ᠬᠡᠪ ᠵᠠᠩᠰᠢᠯ ᠤᠨ ᠦᠬᠡᠷᠡᠴᠢᠯᠡᠯᠳᠡ ᠶᠢᠨ ᠰᠢᠨ᠎ᠡ ᠠᠷᠭ᠎ᠠ ᠶᠢ ᠰᠡᠳᠬᠢᠵᠦ  ᠬᠦᠳᠡᠭᠡ ᠲᠤᠰᠬᠤᠨ ᠤ ᠪᠤᠯᠪᠠᠰᠤᠨ ᠤ ᠰᠢᠨ᠎ᠡ ᠬᠠᠭᠤᠳᠠᠰᠤ ᠶᠢ ᠪᠢᠴᠢᠭᠯᠡᠨ᠎ᠡ
ᠨᠡᠶᠢᠲᠡᠯᠡᠭᠰᠡᠨ ᠴᠠᠭ᠄
2025/1/22
  ᠤᠶᠢᠷ᠎ᠠ ᠶᠢᠨ ᠵᠢᠯ ᠳᠤ᠂  ᠲᠠᠶᠢᠹᠤᠰᠧ ᠬᠤᠰᠢᠭᠤ ᠨᠢ ᠬᠡᠪ ᠵᠠᠩᠰᠢᠯ ᠤᠨ ᠦᠬᠡᠷᠡᠴᠢᠯᠡᠯᠳᠡ ᠶᠢ ᠣᠶᠤᠨ ᠤ ᠪᠣᠯᠪᠠᠰᠤᠨ ᠤ ᠪᠠᠶᠢᠭᠤᠯᠤᠯᠳᠠ ᠶᠢᠨ ᠴᠢᠬᠤᠯᠠ ᠠᠭᠤᠯᠭ᠎ᠠ ᠪᠣᠯᠭᠠᠵᠤ᠂  ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠦᠢᠯᠡᠳᠦᠯᠬᠡᠵᠢᠬᠦᠯᠬᠦ ᠪᠠᠷ ᠵᠢᠯᠣᠭᠤᠳᠤᠮᠵᠢ ᠪᠤᠯᠭᠠᠨ᠂ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠠᠷᠭ᠎ᠠ ᠬᠡᠯᠪᠡᠷᠢ ᠪᠠᠷ ᠤᠬᠠᠭᠤᠯᠭ᠎ᠠ ᠶᠢᠨ ᠠᠵᠢᠯ ᠢ ᠠᠬᠢᠭᠤᠯᠵᠤ᠂ ᠡᠷᠴᠢᠮ ᠲᠠᠢ ᠣᠨᠴᠠᠯᠢᠭ ᠲᠠᠢ ᠬᠡᠪ  ᠵᠠᠩᠰᠢᠯ ᠤᠨ  ᠦᠬᠡᠷᠡᠴᠢᠯᠡᠯᠳᠡ ᠶᠢᠨ ᠠᠵᠢᠯᠯᠠᠭ᠎ᠠ  ᠶᠢ ᠦᠷᠨᠢᠬᠦᠯᠦᠨ᠂ ᠪᠤᠯᠪᠠᠰᠤᠨ ᠰᠢᠨ᠎ᠡ ᠰᠤᠷᠲᠠᠯ ᠢ ᠲᠦᠭ ᠲᠦᠮᠡᠨ ᠠᠶᠢᠯ ᠡᠷᠦᠬᠡ ᠳᠤ ᠤᠷᠤᠭᠤᠯᠵᠤ ᠪᠤᠢ᠃ ᠲᠤᠭ ᠮᠠᠨᠳᠤᠭᠤᠯᠬᠤ ᠶᠣᠰᠣᠯᠠᠯ᠂ ᠲᠣᠰᠬᠤᠨ ᠤ ᠠᠷᠠᠳ ᠤᠨ ᠬᠤᠷᠠᠯ᠂ ᠺᠢᠨᠣ᠋ ᠵᠦᠴᠦᠭᠡ᠂ ᠤᠷᠠᠨ ᠰᠠᠶᠢᠬᠠᠨ ᠤ ᠲᠣᠭᠯᠠᠯᠲᠠ ᠵᠡᠷᠭᠡ ᠲᠠᠢ ᠤᠶᠠᠯᠳᠤᠭᠤᠯᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠦᠷᠨᠢᠬᠦᠯᠵᠦ᠂ ᠤᠯᠠᠨ ᠲᠦᠮᠡᠨ ᠲᠠᠢ ᠣᠶᠢᠷᠠᠲᠤᠭᠰᠠᠨ ᠦᠭᠡ ᠬᠡᠯᠡ ᠪᠠ ᠳᠡᠷᠭᠡᠳᠡᠬᠢ ᠨᠡᠶᠢᠲᠡᠯᠢᠭ ᠵᠢᠱᠢᠶ᠎ᠡ ᠪᠠᠷ ᠬᠡᠪ ᠵᠠᠩᠰᠢᠯ ᠢ ᠥᠭᠡᠷᠡᠴᠢᠯᠡᠬᠦ ᠶᠢᠨ ᠴᠢᠬᠤᠯᠠ ᠴᠢᠨᠠᠷ ᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠲᠠᠨᠢᠯᠴᠠᠭᠤᠯᠵᠤ᠂ ᠤᠯᠠᠨ ᠲᠦᠮᠡᠨ ᠤ ᠣᠷᠣᠯᠴᠠᠬᠤ ᠬᠡᠮᠵᠢᠶ᠎ᠡ ᠪᠠ ᠬᠦᠯᠢᠶᠡᠨ ᠠᠪᠬᠤ ᠬᠡᠮᠵᠢᠶ᠎ᠡ ᠶᠢ ᠳᠡᠭᠡᠭᠰᠢᠯᠡᠭᠦᠯᠵᠦ᠂  ᠡᠷᠡᠬᠦᠯ ᠪᠣᠯᠪᠠᠰᠤᠨ᠂ ᠰᠢᠨᠵᠢᠯᠡᠬᠦ ᠤᠬᠠᠭᠠᠨᠴᠢ ᠠᠮᠢᠳᠤᠷᠠᠯ ᠤᠨ ᠠᠷᠭ᠎ᠠ ᠬᠡᠯᠪᠡᠷᠢ ᠶᠢ ᠦᠢᠯᠡᠳᠦᠯᠭᠡᠵᠢᠭᠦᠯᠬᠦ ᠶᠢ ᠤᠷᠢᠶᠠᠯᠠᠭᠰᠠᠨ ᠪᠠᠶᠢᠨ᠎ᠠ᠃  ᠡᠨᠡ ᠮᠡᠳᠦ ᠪᠠᠷ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠨᠡᠶᠢᠲᠡ 487 ᠤᠳᠠᠭ᠎ᠠ ᠥᠷᠨᠢᠭᠦᠯᠵᠦ᠂ 1.23 ᠲᠦᠮᠡ ᠭᠠᠷᠤᠶ ᠬᠥᠮᠦᠨ ᠤᠳᠠᠭ᠎ᠠ ᠶᠢ ᠬᠠᠮᠤᠷᠴᠠᠶ᠃  ︽ᠪᠦᠳᠦᠬᠦᠯᠢᠭ ᠬᠡᠪ ᠵᠠᠩᠰᠢᠯ ᠢ ᠦᠭᠡᠷᠡᠴᠢᠯᠡᠵᠤ ᠪᠣᠯᠪᠠᠰᠤᠨ ᠰᠢᠨ᠎ᠡ ᠰᠤᠷᠲᠠᠯ ᠢ ᠲᠡᠯᠬᠡᠷᠡᠬᠦᠯᠬᠦ︾ ᠤᠷᠠᠨ ᠰᠠᠶᠢᠬᠠᠨ ᠤ ᠲᠣᠭᠯᠠᠯᠲᠠ᠂ ᠦᠨᠡᠨᠴᠢ ᠢᠲᠡᠭᠡᠮᠵᠢ ᠶᠢᠨ ᠭᠤᠤᠯ ᠰᠡᠳᠦᠪᠲᠦ ᠦᠳᠡᠰᠢᠯᠡᠭᠡ᠂ ᠬᠡᠪ ᠵᠠᠩᠰᠢᠯ ᠢ ᠥᠭᠡᠷᠡᠴᠢᠯᠡᠬᠦ ᠲᠠᠶᠢᠰᠠᠨ ᠤ ᠵᠦᠴᠦᠭᠡ ᠵᠡᠷᠭᠡ ᠶᠢ ᠡᠷᠬᠢᠯᠡᠬᠦ ᠪᠠᠷ ᠲᠠᠮᠵᠢᠭᠠᠳ᠂  8000 ᠭᠠᠷᠤᠶ ᠬᠥᠮᠦᠨ ᠤᠳᠠᠭ᠎ᠠ ᠶᠢ ᠬᠠᠮᠤᠷᠤᠭᠰᠠᠨ ᠪᠦᠭᠡᠳ ᠤᠯᠠᠭᠠᠨᠮᠥ᠋ᠴᠢᠷ ᠤᠨ ︽ᠪᠠᠶᠠᠷ ᠪᠠᠶᠠᠰᠤᠯ  ᠪᠠ ᠪᠣᠯᠪᠠᠰᠤᠨ ᠢ ᠬᠦᠷᠭᠡᠬᠦ︾  ᠲᠣᠭᠯᠠᠯᠲᠠ ᠶᠢ 102 ᠲᠠᠯᠠᠪᠤᠷ ᠥᠷᠨᠢᠭᠦᠯᠵᠦ᠂ 6.2 ᠲᠦᠮᠡ ᠭᠠᠷᠤᠶ ᠬᠥᠮᠦᠨ ᠤᠳᠠᠭ᠎ᠠ ᠳᠤ ᠦᠢᠯᠡᠴᠢᠯᠡᠭᠡᠳ᠂  ᠪᠤᠯᠪᠠᠰᠤᠨ ᠵᠠᠩ ᠳᠠᠳᠬᠠᠯ᠂ ᠰᠢᠨ᠎ᠡ ᠬᠡᠪ ᠰᠤᠷᠲᠠᠯ ᠢ ᠪᠤᠢ ᠪᠣᠯᠭᠠᠬᠤ ᠶᠢ  ᠠᠬᠢᠭᠤᠯᠪᠠ᠃  ᠣᠯᠠᠨ ᠲᠦᠮᠡᠨ ᠢ ᠵᠢᠯᠣᠭᠤᠳᠴᠤ᠂ ᠤᠯᠠᠭᠠᠨ ᠴᠠᠭᠠᠨ ᠤ ᠶᠠᠪᠤᠳᠠᠯ ᠢ ᠶᠡᠭᠡ ᠪᠠᠷ ᠦᠢᠯᠡᠳᠬᠦ᠂ ᠬᠠᠷᠢᠯᠴᠠᠨ ᠠᠳᠠᠯᠢᠳᠬᠠᠬᠤ᠂ ᠯᠠᠷᠵᠢᠶ᠎ᠠ ᠲᠠᠲᠠᠬᠤ᠂  ᠪᠦᠷᠢᠯᠭᠡᠨ ᠰᠦᠢᠳᠭᠡᠬᠦ ᠵᠡᠷᠭᠡ ᠮᠠᠭᠤ ᠰᠤᠷᠲᠠᠯ ᠢ ᠲᠠᠶᠠᠭᠳᠠᠭᠤᠯᠵᠤ᠂  ᠣᠯᠠᠨ ᠲᠦᠮᠡᠨ ᠤ ᠬᠡᠪ ᠵᠠᠩᠰᠢᠯ ᠤᠨ ᠦᠬᠡᠷᠡᠴᠢᠯᠡᠯᠳᠡ ᠳᠤ ᠣᠷᠣᠯᠴᠠᠬᠤ ᠬᠠᠯᠠᠭᠤᠨ ᠰᠡᠳᠬᠢᠯᠭᠡ ᠶᠢ ᠬᠦᠭᠵᠢᠭᠡᠭᠰᠡᠨ ᠪᠠᠶᠢᠨ᠎ᠠ᠃ ᠡᠬᠦᠨ ᠤ ᠬᠠᠮᠳᠤ᠂ ᠪᠥᠬᠦ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠨᠦᠭᠦᠳ ᠨᠢ ︽ᠪᠣᠯᠪᠠᠰᠤᠨ ᠪᠦᠯᠬᠦᠮᠳᠡᠯᠳᠦ ᠴᠢᠯᠦᠭᠡᠳᠦ ᠳᠡᠯᠭᠡᠭᠦᠷ︾ ᠤᠨ ᠬᠤᠪᠢ ᠬᠤᠷᠠᠮᠳᠤᠭᠤᠯᠬᠤ ᠠᠭᠤᠯᠭ᠎ᠠ ᠳᠠᠭᠠᠨ ᠭᠡᠪ ᠵᠠᠩᠰᠢᠯ ᠤᠨ ᠦᠬᠡᠷᠡᠴᠢᠯᠡᠯᠳᠡ ᠶᠢ ᠤᠷᠤᠭᠤᠯᠤᠭᠠᠳ᠂ ᠤᠳᠤ ᠪᠣᠯᠲᠠᠯ᠎ᠠ ᠨᠡᠶᠢᠲᠡ 9505 ᠡᠷᠦᠬᠡ ︵ᠤᠳᠠᠭ᠎ᠠ︶ ᠬᠤᠪᠢ ᠬᠤᠷᠠᠮᠳᠤᠭᠤᠯᠬᠤ ᠠᠵᠢᠯᠯᠠᠭ᠎ᠠ ᠳᠤ ᠣᠷᠣᠯᠴᠠᠵᠤ᠂ ᠨᠡᠶᠢᠲᠡ 149 ᠲᠦᠮᠡ ᠭᠠᠷᠤᠶ ᠬᠤᠪᠢ ᠬᠤᠷᠠᠮᠳᠤᠭᠤᠯᠵᠤ᠂ 54 ᠲᠦᠮᠡ ᠭᠠᠷᠤᠶ ᠲᠥᠭᠦᠷᠢᠭ ᠤᠨ ᠥᠷᠲᠡᠭ ᠪᠥᠬᠦᠶ ᠪᠠᠷᠠᠭ᠎ᠠ ᠲᠠᠸᠠᠷ ᠢ ᠰᠤᠯᠢᠭᠰᠠᠨ ᠪᠠᠶᠢᠨ᠎ᠠ᠃  ᠡᠨᠡ ᠨᠢ ᠦᠨᠳᠦᠰᠦᠨ ᠱᠠᠲᠤᠨ ᠤ ᠣᠯᠠᠨ ᠲᠦᠮᠡᠨ ᠤ ᠳᠣᠲᠣᠭᠠᠳᠤ ᠬᠥᠳᠡᠯᠭᠡᠬᠦ ᠬᠦᠴᠦᠨ ᠪᠠ ᠡᠵᠡᠨ ᠬᠥᠮᠦᠨ ᠤ ᠦᠵᠡᠯ ᠤᠬᠠᠮᠰᠠᠷ ᠢ ᠨᠡᠮᠡᠭᠳᠡᠬᠦᠯᠵᠦ᠂  ᠠᠷᠠᠳ ᠤᠯᠠᠨ ︽ᠬᠠᠷᠠᠵᠤ ᠰᠠᠭᠤᠳᠠᠭ︾ ᠪᠠᠶᠢᠭᠰᠠᠨ ᠠᠴᠠ ︽ᠭᠠᠪᠰᠢᠭᠠᠶᠢᠯᠠᠨ ᠤᠷᠤᠯᠴᠠᠬᠤ︾ ᠪᠤᠯᠵᠠᠭᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号