠤᠯᠬᠤ ᠬᠥᠮᠥᠷᠭᠡ᠂ ᠵᠦᠩ ᠬᠤᠸᠠ MAP ᠣᠳᠣ ᠦᠶ᠎ᠡ ᠶᠢᠨ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠤᠨ ᠦᠢᠯᠡᠴᠢᠯᠡᠭᠡᠨ ᠤ ᠵᠢᠱᠢᠶ᠎ᠡ ᠦᠵᠡᠭᠦᠯᠬᠦ ᠬᠦᠷᠢᠶᠡᠯᠡᠩ ᠢ ᠠᠰᠢᠭᠯᠠᠯᠲᠠ ᠳᠤ ᠣᠷᠣᠭᠤᠯᠵᠤ᠂ ᠤᠯᠤᠰ ᠤᠨ ᠲᠡᠰ ᠤᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢᠶᠠᠷ ᠠᠮᠵᠢᠯᠲᠠ ᠲᠠᠢ ᠡᠷᠡᠮᠡᠯᠵᠡᠯᠡᠨ ᠮᠡᠳᠡᠭᠦᠯᠪᠡ᠃ ᠣᠳᠣ ᠦᠶ᠎ᠡ ᠶᠢᠨ ᠮᠠᠯ ᠠᠵᠤ ᠠᠬᠤᠢ ᠶᠢᠨ ᠬᠡᠪᠴᠢᠶᠡᠵᠢᠭᠰᠡᠨ ᠬᠥᠭᠵᠢᠯᠲᠡ ᠶᠢ ᠲᠦᠷᠭᠡᠳᠬᠡᠵᠦ᠂  ᠪᠠᠷᠢᠮᠵᠢᠶᠠᠳᠤ ᠮᠠᠯ ᠤᠨ ᠰᠠᠷᠠᠪᠴᠢ 28.9 ᠲᠦᠮᠡᠨ ᠬᠠᠪᠳᠠᠭᠠᠢ ᠳᠥᠷᠪᠡᠯᠵᠢᠨ ᠮᠧᠲᠷ᠂ ᠡᠪᠡᠰᠦ ᠬᠠᠳᠠᠭᠠᠯᠠᠬᠤ ᠰᠠᠷᠠᠪᠴᠢ 16.3 ᠲᠦᠮᠡᠨ ᠬᠠᠪᠳᠠᠭᠠᠢ ᠳᠥᠷᠪᠡᠯᠵᠢᠨ ᠮᠧᠲᠷ᠂ ᠨᠣᠭᠤᠭᠠᠨ ᠳᠠᠷᠤᠰᠢ ᠶᠢᠨ ᠵᠣᠭᠤᠷᠢ 13.6 ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂  ᠰᠠᠶᠢᠨ ᠡᠬᠦᠯᠳᠡᠷ ᠤᠨ ᠮᠢᠬᠠᠨ ᠤ ᠦᠬᠡᠷ 14.8 ᠲᠦᠮᠡ᠂ ᠮᠢᠬᠠᠨ ᠤ ᠬᠤᠨᠢ  29.8 ᠲᠦᠮᠡ ᠳᠤ ᠬᠦᠷᠦᠭᠡᠳ  ᠂ ᠰᠠᠶᠢᠨ ᠡᠭᠦᠯᠳᠡᠷ ᠤᠨ ᠪᠦᠷᠬᠦᠴᠡ 73% ᠳᠤ ᠬᠦᠷᠪᠡ᠃ ᠰᠢᠨ᠎ᠡ ᠬᠡᠯᠪᠡᠷᠢ ᠶᠢᠨ ᠮᠠᠯᠴᠢᠨ ᠲᠠᠷᠢᠶᠠᠴᠢᠨ ᠪᠠ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠭᠤᠤᠯ ᠴᠣᠭᠴᠠ ᠶᠢ ᠪᠤᠶᠢᠵᠢᠭᠤᠯᠬᠤ ᠠᠵᠢᠯ ᠤᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠮᠠᠯᠴᠢᠨ ᠲᠠᠷᠢᠶᠠᠴᠢᠨ ᠤ ᠲᠤᠰᠬᠠᠶ ᠬᠤᠷᠰᠢᠶ᠎ᠠ 1᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ 63 ᠶᠢ ᠰᠢᠨ᠎ᠡ ᠪᠠᠷ ᠪᠠᠶᠢᠭᠤᠯᠤᠨ᠂  ᠣᠷᠣᠨ᠂ ᠠᠶᠢᠮᠠᠭ ᠤᠨ ᠲᠠᠰ ᠤᠨ ᠲᠠᠷᠢᠶᠠᠯᠠᠩ ᠮᠠᠯ ᠠᠵᠤ ᠠᠬᠤᠶ ᠶᠢᠨ ᠲᠠᠭᠠᠭᠤᠯᠤᠭᠴᠢ ᠠᠵᠤ ᠠᠬᠤᠶᠢᠯᠠᠯ 10 ᠪᠤᠯᠵᠤ᠂  ᠲᠤᠰᠬᠠᠢ ᠬᠤᠷᠰᠢᠶ᠎ᠠ 429᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ 1531 ᠪᠤᠯᠵᠠᠢ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ 
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号