ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠲᠦᠷᠢᠮᠵᠢᠯ ᠲᠠᠢ᠂ ᠠᠮᠤᠷ ᠲᠦᠪᠰᠢᠨ ᠢᠶᠠᠷ | ᠰᠤᠷᠭᠠᠭᠤᠯᠢ ᠡᠷᠭᠢᠯᠡᠬᠦ ᠶᠢ ᠪᠠᠲᠤᠯᠠᠵᠤ᠂ ᠥᠷᠭᠡᠨ ᠣᠯᠠᠨ ᠰᠤᠷᠤᠭᠴᠢᠳ ᠪᠠ ᠬᠡᠷ ᠤᠨ ᠠᠬᠠᠮᠠᠳ ᠤᠨ ᠬᠠᠤᠯᠢ | ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ᠂ 1 ᠰᠠᠷ᠎ᠠ ᠶᠢᠨ 16 ᠤ ᠡᠳᠦᠷ ᠲᠠᠶᠢᠹᠤᠰᠧ ᠬᠤᠰᠢᠭᠤᠨ ᠤ | ᠰᠤᠷᠭᠠᠨ ᠬᠥᠮᠦᠵᠢᠯ ᠤᠨ ᠲᠣᠪᠴᠢᠶ᠎ᠠ ᠨᠢ ᠬᠤᠰᠢᠭᠤᠨ ᠤ ᠰᠣᠶᠣᠯ ᠲᠠᠮᠢᠷ ᠤᠨ ᠲᠣᠪᠴᠢᠶ᠎ᠠ᠂ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠭᠠᠯ ᠤᠨᠲᠠᠷᠠᠭᠠᠬᠤ | ᠠᠪᠤᠷᠠᠨ ᠲᠤᠰᠠᠯᠠᠬᠤ ᠶᠡᠭᠡ ᠠᠩᠭᠢ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠪᠠᠶᠢᠴᠠᠭᠠᠬᠤ ᠳᠤᠭᠤᠶᠢᠯᠠᠩ | ᠪᠠᠶᠢᠭᠤᠯᠵᠤ᠂ ᠬᠠᠷᠢᠶ᠎ᠠ ᠣᠷᠣᠨ ᠤ ᠪᠠᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠳᠤ | ᠭᠦᠨᠵᠡᠭᠡᠶᠢᠷᠡᠨ ᠲᠤᠰᠬᠠᠶ ᠪᠠᠶᠢᠴᠠᠭᠠᠯᠲᠠ ᠬᠢᠵᠡᠢ᠃ ᠪᠠᠶᠢᠴᠠᠭᠠᠬᠤ ᠳᠤᠭᠤᠶᠢᠯᠠᠩ ᠤᠨ ᠬᠢᠨ ᠲᠤᠬᠠᠶ ᠶᠢᠨ ᠭᠠᠵᠠᠷ ᠲᠤᠨᠢ | ᠪᠠᠶᠢᠴᠠᠭᠠᠨ ᠦᠵᠡᠬᠦ᠂ ᠬᠠᠮᠢᠶ᠎ᠠ ᠪᠥᠬᠦᠶ ᠬᠥᠮᠦᠰ ᠲᠠᠢ ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠰᠤᠷᠭᠠᠭᠤᠯᠢ ᠶᠢᠨ | ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠭᠠᠯ ᠰᠡᠷᠭᠡᠶᠢᠯᠡᠬᠦ ᠠᠵᠢᠯ᠂ ᠪᠤᠯᠪᠠᠰᠤᠷᠠᠯ ᠡᠷᠬᠢᠯᠡᠬᠦ ᠬᠢᠷᠢ ᠬᠡᠮ᠂ | ᠰᠦᠢᠳᠬᠡᠯ ᠬᠤᠷᠢᠶᠠᠭᠰᠠᠨ ᠪᠠᠶᠢᠳᠠᠯ᠂ ᠲᠤᠨᠤᠭ ᠲᠦᠬᠦᠭᠡᠷᠦᠮᠵᠢ ᠶᠢᠨ ᠠᠮᠤᠷ ᠲᠦᠪᠰᠢᠨ ᠵᠡᠷᠭᠡ ᠳᠤ ᠪᠥᠬᠦ ᠲᠠᠯ᠎ᠠ ᠶᠢᠨ | ᠪᠠᠶᠢᠴᠠᠭᠠᠯᠲᠠ ᠬᠢᠭᠰᠡᠨ ᠤ ᠬᠠᠮᠲᠤ᠂ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠢ ᠲᠡᠷᠡ | ᠳᠠᠷᠤᠶ ᠳᠤᠨᠢ ᠴᠡᠭᠴᠡᠯᠡᠨ ᠰᠠᠶᠢᠵᠢᠷᠠᠭᠤᠯᠵᠤ᠂ ᠠᠮᠠᠷᠠᠯᠲᠠ ᠶᠢᠨ ᠬᠤᠭᠤᠴᠠᠭᠠᠨ ᠤ ᠠᠮᠤᠷ ᠲᠦᠪᠰᠢᠨ ᠤ | ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠶ ᠭᠡᠵᠦ ᠱᠠᠭᠠᠷᠳᠠᠪᠠ᠃ ᠲᠠᠷᠠᠭᠠᠴᠢ ᠶᠢᠨ ᠠᠯᠬᠤᠮ ᠳᠤ᠂ | ᠰᠤᠷᠭᠠᠨ ᠬᠥᠮᠦᠵᠢᠯ ᠤᠨ ᠲᠣᠪᠴᠢᠶ᠎ᠠ ᠨᠢ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ︽ᠡᠷᠬᠢᠨ ᠬᠠᠷᠠᠬᠤ︾ | ᠠᠵᠢᠯ ᠢ ᠥᠷᠨᠢᠭᠦᠯᠵᠦ᠂ ᠬᠢᠨᠠᠨ ᠪᠠᠶᠢᠴᠠᠭᠠᠬᠤ ᠡᠷᠴᠢᠮ ᠢᠶᠠᠨ ᠤᠯᠠᠮ ᠴᠢᠩᠭᠠᠷᠠᠭᠤᠯᠤᠨ᠂ ᠰᠤᠷᠭᠠᠭᠤᠯᠢ ᠶᠢᠨ | ᠭᠠᠳᠠᠨᠠᠬᠢ ᠪᠣᠯᠪᠠᠰᠤᠷᠠᠯ ᠤᠨ ᠵᠠᠰᠠᠯᠲᠠ ᠶᠢᠨ ᠠᠵᠢᠯ ᠢ ᠪᠦᠲᠦᠮᠵᠢᠲᠡᠶ ᠦᠷᠨᠢᠬᠦᠯᠵᠦ᠂ ᠪᠦᠬᠦ ᠬᠤᠰᠢᠭᠤᠨ ᠤ ᠳᠤᠮᠳᠠᠳᠤ | ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠠᠮᠤᠷ ᠲᠦᠪᠰᠢᠨ᠂ ᠪᠠᠶᠠᠷ ᠬᠥᠷ ᠲᠠᠢ ᠠᠮᠠᠷᠠᠯᠲᠠ ᠶᠢᠨ ᠬᠤᠭᠤᠴᠠᠭ᠎ᠠ | ᠪᠠᠨ ᠦᠩᠬᠡᠷᠡᠬᠦᠯᠬᠦ ᠶᠢ ᠦᠨᠡᠨ ᠬᠦ ᠪᠠᠳᠤᠯᠠᠬᠤ ᠪᠠᠷ ᠪᠠᠶᠢᠨ᠎ᠠ᠃ |