ᠴᠢᠶᠠᠨ ᠶᠢᠨ ᠭᠸᠤ ᠪᠠᠯᠭᠠᠰᠤ ︽ᠦᠨᠳᠦᠰᠦᠲᠡᠨ ᠨᠦᠭᠦᠳ ᠨᠢᠬᠳᠠᠷᠠᠨ ᠪᠦᠯᠬᠦᠮᠳᠡᠵᠦ ᠦᠯᠵᠡᠢ ᠪᠡᠯᠭᠡᠳᠦ ᠴᠠᠭᠠᠨ ᠰᠠᠷ᠎ᠠ ᠪᠠᠨ ᠤᠭᠲᠤᠬᠤ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/22
  ᠠᠷᠠᠳ ᠣᠯᠠᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠤᠭᠤᠷᠣᠨᠳᠣᠬᠢ ᠰᠣᠯᠢᠯᠴᠠᠭ᠎ᠠ ᠨᠡᠪᠲᠡᠷᠡᠯᠴᠡᠭᠡ ᠶᠢ ᠨᠡᠮᠡᠭᠳᠡᠭᠦᠯᠬᠦ ᠶᠢᠨ ᠲᠥᠯᠥᠭᠡ᠂ ᠣᠶᠢᠷ᠎ᠠ ᠳᠤ ᠴᠢᠶᠠᠨ ᠶᠢᠨ ᠭᠸᠦ ᠪᠠᠯᠭᠠᠰᠤᠨ ᠤ ︽ᠦᠨᠳᠦᠰᠦᠲᠡᠨ ᠨᠦᠭᠦᠳ ᠨᠢᠬᠳᠠᠷᠠᠨ ᠪᠦᠯᠬᠦᠮᠳᠡᠵᠦ ᠦᠯᠵᠡᠢ ᠪᠡᠯᠭᠡᠳᠦ ᠴᠠᠭᠠᠨ ᠰᠠᠷ᠎ᠠ ᠪᠠᠨ ᠤᠭᠲᠤᠬᠤ︾ ᠠᠵᠢᠯᠯᠠᠭ᠎ᠠ ᠥᠷᠨᠢᠭᠦᠯᠵᠦ᠂ ᠣᠯᠠᠨ ᠲᠦᠮᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠠ ᠵᠥᠩᠨᠡᠯ ᠲᠡᠪᠰᠢᠬᠦᠯᠦᠨ᠂  ᠪᠠᠶᠠᠷ ᠤᠨ ᠡᠳᠦᠷ ᠤᠨ ᠠᠭᠤᠷ ᠠᠮᠢᠰᠬᠤᠯ ᠢ ᠦᠳᠭᠡᠷᠡᠬᠦᠯᠵᠡᠢ᠃ ᠳ᠋ᠠ ᠭᠧ ᠳ᠋ᠦᠩ ᠲᠣᠰᠬᠤᠨ ᠪᠣᠯᠤᠨ ᠰᠢ ᠱᠠᠨ ᠫᠦᠸᠧ ᠲᠣᠰᠬᠤᠨ ᠤ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠠ ᠲᠣᠰᠬᠤᠨ ᠤ ᠬᠤᠶᠠᠷ ᠵᠥᠪᠯᠡᠯ ᠤᠨ ᠭᠡᠰᠢᠭᠦᠳ ᠨᠢ  ᠲᠣᠰᠬᠤᠨ ᠤ ᠠᠷᠠᠳ ᠢ ᠵᠤᠬᠢᠶᠠᠨ ᠪᠠᠶᠢᠭᠤᠯᠵᠤ ᠭᠤᠶᠢᠳᠠ ᠰᠠᠶᠢᠬᠠᠨ ᠰᠣᠶᠣᠯ ᠴᠡᠩᠬᠡᠬᠦᠨ ᠤ ᠠᠵᠢᠯᠯᠠᠭ᠎ᠠ ᠶᠢ ᠦᠷᠨᠢᠬᠦᠯᠦᠨ᠂ ᠰᠢᠳᠠᠷ᠎ᠠ ᠬᠦᠵᠦᠷ ᠤᠨ ᠤᠷᠤᠯᠳᠤᠭᠠᠨ ᠵᠡᠷᠭᠡ ᠨᠠᠭᠠᠳᠤᠮ ᠤᠨ ᠲᠦᠷᠦᠯ  ᠢ ᠨᠠᠷᠢᠨ ᠨᠢᠮᠪᠠᠢ ᠪᠡᠯᠡᠳᠬᠡᠭᠰᠡᠨ ᠢᠶᠠᠷ ᠪᠠᠷᠠᠬᠤ ᠦᠭᠡᠢ᠂ ᠪᠠᠰᠠ ᠲᠣᠰᠬᠤᠨ ᠤ ᠠᠷᠠᠳ ᠤᠨ ᠰᠠᠶᠢᠨ ᠳᠤᠷ᠎ᠠ ᠠᠴᠠ ᠪᠠᠨ ᠪᠡᠯᠡᠳᠭᠡᠭᠰᠡᠨ ᠳᠠᠭᠤᠤ ᠪᠥᠵᠢᠭ ᠵᠡᠷᠭᠡ ᠤᠷᠠᠨ ᠰᠠᠶᠢᠬᠠᠨ ᠤ ᠲᠣᠭᠯᠠᠯᠲᠠ ᠶᠢ ᠬᠠᠷᠠᠭᠤᠯᠵᠤ᠂  ᠠᠷᠠᠳ ᠤᠯᠠᠨ ᠤ ᠥᠭᠡᠳᠡᠯᠡᠨ ᠲᠠᠪᠰᠢᠬᠤ᠂ ᠪᠦᠯᠬᠦᠮᠳᠡᠨ ᠤᠷᠤᠭᠰᠢᠯᠠᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠠᠮᠢᠳᠤᠯᠢᠭ ᠢᠶᠠᠷ ᠢᠯᠡᠷᠡᠬᠦᠯᠦᠭᠰᠡᠨ ᠪᠠᠶᠢᠨ᠎ᠠ  ᠃ ᠪᠠᠯᠭᠠᠰᠤᠨ ᠤ ᠨᠢᠭᠡᠳᠦᠮᠡᠯ ᠹᠷᠣᠨᠲ ᠤᠨ ᠭᠡᠰᠢᠭᠦᠨ ᠯᠢ ᠵᠢᠶᠦ᠋ᠨ ᠵᠡᠷᠭᠡ ᠬᠦᠮᠦᠰ ᠠᠮᠢᠳᠤᠷᠠᠯ ᠨᠢ ᠬᠦᠴᠢᠷᠳᠡᠯᠲᠡᠢ ᠤᠯᠠᠨ ᠲᠦᠮᠡᠨ ᠪᠣᠯᠤᠨ ᠠᠬᠠᠮᠠᠳ ᠨᠠᠮ ᠤᠨ ᠭᠡᠰᠢᠭᠦᠨ ᠤ ᠭᠡᠷ ᠲᠤ ᠭᠦᠨᠵᠡᠭᠡᠶᠢᠷᠡᠵᠤ᠂ ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠵᠥᠩᠨᠡᠯ ᠢ ᠲᠡᠪᠰᠢᠬᠦᠯᠬᠦ ᠶᠢᠨ ᠬᠠᠮᠳᠤ᠂ ᠬᠦᠴᠢᠷᠳᠡᠯᠲᠡᠢ ᠤᠯᠠᠨ ᠲᠦᠮᠡᠨ ᠤ ᠡᠷᠡᠭᠦᠯ ᠮᠡᠨᠳᠦ ᠶᠢᠨ ᠪᠠᠶᠢᠳᠠᠯ ᠪᠣᠯᠤᠨ ᠭᠡᠷ ᠪᠦᠯᠢ ᠶᠢᠨ ᠪᠠᠶᠢᠳᠠᠯ ᠢ ᠨᠢ ᠠᠰᠠᠭᠤᠨ ᠯᠠᠪᠯᠠᠵᠤ᠂ ᠲᠡᠳᠡᠨ ᠤ ᠢᠲᠡᠭᠡᠯ ᠵᠣᠷᠢᠭ ᠢᠶᠠᠨ ᠬᠦᠪᠴᠢᠯᠡᠨ᠂ ᠬᠦᠴᠢᠷ ᠪᠡᠷᠬᠡᠰᠢᠶᠡᠯ ᠢ ᠳᠠᠪᠠᠭ᠋ᠤ ᠶᠢ ᠵᠣᠷᠢᠭᠵᠢᠭᠤᠯᠵᠤ᠂  ᠨᠠᠮ ᠵᠠᠰᠠᠭ ᠤᠨ ᠬᠠᠶᠢᠷ᠎ᠠ ᠬᠠᠯᠠᠮᠵᠢ ᠶᠢ ᠬᠦᠷᠭᠡᠪᠡ  ᠃ ᠪᠤᠰᠤᠳ ᠲᠣᠰᠬᠤᠨ ᠨᠤᠭᠤᠳ ᠴᠤ    ᠴᠠᠭᠠᠨ ᠰᠠᠷ᠎ᠠ ᠪᠠᠨ ᠤᠭᠳᠤᠨ ᠪᠡᠯᠭᠡᠯᠡᠬᠦ ᠪᠠ ᠬᠦᠴᠢᠷᠳᠡᠯᠳᠡᠢ ᠠᠷᠠᠳ ᠢ ᠬᠠᠯᠠᠮᠵᠢᠯᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠠᠷᠠᠳ ᠤᠯᠠᠨ  ᠤ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠤᠯᠠᠮ ᠪᠠᠶᠠᠯᠢᠬᠵᠢᠭᠤᠯᠤᠨ᠂  ᠠᠷᠠᠳ ᠤᠯᠠᠨ ᠳᠤ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠮᠡᠳᠡᠷᠡᠭᠦᠯᠵᠦ᠂ ᠤᠯᠠᠨ ᠲᠦᠮᠡᠨ ᠤ ᠠᠵᠠ ᠵᠢᠷᠭᠠᠯ ᠤᠨ ᠲᠦᠷᠦᠭᠳᠡᠯ ᠪᠣᠯᠤᠨ  ᠤᠯᠤᠯᠳᠠ ᠬᠦᠷᠲᠡᠮᠵᠢ ᠶᠢᠨ ᠲᠦᠷᠦᠭᠳᠡᠯ ᠢ ᠨᠡᠮᠡᠭᠳᠡᠬᠦᠯᠦᠨ᠂ ᠪᠣᠯᠪᠠᠰᠤᠨ  ᠰᠠᠶᠢᠬᠠᠨ ᠡᠶ᠎ᠡ ᠵᠣᠬᠢᠴᠠᠩᠭᠤᠢ ᠬᠥᠳᠡᠭᠡ ᠲᠣᠰᠬᠤᠨ ᠤ ᠰᠢᠨ᠎ᠡ ᠬᠡᠪ ᠰᠤᠷᠲᠠᠯ ᠢ ᠪᠤᠢ ᠪᠤᠯᠭᠠᠭᠰᠠᠨ ᠪᠠᠶᠢᠨ᠎ᠠ᠃
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号